365bet网上娱乐场_365双试投注是什么_365bet正网开户人民政府蒙古文网站 365bet网上娱乐场_365双试投注是什么_365bet正网开户

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠵᠠᠰᠠᠭ ᠤᠨ ᠤᠷᠳᠤᠨ ᠤ ᠠᠵᠢᠯ ᠤᠨ ᠢᠯᠡᠳᠬᠡᠯ
        ᠨᠡᠶᠢᠲᠡᠯᠡᠭᠰᠡᠨ ᠴᠠᠭ᠄
        2018/5/16
             — 2012 ᠤᠨ  ᠤ 1 ᠳ᠋ᠤᠭᠡᠷ ᠰᠠᠷ᠎ᠠ ᠶᠢᠨ 13 ᠎ ᠤ ᠡᠳᠦᠷ ᠤᠷᠳᠤᠰ ᠬᠤᠳᠠ ᠶᠢᠨ          ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ          ᠵᠢᠷᠭᠤᠳᠤᠭᠠᠷ ᠤᠳᠠᠭᠠᠨ ᠤ ᠬᠤᠷᠠᠯᠳᠤᠭᠠᠨ ᠲᠡᠭᠡᠷ᠎ᠠ                     ᠤᠷᠳᠤᠰ ᠬᠤᠳᠠ ᠶᠢᠨ ᠤᠷᠤᠯᠠᠭᠴᠢ ᠬᠤᠳᠠ ᠶᠢᠨ ᠲᠠᠷᠤᠭ᠎ᠠ     ᠯᠢᠶᠠᠨ ᠰᠤ᠋ ᠲᠦᠯᠦᠭᠡᠯᠡᠭᠴᠢᠳ ᠡ᠄      ᠤᠳᠤ᠂ ᠪᠢ ᠬᠤᠳᠠ ᠶᠢᠨ ᠠᠷᠠᠳ  ᠤᠨ ᠵᠠᠰᠠᠭ  ᠤᠨ ᠤᠷᠳᠤᠨ  ᠢ ᠲᠦᠯᠦᠭᠡᠯᠡᠨ᠂ ᠶᠡᠭᠡ ᠬᠤᠷᠠᠯ  ᠳᠤ ᠠᠵᠢᠯ  ᠤᠨ ᠢᠯᠡᠳᠬᠡᠯ ᠬᠢᠶ᠎ᠠ  ᠂ ᠬᠢᠨᠠᠨ  ᠵᠦᠪᠯᠡᠬᠦ ᠪᠤᠯᠪᠠᠤ᠂ ᠲᠠᠷᠠᠴᠢᠯᠠᠨ ᠬᠤᠳᠠ ᠶᠢᠨ ᠤᠯᠤᠰ ᠲᠦᠷᠦ ᠶᠢᠨ ᠵᠦᠪᠯᠡᠯᠭᠡᠨ  ᠤ ᠬᠡᠰᠢᠬᠦᠳ ᠪᠠ ᠬᠤᠷᠠᠯ  ᠳᠤ ᠰᠤᠯᠠ ᠤᠷᠤᠯᠴᠠᠭᠰᠠᠳ ᠰᠨᠨᠠᠯ  ᠢᠶᠠᠨ ᠲᠤᠷᠠᠳᠬᠤ ᠪᠤᠯᠪᠠᠤ᠃          ᠨᠢᠭᠡ᠂ 2011 ᠤᠨ  ᠤ ᠠᠵᠢᠯ  ᠤᠨ ᠡᠷᠬᠢᠴᠡᠬᠦᠯᠦᠯ      2011 ᠤᠨ ᠪᠤᠯ  ︽12 ·  5  ︾ ᠵᠢᠯ  ᠤᠨ ᠡᠬᠢᠯᠡᠯᠳᠠ ᠶᠢᠨ ᠵᠢᠯ ᠪᠤᠯᠤᠨ᠎ᠠ᠂ ᠨᠢᠭᠡ ᠵᠢᠯ  ᠤᠨ ᠲᠤᠷᠰᠢ᠂ ᠬᠤᠳᠠ ᠶᠢᠨ ᠠᠷᠠᠳ  ᠤᠨ ᠵᠠᠰᠠᠭ ᠎ ᠤᠨ ᠤᠷᠳᠤᠨ ᠦᠪᠡᠷᠳᠡᠭᠡᠨ ᠵᠠᠰᠠᠬᠤ ᠤᠷᠤᠨ ᠤ ᠨᠠᠮ  ᠤ ᠬᠤᠷᠢᠶ᠎ᠠ᠂ ᠵᠠᠰᠠᠭ  ᠤᠨ ᠤᠷᠳᠤᠨ ᠪᠠ ᠬᠤᠳᠠ ᠶᠢᠨ ᠨᠠᠮ  ᠤᠨ ᠬᠤᠷᠢᠶ᠎ᠠ ᠶᠢᠨ ᠵᠦᠪ ᠤᠳᠤᠷᠢᠳᠤᠯᠭ᠎ᠠ ᠲᠤᠤᠷ᠎ᠠ᠂ ᠬᠤᠳᠠ ᠶᠢᠨ ᠠᠷᠠᠳ ᠤᠨ ᠲᠦᠯᠦᠭᠡᠯᠡᠭᠴᠢᠳ  ᠤᠨ ᠶᠡᠭᠡ ᠬᠤᠷᠠᠯ  ᠤᠨ ᠪᠠᠶᠢᠡᠭᠭᠤ ᠶᠢᠨ ᠬᠤᠷᠢᠶ᠎ᠠ ᠪᠠ ᠤᠯᠤᠰ ᠲᠦᠷᠦ ᠶᠢᠨ ᠵᠦᠪᠯᠡᠯᠭᠡᠨ  ᠤ ᠶᠡᠭᠡ ᠲᠡᠮᠵᠢᠯᠭᠡ ᠲᠤᠤᠷ᠎ᠠ᠂ ᠪᠦᠬᠦ ᠬᠤᠳᠠ ᠶᠢᠨ ᠦᠨᠳᠤᠰᠤᠳᠠᠨ ᠨᠦᠭᠦᠳ ᠤᠨ ᠺᠠᠳ᠋ᠷ ᠤᠯᠠᠨ ᠲᠦᠮᠠᠨ ᠲᠠᠢ ᠪᠦᠯᠬᠦᠮᠳᠠᠨ ᠲᠡᠳᠠᠨ  ᠢ ᠲᠠᠶᠢᠴᠢᠯᠠᠵᠤ᠂ ᠰᠢᠨᠵᠢᠯᠡᠬᠦ ᠤᠬᠠᠭᠠᠨᠴᠢ ᠬᠦᠭᠵᠢᠯᠳᠠ ᠶᠢᠨ ᠦᠵᠡᠯᠳᠠ ᠪᠠᠷ ᠪᠦᠬᠦ ᠲᠠᠯ᠎ᠠ ᠶᠢ ᠶᠡᠷᠦᠩᠭᠡᠶᠢᠯᠠᠨ ᠵᠡᠬᠢᠷᠴᠤ᠂ ᠢᠳᠡᠪᠬᠢᠳᠠᠢ ᠤᠷᠤᠭᠰᠢᠯᠠᠨ᠂ ᠯᠠᠪᠳᠠᠭᠤᠨ ᠪᠠᠳᠤᠳᠠᠢ ᠠᠵᠢᠯᠯᠠᠭᠠᠳ ᠬᠤᠳᠠ ᠶᠢᠨ ᠬᠤᠶᠠᠳᠤᠭᠠᠷ ᠬᠤᠭᠤᠴᠠᠭᠠᠨ  ᠤ ᠠᠷᠠᠳ  ᠤᠨ ᠲᠦᠯᠦᠭᠡᠯᠡᠭᠴᠢᠳ  ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ  ᠤ ᠬᠤᠷᠠᠯᠳᠤᠭᠠᠨ ᠠᠴᠠ ᠲᠤᠭᠳᠠᠭᠠᠭᠰᠠᠨ ᠡᠯ᠎ᠠ ᠲᠦᠷᠦᠯ  ᠤᠨ ᠬᠠᠷᠠᠯᠳᠠ ᠡᠬᠦᠷᠭᠡ ᠪᠠᠨ ᠲᠡᠬᠦᠰ ᠠᠮᠵᠢᠯᠳᠠ ᠲᠠᠢ ᠪᠡᠶᠡᠯᠡᠬᠦᠯᠵᠤ᠂ ᠠᠵᠤ ᠠᠬᠤᠢ ᠨᠡᠶᠢᠭᠡᠮ  ᠤᠨ ᠰᠠᠶᠢᠨ ᠮᠦᠷᠳᠡᠭᠡᠨ ᠲᠦᠷᠭᠡᠨ ᠬᠦᠭᠵᠢᠯᠳᠠ ᠶᠢᠨ ᠪᠠᠶᠢᠳᠠᠯ  ᠢᠶᠠᠨ ᠦᠷᠬᠦᠯᠵᠢᠯᠠᠨ ᠪᠠᠳᠤᠯᠠᠵᠤ᠂ ︽12· 5︾ ᠵᠢᠯ  ᠤᠨ ᠰᠠᠶᠢᠨ ᠰᠠᠶᠢᠬᠠᠨ ᠡᠬᠢᠯᠡᠯᠳᠠ ᠶᠢ  ᠪᠡᠶᠡᠯᠡᠬᠦᠯᠪᠠ᠃     ︵ᠨᠢᠭᠡ︶ ᠠᠵᠤ ᠠᠬᠤᠢ ᠶᠢᠨ ᠶᠡᠷᠦᠩᠭᠡᠶᠢᠯᠡᠭᠰᠡᠨ ᠪᠤᠳᠠᠳᠤ ᠬᠦᠴᠦᠨ ᠰᠢᠨ᠎ᠠ ᠨᠢᠭᠡᠨ ᠲᠡᠭᠳᠡᠷ ᠲᠤ ᠲᠠᠪᠰᠢᠪᠠ᠃ ᠵᠢᠱᠢᠯᠳᠠ ᠪᠠᠷ ᠪᠦᠬᠦ ᠬᠤᠳᠠ ᠶᠢᠨ ᠭᠠᠵᠠᠷ ᠤᠷᠤᠨ  ᠤ ᠦᠢᠯᠡᠳᠪᠤᠷᠢᠯᠠᠯ  ᠤᠨ ᠶᠡᠷᠦᠩᠭᠡᠢ ᠦᠷᠳᠡᠭ 3000 ᠳ᠋ᠦᠡᠭᠰᠢᠭᠤᠷ ᠲᠦᠬᠦᠷᠢᠭ  ᠢ ᠰᠢᠪᠳᠤᠯᠤᠨ 3200 ᠳ᠋ᠦᠡᠭᠰᠢᠭᠤᠷ ᠲᠦᠬᠦᠷᠢᠭ ᠲᠤ ᠬᠦᠷᠴᠤ᠂ 14.5% ︵ᠬᠤᠪᠢᠷᠠᠬᠤ ᠦᠭᠡᠢ ᠦᠨ᠎ᠠ︶᠎ ᠪᠠᠷ ᠨᠡᠮᠡᠭᠳᠡᠪᠠ︔ 796.5 ᠳ᠋ᠦᠡᠭᠰᠢᠭᠤᠷ ᠲᠦᠬᠦᠷᠢᠭ  ᠤᠨ ᠡᠳ᠋  ᠤᠨ ᠵᠠᠰᠠᠭ  ᠤᠨ ᠤᠷᠤᠯᠭ᠎ᠠ ᠶᠢ ᠪᠡᠶᠡᠯᠡᠬᠦᠯᠵᠤ᠂ 48%᠎ ᠪᠠᠷ  ᠨᠡᠮᠡᠭᠳᠡᠪᠠ᠂ ᠡᠬᠦᠨ  ᠳᠤ ᠡᠩ  ᠤᠨ ᠲᠦᠰᠦᠪ  ᠤᠨ ᠤᠷᠤᠯᠭ᠎ᠠ 346.2 ᠳ᠋ᠦᠡᠭᠰᠢᠭᠤᠷ ᠲᠦᠬᠦᠷᠢᠭ ᠲᠤ ᠬᠦᠷᠴᠤ᠂ 44.8%᠎ ᠪᠠᠷ ᠨᠡᠮᠡᠭᠳᠡᠪᠠ︔ ᠲᠤᠭᠳᠠᠮᠠᠯ ᠬᠦᠷᠦᠩᠭᠡ ᠶᠢᠨ ᠪᠠᠯᠠ ᠤᠷᠤᠭᠤᠯᠤᠯᠳᠠ 2000 ᠳ᠋ᠦᠡᠭᠰᠢᠭᠤᠷ ᠲᠦᠬᠦᠷᠢᠭ  ᠢ ᠰᠢᠪᠳᠤᠯᠤᠨ᠂ 2240 ᠳ᠋ᠦᠡᠭᠰᠢᠭᠤᠷ ᠲᠦᠬᠦᠷᠢᠭ ᠲᠤ ᠬᠦᠷᠴᠤ᠂ 18%᠎ ᠪᠠᠷ ᠨᠡᠮᠡᠭᠳᠡᠪᠠ᠂ ᠠᠵᠤ ᠠᠬᠤᠢ ᠶᠢᠨ ᠭᠤᠤᠯ ᠪᠤᠯᠬᠤ ᠬᠦᠢᠴᠡᠳᠭᠡᠬᠦ ᠲᠤᠭ᠎ᠠ  ᠦᠷᠬᠦᠯᠵᠢᠯᠠᠨ ᠪᠦᠬᠦ ᠤᠷᠤᠨ ᠤ ᠲᠡᠷᠢᠬᠦᠨ ᠪᠠᠶᠢᠷᠢᠨ  ᠳᠤ ᠪᠠᠶᠢᠬᠤ ᠪᠠᠶᠢᠳᠠᠯ ᠎ ᠢᠶᠠᠨ ᠬᠠᠳᠠᠭᠠᠯᠠᠭᠰᠠᠨ ᠪᠠᠶᠢᠨ᠎ᠠ᠃ ᠲᠠᠷᠢᠶᠠᠯᠠᠩ ᠮᠠᠯ ᠠᠵᠤ ᠠᠬᠤᠢ ᠲᠤᠭᠳᠠᠭᠤᠨ  ᠢᠶᠠᠷ ᠬᠦᠭᠵᠢᠵᠤ᠂  ᠠᠮᠤ ᠪᠤᠳᠠᠭᠠᠨ ᠤ ᠬᠤᠷᠢᠶᠠᠯᠳᠠ 28.5 ᠳ᠋ᠦᠡᠭᠰᠢᠭᠤᠷ ᠵᠢᠩ ᠬᠦᠷᠴᠤ᠂ ᠮᠠᠯᠵᠢᠯ  ᠤᠨ ᠤᠨ  ᠤ ᠮᠠᠯ ᠰᠦᠷᠦᠭ  ᠤᠨ ᠶᠡᠷᠦᠩᠭᠡᠢ ᠲᠤᠭ᠎ᠠ1213 ᠲᠦᠮᠠᠨ ᠲᠤᠯᠤᠭᠠᠢ ᠬᠦᠷᠪᠠ  ᠃ ᠠᠵᠤ ᠦᠢᠯᠡᠳᠪᠤᠷᠢ ᠶᠢᠨ ᠠᠵᠤ ᠠᠬᠤᠢ  ᠬᠦᠴᠦᠷᠭᠡᠭ  ᠢᠶᠠᠷ ᠨᠡᠮᠡᠭᠳᠡᠵᠤ᠂ ᠬᠡᠪᠴᠢᠶᠠᠵᠢᠯ ᠠᠴᠠ ᠲᠡᠭᠡᠭᠰᠢᠬᠢ ᠠᠵᠤ ᠦᠢᠯᠡᠳᠪᠤᠷᠢ ᠶᠢᠨ ᠠᠵᠤ ᠠᠬᠤᠶᠢᠯᠠᠯ 1512 ᠳ᠋ᠦᠡᠭᠰᠢᠭᠤᠷ ᠲᠦᠬᠦᠷᠢᠭ ᠤᠨ ᠨᠡᠮᠡᠭᠳᠡᠯ ᠦᠷᠳᠡᠭ  ᠢ ᠪᠡᠶᠡᠯᠡᠬᠦᠯᠵᠤ᠂ 23%᠎ ᠪᠠᠷ ᠨᠡᠮᠡᠭᠳᠡᠪᠠ︔ 800 ᠳ᠋ᠦᠡᠭᠰᠢᠭᠤᠷ ᠲᠦᠬᠦᠷᠢᠭ  ᠤᠨ ᠠᠰᠢᠭ ᠬᠤᠨᠵᠢᠪᠤᠷᠢ ᠶᠢ ᠪᠡᠶᠡᠯᠡᠬᠦᠯᠵᠤ᠂ 35%᠎ ᠪᠠᠷ ᠨᠡᠮᠡᠭᠳᠡᠪᠠ᠃ ᠭᠤᠷᠪᠠᠳᠤᠭᠠᠷ ᠠᠵᠤ ᠦᠢᠯᠡᠰ ᠲᠦᠷᠭᠡᠨ  ᠢᠶᠠᠷ ᠬᠦᠭᠵᠢᠵᠤ᠂ 1200 ᠳ᠋ᠦᠡᠭᠰᠢᠭᠤᠷ ᠲᠦᠬᠦᠷᠢᠭ  ᠤᠨ ᠨᠡᠮᠡᠭᠳᠡᠯ ᠦᠷᠳᠡᠭ  ᠢ ᠪᠡᠶᠡᠯᠡᠬᠦᠯᠵᠤ  ᠂ 13.2% ᠎ ᠢᠶᠠᠷ ᠨᠡᠮᠡᠭᠳᠡᠪᠠ᠃      ︵ᠬᠤᠶᠠᠷ︶ ᠠᠵᠤ ᠦᠢᠯᠡᠰ  ᠤᠨ ᠪᠦᠳᠦᠴᠠ ᠶᠢᠨ ᠲᠤᠬᠢᠷᠠᠭᠤᠯᠤᠯᠳᠠ ᠰᠢᠨ᠎ᠠ ᠰᠢᠪᠳᠤᠯᠤᠯᠳᠠ  ᠎ ᠲᠠᠢ ᠪᠤᠯᠪᠠ᠃ ᠠᠵᠤ ᠦᠢᠯᠡᠳᠪᠤᠷᠢ ᠶᠢᠨ ᠪᠦᠳᠦᠴᠠ ᠶᠢᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠠᠯᠬᠤᠴᠠ ᠲᠦᠷᠭᠡᠳᠴᠤ᠂ ᠪᠦᠬᠦ ᠵᠢᠯ  ᠳᠤ ᠳ᠋ᠦᠡᠭᠰᠢᠭᠤᠷ ᠲᠦᠬᠦᠷᠢᠭ ᠠᠴᠠ ᠲᠡᠭᠡᠭᠰᠢᠬᠢ ᠠᠵᠤ ᠦᠢᠯᠡᠳᠪᠤᠷᠢ ᠶᠢᠨ ᠲᠦᠷᠦᠯ ᠵᠦᠢᠯ  ᠢ 107 ᠲᠦᠷᠦᠯ ᠬᠡᠷᠡᠭᠵᠢᠬᠦᠯᠵᠤ᠂ ᠡᠬᠦᠨ  ᠳᠤ ᠡᠬᠢ ᠪᠠᠶᠠᠯᠢᠭ  ᠤᠨ ᠪᠤᠰᠤ ᠬᠡᠯᠪᠡᠷᠢ ᠶᠢᠨ ᠠᠵᠤ ᠦᠢᠯᠡᠰ  ᠤᠨ ᠲᠦᠷᠦᠯ ᠵᠦᠢᠯ 90 ᠲᠦᠷᠦᠯ ᠪᠠᠶᠢᠨ᠎ᠠ᠃ ᠨᠡᠬᠦᠷᠡᠰᠤᠨ  ᠤ ᠪᠤᠰᠤ ᠠᠵᠤ ᠦᠢᠯᠡᠰ 895 ᠳ᠋ᠦᠡᠭᠰᠢᠭᠤᠷ ᠲᠦᠬᠦᠷᠢᠭ  ᠤᠨ ᠪᠠᠯᠠ ᠤᠷᠤᠭᠤᠯᠤᠯᠳᠠ ᠶᠢ ᠪᠡᠶᠡᠯᠡᠬᠦᠯᠵᠤ᠂ ᠪᠦᠬᠦ ᠠᠵᠤ ᠦᠢᠯᠡᠳᠪᠤᠷᠢ ᠎ ᠶᠢᠨ ᠪᠠᠯᠠ ᠤᠷᠤᠭᠤᠯᠤᠯᠳᠠ ᠶᠢᠨ 79.9%᠎ ᠶᠢ ᠡᠵᠡᠯᠡᠵᠤ᠂ ᠲᠡᠬᠡᠷ᠎ᠠ ᠵᠢᠯ ᠠᠴᠠ ᠵᠠᠭᠤᠨ  ᠤ ᠬᠤᠪᠢ ᠶᠢᠨ ᠬᠠᠷᠢᠴᠠᠯ ᠢᠶᠠᠷ 5.7 ᠲᠡᠬᠡᠭᠰᠢᠯᠡᠵᠡᠢ᠂ ᠡᠬᠦᠨ  ᠳᠤ ᠲᠤᠨᠤᠭᠯᠠᠯ ᠦᠢᠯᠡᠳᠬᠦ ᠦᠢᠯᠡᠰ  115 ᠳ᠋ᠦᠡᠭᠰᠢᠭᠤᠷ ᠲᠦᠬᠦᠷᠢᠭ  ᠤᠨ ᠪᠠᠯᠠ ᠤᠷᠤᠭᠤᠯᠤᠯᠳᠠ ᠶᠢ ᠪᠡᠶᠡᠯᠡᠬᠦᠯᠵᠤ᠂ 39.4%᠎ ᠪᠠᠷ ᠨᠡᠮᠡᠭᠳᠡᠵᠤ᠂ ᠪᠠᠯᠠ ᠤᠷᠤᠭᠤᠯᠤᠯᠳᠠ ᠶᠢ ᠰᠢᠨ᠎ᠠ ᠬᠠᠯᠠᠮᠰᠢᠯ  ᠤᠨ ᠴᠡᠭ ᠪᠤᠯᠪᠠ᠃ ᠨᠡᠬᠦᠷᠡᠰᠦᠨ  ᠤ  ᠪᠤᠰᠤ ᠠᠵᠤ ᠦᠢᠯᠡᠰ 530 ᠳ᠋ᠦᠡᠭᠰᠢᠭᠤᠷ ᠲᠦᠬᠦᠷᠢᠭ  ᠤᠨ ᠨᠡᠮᠡᠭᠳᠡᠯ ᠦᠷᠳᠡᠭ  ᠢ ᠪᠡᠶᠡᠯᠡᠬᠦᠯᠵᠤ᠂ ᠪᠦᠬᠦ ᠠᠵᠤ ᠦᠢᠯᠡᠳᠪᠦᠷᠢ ᠶᠢᠨ ᠨᠡᠮᠡᠭᠳᠡᠯ ᠦᠷᠳᠡᠭ  ᠤᠨ 31%᠎ ᠶᠢ ᠡᠵᠡᠯᠡᠵᠤ᠂ ᠲᠡᠭᠡᠷ᠎ᠠ ᠵᠢᠯ ᠠᠴᠠ ᠵᠠᠭᠤᠨ  ᠤ ᠬᠤᠪᠢ ᠶᠢᠨ ᠬᠠᠷᠢᠴᠠᠯ  ᠢᠶᠠᠷ 3.2 ᠨᠡᠮᠡᠭᠳᠡᠵᠤ᠂ ᠤᠯᠠᠨ ᠡᠰᠢᠵᠢᠯ ᠢᠶᠠᠷ ᠬᠦᠭᠵᠢᠵᠤ᠂ ᠤᠯᠠᠨ ᠲᠠᠯ᠎ᠠ ᠪᠠᠷ ᠲᠤᠯᠭᠠᠭᠤᠷᠢᠯᠠᠭᠰᠠᠨ ᠤᠳᠤ ᠦᠶ᠎ᠠ ᠶᠢᠨ ᠠᠵᠤ ᠦᠢᠯᠡᠳᠪᠤᠷᠢ ᠶᠢᠨ ᠰᠢᠰᠲ᠋ᠧᠮᠵᠢ ᠶᠠᠭ ᠪᠦᠷᠢᠯᠳᠤᠵᠤ ᠪᠠᠶᠢᠨ᠎ᠠ᠃ ᠠᠵᠤ ᠦᠢᠯᠡᠰ  ᠤᠨ ᠪᠠᠶᠢᠷᠢᠯᠠᠭᠤᠯᠤᠯᠳᠠ ᠶᠢᠨ ᠲᠤᠬᠢᠷᠠᠭᠤᠯᠤᠯᠳᠠ ᠶᠢᠨ ᠦᠷ᠎ᠠ ᠪᠦᠳᠦᠮᠵᠢ ᠲᠤᠪᠦᠶᠢᠮ᠎ᠠ ᠪᠠᠶᠢᠵᠤ᠂ ᠬᠠᠳᠤᠨ ᠭᠤᠤᠯ ᠲᠠᠭᠠᠤ ᠵᠠᠰᠠᠮᠠᠯ ᠵᠠᠮ ᠲᠠᠭᠠᠤ ᠠᠵᠤ ᠠᠬᠤᠢ ᠶᠢᠨ ᠪᠦᠰᠠ ᠶᠢᠨ ᠪᠦᠳᠦᠭᠡᠨ ᠪᠠᠶᠢᠭᠤᠯᠤᠯᠳᠠ ᠪᠠ ︽ᠬᠤᠤᠰ ᠵᠠᠭᠤᠨ ᠳ᠋ᠦᠡᠭᠰᠢᠭᠤᠷ  ᠤᠨ ᠢᠨᠵᠧᠨᠧᠷᠢᠩ︾ ᠯᠠᠪᠳᠠᠭᠤᠨ ᠪᠠᠳᠤᠳᠠᠢ ᠶᠠᠪᠤᠭᠳᠠᠵᠤ᠂  ᠰᠢᠨ᠎ᠠ ᠪᠠᠷ ᠨᠡᠮᠡᠭᠳᠡᠭᠰᠡᠨ ᠡᠵᠡᠩᠨᠡᠯᠳᠠ ᠶᠢᠨ ᠤᠷᠤᠯᠭ᠎ᠠ ᠨᠢ ᠵᠠᠭᠤᠨ ᠳ᠋ᠦᠡᠭᠰᠢᠭᠤᠷ ᠲᠦᠬᠦᠷᠢᠭ  ᠢ ᠲᠠᠪᠠᠭᠰᠠᠨ ᠠᠵᠤ ᠦᠢᠯᠡᠳᠪᠤᠷᠢ ᠶᠢᠨ ᠬᠦᠷᠢᠶᠠᠯᠡᠩ ᠲᠤᠭᠤᠷᠢᠭ 1᠂  ᠠᠵᠤ ᠠᠬᠤᠶᠢᠯᠠᠯ 7 ᠪᠠᠶᠢᠵᠤ᠂ ᠶᠡᠷᠦᠩᠭᠡᠢ ᠲᠤᠭ᠎ᠠ ᠨᠢ ᠲᠤᠰᠪᠤᠷᠢ 4 ᠪᠠ 14 ᠪᠤᠯᠪᠠ᠃ ᠤᠳᠤ ᠦᠶ᠎ᠠ ᠶᠢᠨ ᠦᠢᠯᠡᠴᠢᠯᠡᠭᠡᠨ  ᠤ ᠦᠢᠯᠡᠰ  ᠤᠨ ᠬᠦᠷᠢᠶ᠎ᠠ ᠬᠡᠪᠴᠢᠶ᠎ᠠ ᠴᠢᠨᠠᠭᠰᠢᠳᠠ ᠦᠷᠭᠡᠵᠢᠵᠤ᠂ ᠪᠦᠬᠦ ᠨᠡᠶᠢᠭᠡᠮ  ᠤᠨ ᠬᠡᠷᠡᠭᠯᠡᠭᠡᠨ  ᠤ ᠵᠦᠢᠯ  ᠤᠨ ᠪᠤᠷᠤᠯᠠᠭᠤᠯᠤᠯᠳᠠ ᠶᠢᠨ ᠲᠤᠭ᠎ᠠ 438 ᠳ᠋ᠦᠡᠭᠰᠢᠭᠤᠷ ᠲᠦᠬᠦᠷᠢᠭ ᠲᠤ ᠬᠦᠷᠴᠤ᠂ 17.7%᠎ ᠪᠠᠷ ᠨᠡᠮᠡᠭᠳᠡᠪᠠ︔ ᠮᠦᠡᠭᠬᠦᠨ ᠬᠦᠢᠯᠭᠡᠭᠡᠨ  ᠤ ᠪᠠᠶᠢᠭᠤᠯᠤᠮᠵᠢ ᠶᠢᠨ ᠬᠠᠳᠠᠭᠠᠯᠠᠮᠵᠢ ᠪᠠ ᠵᠢᠭᠡᠯᠡᠯᠭᠡ ᠶᠢᠨ ᠦᠯᠡᠳᠡᠪᠤᠷᠢ ᠲᠤᠭ᠎ᠠ ᠲᠤᠰᠪᠤᠷᠢ 2021.5 ᠳ᠋ᠦᠡᠭᠰᠢᠭᠤᠷ ᠲᠦᠬᠦᠷᠢᠭ ᠪᠠ 1961.3 ᠳ᠋ᠦᠡᠭᠰᠢᠭᠤᠷ ᠲᠦᠬᠦᠷᠢᠭ ᠲᠤ ᠬᠦᠷᠴᠤ᠂ 14.8% ᠪᠠ 25.6%᠎ ᠪᠠᠷ ᠨᠡᠮᠡᠭᠳᠡᠪᠠ︔  95 ᠳ᠋ᠦᠡᠭᠰᠢᠭᠤᠷ ᠲᠦᠬᠦᠷᠢᠭ  ᠤᠨ ᠵᠢᠭᠤᠯᠴᠢᠯᠠᠯ  ᠤᠨ ᠤᠷᠤᠯᠭ᠎ᠠ ᠶᠢ ᠪᠡᠶᠡᠯᠡᠬᠦᠯᠵᠤ᠂ 25%᠎ ᠪᠠᠷ ᠨᠡᠮᠡᠭᠳᠡᠪᠠ︔ 8 ᠭᠤᠤᠯᠳᠠᠯᠭ᠎ᠠ ᠲᠠᠢ ᠪᠤᠳᠠᠰ ᠎ ᠤᠨ ᠬᠦᠢᠯᠭᠡᠭᠡ ᠶᠢᠨ ᠬᠦᠷᠢᠶᠠᠯᠠᠩ ᠲᠤᠭᠤᠷᠢᠭ  ᠤᠨ ᠪᠦᠳᠦᠭᠡᠨ ᠪᠠᠶᠢᠭᠤᠯᠤᠯᠳᠠ ᠶᠢ ᠲᠦᠷᠬᠡᠨ ᠪᠠᠷ ᠠᠬᠢᠭᠤᠯᠪᠠ᠃      ︵ᠭᠤᠷᠪᠠ︶ ᠠᠷᠠᠳ  ᠤᠨ ᠠᠮᠢᠳᠤᠷᠠᠯ  ᠤᠨ ᠬᠢᠷᠢ ᠲᠦᠪᠰᠢᠨ ᠰᠢᠨ᠎ᠠ ᠲᠡᠭᠡᠭᠰᠢᠯᠡᠯᠳᠠ ᠲᠠᠢ ᠪᠤᠯᠪᠠ᠃   ᠡᠯ᠎ᠠ ᠱᠠᠳᠤᠨ  ᠤ ᠡᠳ᠋  ᠤᠨ ᠵᠠᠰᠠᠭ ᠠᠴᠠ ᠠᠷᠠᠳ ᠎ ᠤᠨ ᠠᠮᠢᠳᠤᠷᠡᠯ ᠵᠢᠴᠢ ᠨᠡᠶᠢᠭᠡᠮ  ᠤᠨ ᠠᠵᠢᠯ ᠦᠢᠯᠡᠰ  ᠤᠨ ᠬᠦᠷᠢᠶ᠎ᠠ ᠬᠡᠪᠴᠢᠶᠠᠨ  ᠳᠤ ᠤᠷᠤᠭᠤᠯᠤᠭᠰᠠᠨ ᠪᠠᠯᠠ ᠮᠦᠡᠭᠬᠦ 250.5 ᠳ᠋ᠦᠡᠭᠰᠢᠭᠤᠷ ᠲᠦᠬᠦᠷᠢᠭ ᠲᠤ ᠬᠦᠷᠴᠤ᠂ ᠲᠡᠭᠡᠷ᠎ᠠ ᠵᠢᠯ ᠲᠠᠢ ᠬᠠᠷᠢᠴᠠᠭᠤᠯᠪᠠᠯ 72.5 ᠳ᠋ᠦᠡᠭᠰᠢᠭᠤᠷ ᠲᠦᠬᠦᠷᠢᠭ ᠨᠡᠮᠡᠭᠳᠡᠵᠤ᠂  ᠡᠳ᠋  ᠤᠨ ᠵᠠᠰᠠᠭ  ᠤᠨ ᠶᠡᠷᠦᠩᠭᠡᠢ ᠵᠠᠷᠤᠯᠭ᠎ᠠ ᠶᠢᠨ 56%᠎ ᠶᠢ ᠡᠵᠡᠯᠡᠵᠤ᠂ ᠵᠢᠯ  ᠤᠨ ᠡᠬᠢᠨ  ᠳᠤ ᠲᠤᠭᠳᠠᠭᠠᠭᠰᠠᠨ ᠡᠯ᠎ᠠ ᠲᠦᠷᠦᠯ  ᠤᠨ ᠠᠷᠠᠳ  ᠢ ᠬᠠᠷᠠᠭᠠᠯᠵᠠᠬᠤ ᠪᠤᠳᠠᠳᠤ ᠶᠠᠪᠤᠳᠠᠯ  ᠢ ᠴᠦᠮ ᠨᠠᠶᠢᠳᠠᠪᠤᠷᠢᠵᠢᠭᠤᠯᠪᠠ᠃ ᠬᠤᠳᠠ ᠪᠠᠯᠭᠠᠰᠤ ᠶᠢᠨ ᠰᠠᠭᠤᠭᠠᠯᠢ ᠠᠷᠠᠳ  ᠤᠨ ᠬᠦᠮᠦᠨ ᠲᠤᠮᠳᠠᠴᠢ ᠲᠤᠬᠢᠷᠠᠭᠤᠯᠵᠤ ᠪᠤᠯᠬᠤ ᠤᠷᠤᠯᠭ᠎ᠠ 28986 ᠲᠦᠬᠦᠷᠢᠭ ᠬᠦᠷᠴᠤ᠂ 15%᠎ ᠪᠠᠷ ᠨᠡᠮᠡᠭᠳᠡᠪᠠ︔ ᠮᠠᠯᠴᠢᠨ ᠲᠠᠷᠢᠶᠠᠴᠢᠨ  ᠤ ᠬᠦᠮᠦᠨ ᠲᠤᠮᠳᠠᠴᠢ ᠴᠡᠪᠡᠷ ᠤᠷᠤᠯᠭ᠎ᠠ 9982 ᠲᠦᠬᠦᠷᠢᠭ ᠬᠦᠷᠴᠤ᠂ 14%᠎ ᠪᠠᠷ ᠨᠡᠮᠡᠭᠳᠡᠵᠤ᠂ ᠤᠶᠢᠷ᠎ᠠ ᠶᠢᠨ ᠵᠢᠯ ᠠᠴᠠ ᠨᠨᠰᠢ ᠨᠡᠮᠡᠭᠳᠡᠯ  ᠤᠨ ᠬᠤᠷᠳᠤᠴᠠ ᠪᠠᠷ ᠬᠠᠮᠤᠭ ᠲᠦᠷᠭᠡᠨ ᠨᠢᠭᠡ ᠵᠢᠯ ᠪᠤᠯᠤᠭᠰᠠᠨ ᠪᠠᠶᠢᠨ᠎ᠠ᠃  ᠰᠢᠨ᠎ᠠ ᠪᠠᠷ ᠨᠡᠮᠡᠭᠳᠡᠭᠰᠡᠨ ᠬᠤᠳᠠ ᠪᠠᠯᠭᠠᠰᠤ ᠶᠢᠨ ᠠᠵᠢᠯ ᠤᠯᠤᠭᠰᠠᠳ 3.48 ᠲᠦᠮᠠᠨ ᠬᠦᠮᠦᠨ  ᠳᠤ ᠬᠦᠷᠴᠤ᠂ ᠡᠬᠦᠨ  ᠳᠤ ᠤᠷᠳᠤᠰ ᠨᠤᠳᠤᠭ ᠲᠠᠢ ᠶᠡᠭᠡ ᠰᠤᠷᠭᠠᠭᠤᠯᠢ ᠶᠢᠨ ᠤᠶᠤᠳᠠᠨ 1.1 ᠲᠦᠮᠠ ᠬᠦᠮᠦᠨ ᠪᠠᠶᠢᠨ᠎ᠠ᠂ ᠬᠤᠳᠠ ᠪᠠᠯᠭᠠᠰᠤ ᠶᠢᠨ ᠲᠡᠩᠰᠡᠯᠡᠭᠤᠯᠤᠭᠰᠠᠨ ᠠᠵᠢᠯ ᠠᠯᠳᠠᠯᠳᠠ ᠶᠢᠨ ᠨᠤᠷᠮ᠎ᠠ 2.21% ᠪᠠᠶᠢᠵᠤ᠂ ᠪᠦᠬᠦ ᠤᠯᠤᠰ᠂ ᠪᠦᠬᠦ ᠤᠷᠤᠨ  ᠤ ᠬᠢᠷᠢ ᠲᠦᠪᠰᠢᠨ ᠠᠴᠠ ᠲᠤᠤᠷ᠎ᠠ ᠪᠠᠶᠢᠨ᠎ᠠ᠃ ᠪᠠᠳᠤᠯᠠᠭ᠎ᠠ ᠶᠢᠨ ᠬᠡᠷ  ᠤᠨ ᠪᠦᠳᠦᠭᠡᠨ ᠪᠠᠶᠢᠭᠤᠯᠤᠯᠳᠠ ᠬᠦᠴᠤᠨ ᠲᠡᠬᠦᠯᠳᠡᠷ ᠶᠠᠪᠤᠭᠳᠠᠵᠤ᠂ ᠪᠠᠷᠢᠯᠭ᠎ᠠ ᠡᠬᠢᠯᠡᠬᠦᠯᠦᠭᠰᠡᠨ ᠡᠯ᠎ᠠ ᠲᠦᠷᠦᠯ  ᠤᠨ ᠪᠠᠳᠤᠯᠠᠭ᠎ᠠ ᠎ ᠶᠢᠨ ᠴᠢᠨᠠᠷᠳᠠᠢ ᠤᠷᠤᠨ ᠰᠠᠭᠤᠴᠠ 65078 ᠢᠵᠢ ᠬᠦᠷᠴᠦ᠂ ᠦᠪᠡᠷᠳᠡᠬᠡᠨ ᠵᠠᠰᠠᠬᠤ ᠤᠷᠤᠨ ᠠᠴᠠ ᠪᠠᠭᠤᠯᠭᠠᠭᠰᠠᠨ ᠡᠬᠦᠷᠭᠡ ᠪᠠᠨ 147%᠎ ᠪᠠᠷ ᠪᠡᠶᠡᠯᠡᠬᠦᠯᠪᠠ᠃ ᠢᠳᠠᠪᠬᠢᠳᠠᠢ ᠪᠠᠷ ᠠᠷᠭ᠎ᠠ ᠬᠡᠮᠵᠢᠶ᠎ᠠ ᠠᠪᠤᠨ ᠪᠠᠷᠠᠭᠠᠨ  ᠤ ᠦᠨ᠎ᠠ ᠶᠢ ᠲᠤᠭᠳᠠᠪᠤᠷᠢᠵᠢᠭᠤᠯᠤᠨ ᠬᠢᠵᠠᠭᠠᠷᠯᠠᠵᠤ᠂ ᠲᠠᠷᠢᠶᠠᠯᠡᠩ  ᠤᠨ ᠲᠤᠰᠠᠯᠠᠬᠤ ᠪᠦᠳᠦᠭᠡᠭᠳᠡᠬᠦᠨ  ᠤ ᠦᠢᠯᠡᠳᠪᠤᠷᠢᠯᠠᠯ  ᠤᠨ ᠰᠠᠭᠤᠷᠢᠨ ᠭᠠᠵᠠᠷ ᠪᠠ ᠬᠦᠢᠯᠭᠡᠭᠡᠨ  ᠤ ᠰᠢᠰᠲ᠋ᠧᠮᠵᠢ ᠶᠢᠨ ᠪᠠᠶᠢᠭᠤᠯᠤᠯᠳᠠ ᠶᠢ ᠴᠢᠩᠭᠠᠳᠬᠠᠵᠤ᠂ ᠪᠠᠷᠢᠮᠵᠢᠶᠠᠴᠢᠯᠠᠭᠰᠠᠨ ᠢᠳᠡᠰᠢᠨ ᠨᠤᠭᠤᠭᠠᠨ ᠎ ᠤ ᠵᠠᠬ᠎ᠠ ᠲᠡᠯᠭᠡᠬᠦᠷ  ᠢ ᠰᠢᠨ᠎ᠠ ᠪᠠᠷ 11᠂ ᠲᠠᠷᠢᠶᠠᠯᠠᠩ  ᠤᠨ ᠲᠤᠰᠠᠯᠠᠬᠤ ᠪᠦᠳᠦᠭᠡᠭᠳᠡᠬᠦᠨ  ᠤ ᠪᠦᠭᠡᠮ  ᠢᠶᠠᠷ ᠬᠤᠳᠠᠯᠳᠤᠬᠤ ᠵᠠᠬ᠎ᠠ ᠲᠡᠯᠭᠡᠬᠦᠷ ᠢ 20᠂ ᠡᠩ  ᠤᠨ ᠦᠨᠡᠳᠤ ᠠᠷᠠᠳ ᠲᠤ ᠲᠦᠬᠦᠮ ᠦᠵᠡᠬᠦᠯᠬᠦ ᠲᠡᠯᠭᠡᠬᠦᠷ  ᠢ 120 ᠪᠠᠶᠢᠭᠤᠯᠵᠤ᠂ ᠪᠠᠷᠠᠭᠠᠨ  ᠤ ᠦᠨ᠎ᠠ ᠶᠢᠨ ᠬᠡᠳᠤ ᠲᠦᠷᠭᠡᠨ ᠨᠡᠮᠡᠭᠳᠡᠬᠦ ᠶᠢ ᠬᠤᠷᠢᠭᠯᠠᠬᠤ  ᠳᠤ ᠢᠳᠡᠪᠬᠢ ᠦᠢᠯᠡᠳᠤᠯ ᠦᠵᠡᠬᠦᠯᠪᠠ︔ ᠬᠦᠴᠢᠷᠳᠡᠯᠳᠠᠢ ᠤᠯᠠᠨ ᠲᠦᠮᠠᠨ  ᠳᠤ ᠲᠦᠷ ᠴᠠᠭ  ᠤᠨ ᠪᠠᠷᠠᠭᠠᠨ  ᠤ ᠦᠨ᠎ᠠ ᠶᠢᠨ ᠨᠦᠬᠦᠪᠦᠷᠢ ᠶᠢ 3304 ᠲᠦᠮᠠᠨ ᠲᠦᠬᠦᠷᠢᠭ ᠲᠠᠯᠪᠢᠵᠤ᠂ ᠲᠤᠤᠷ᠎ᠠ ᠤᠷᠤᠯᠭᠠᠳᠠᠳ  ᠤᠨ ᠦᠨᠳᠤᠰᠤᠨ ᠠᠮᠢᠳᠤᠷᠠᠯ ᠢ ᠪᠠᠳᠤᠯᠠᠪᠠ᠃ ᠨᠡᠶᠢᠭᠡᠮ  ᠤᠨ ᠪᠠᠳᠤᠯᠠᠭ᠎ᠠ ᠶᠢᠨ ᠪᠠᠷᠢᠮᠵᠢᠶ᠎ᠠ ᠶᠢ ᠴᠢᠨᠠᠭᠰᠢᠳᠠ ᠲᠡᠭᠡᠭᠰᠢᠯᠡᠬᠦᠯᠵᠤ᠂ ᠬᠤᠳᠠ ᠬᠦᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ  ᠤᠨ ᠪᠠᠳᠤᠯᠠᠭ᠎ᠠ ᠶᠢᠨ ᠪᠠᠷᠢᠮᠵᠢᠶ᠎ᠠ ᠶᠢ ᠬᠦᠮᠦᠨ ᠪᠤᠯᠭᠠᠨ ᠰᠠᠷ᠎ᠠ ᠪᠦᠷᠢ 20 ᠲᠦᠬᠦᠷᠢᠭ ᠲᠡᠭᠡᠭᠰᠢᠯᠡᠬᠦᠯᠵᠤ᠂ ᠬᠤᠳᠠ ᠪᠠᠯᠭᠠᠰᠤ ᠶᠢᠨ ᠰᠠᠭᠤᠭᠠᠯᠢ ᠠᠷᠠᠳ  ᠤᠨ ᠨᠠᠰᠤᠵᠢᠯ  ᠤᠨ ᠠᠰᠠᠷᠠᠮᠵᠢ ᠶᠢᠨ ᠮᠦᠡᠭᠬᠦ ᠶᠢ ᠰᠠᠷ᠎ᠠ ᠪᠦᠷᠢ 100 ᠲᠦᠬᠦᠷᠢᠭ ᠪᠠ 60 ᠲᠦᠬᠦᠷᠢᠭ ᠲᠡᠭᠡᠭᠰᠢᠯᠡᠬᠦᠯᠵᠤ᠂ ᠠᠵᠤ ᠠᠬᠤᠶᠢᠯᠠᠯ  ᠤᠨ ᠠᠵᠢᠯ ᠠᠴᠠ ᠪᠠᠭᠤᠭᠰᠠᠳ  ᠤᠨ ᠨᠠᠰᠤᠵᠢᠯ  ᠤᠨ ᠠᠰᠠᠷᠠᠮᠵᠢ ᠶᠢᠨ ᠮᠦᠡᠭᠬᠦ ᠶᠢ ᠰᠠᠷ᠎ᠠ ᠪᠦᠷᠢ 322 ᠲᠦᠬᠦᠷᠢᠭ ᠲᠡᠭᠡᠭᠰᠢᠯᠡᠬᠦᠯᠦᠨ᠂ ᠭᠤᠤᠯᠳᠠᠯᠭ᠎ᠠ ᠲᠠᠢ ᠬᠠᠷᠠᠭᠠᠯᠵᠠᠬᠤ ᠡᠳᠡᠭᠡᠳ  ᠤᠨ ᠠᠮᠢᠳᠤᠷᠠᠯ  ᠤᠨ ᠨᠦᠬᠦᠪᠦᠷᠢ ᠶᠢ ᠰᠠᠷ᠎ᠠ ᠪᠦᠷᠢ 500 ᠲᠦᠬᠦᠷᠢᠭ ᠲᠡᠭᠡᠭᠰᠢᠯᠡᠬᠦᠯᠪᠠ᠂ ᠦᠨᠦᠴᠢᠨ ᠬᠡᠦᠭᠡᠳ  ᠢ ᠲᠦᠪᠯᠡᠷᠡᠬᠦᠯᠦᠨ᠂ ᠲᠠᠷᠠᠬᠠᠢ ᠪᠠᠷ ᠠᠰᠠᠷᠠᠨ ᠲᠡᠵᠢᠭᠡᠬᠦ ᠪᠠᠷᠢᠮᠵᠢᠶ᠎ᠠ ᠶᠢ ᠰᠠᠷ᠎ᠠ ᠪᠦᠷᠢ 200 ᠲᠦᠬᠦᠷᠢᠭ ᠲᠡᠭᠡᠭᠰᠢᠯᠡᠬᠦᠯᠵᠤ ᠂ ᠠᠮᠢ ᠠᠬᠤᠢ ᠶᠢᠨ ᠨᠡᠬᠦᠳᠠᠯ ᠠᠷᠠᠳ  ᠤᠨ ᠠᠮᠢᠳᠤᠷᠠᠯ  ᠤᠨ ᠨᠦᠬᠦᠪᠦᠷᠢ ᠶᠢ ᠤᠤᠯ  ᠤᠨ ᠬᠦᠮᠦᠨ ᠪᠤᠯᠭᠠᠨ ᠵᠢᠯ  ᠤᠨ 4000 ᠲᠦᠬᠦᠷᠢᠭ ᠠᠴᠠ ᠲᠡᠭᠡᠭᠰᠢᠯᠡᠬᠦᠯᠦᠨ 6000 ᠲᠦᠬᠦᠷᠢᠭ ᠪᠤᠯᠭᠠᠪᠠ᠃ ᠪᠦᠬᠦ ᠬᠤᠳᠠ  ᠳᠤ ᠰᠢᠨ᠎ᠠ ᠪᠠᠷ ᠪᠤᠶᠤ ᠦᠭᠡᠷᠡᠴᠢᠯᠠᠨ ᠦᠷᠭᠡᠳᠭᠡᠨ ᠪᠠᠶᠢᠭᠤᠯᠤᠭᠰᠠᠨ ᠨᠠᠰᠤᠳᠠᠨ  ᠤ ᠬᠦᠷᠢᠶᠠᠯᠡᠩ 17᠂ ᠶᠡᠷᠦᠩᠭᠡᠶᠢᠯᠡᠭᠰᠡᠨ ᠠᠰᠠᠷᠠᠮᠵᠢ ᠶᠢᠨ ᠲᠦᠪ 6 ᠪᠠᠶᠢᠨ᠎ᠠ᠃ 1.3 ᠲᠦᠮᠠᠨ ᠶᠠᠳᠠᠭᠤ ᠬᠦᠴᠢᠷᠳᠡᠯᠳᠡᠢ ᠬᠦᠮᠦᠨ ᠠᠮᠠ ᠶᠢ ᠲᠤᠭᠳᠠᠭᠤᠨ  ᠢᠶᠠᠷ ᠶᠠᠳᠠᠭᠤ ᠠᠴᠠ ᠠᠩᠬᠢᠵᠢᠷᠠᠭᠤᠯᠵᠤ᠂ 9.82 ᠲᠦᠮᠠᠨ ᠬᠦᠮᠦᠨ  ᠤ  ᠤᠤᠭᠤᠬᠤ ᠤᠰᠤᠨ ᠤ ᠠᠶᠤᠯ ᠦᠭᠡᠢ ᠶᠢᠨ ᠠᠰᠠᠭᠤᠳᠠᠯ  ᠢ ᠰᠢᠢᠳᠪᠤᠷᠢᠯᠠᠪᠠ᠃      ︵ᠲᠦᠷᠪᠠ︶ ᠬᠤᠳᠠ ᠬᠦᠳᠡᠭᠡ ᠶᠢ ᠨᠢᠭᠡᠳᠤᠯᠳᠠᠢ ᠲᠦᠯᠦᠪᠵᠢᠬᠦᠯᠦᠨ ᠬᠦᠭᠵᠢᠬᠦᠯᠬᠦ ᠲᠠᠯ᠎ᠠ ᠪᠠᠷ ᠰᠢᠨ᠎ᠠ ᠨᠢᠭᠡᠨ ᠠᠯᠬᠤᠮ ᠠᠯᠬᠤᠪᠠ᠃ ᠤᠷᠳᠤᠰ ᠬᠤᠳᠠ ᠎ ᠶᠢᠨ ᠬᠤᠳᠠ ᠶᠢᠨ ᠶᠡᠷᠦᠩᠭᠡᠢ ᠲᠦᠯᠦᠪᠵᠢᠬᠦᠯᠭᠡ ᠶᠢ ᠵᠠᠰᠠᠪᠤᠷᠢᠯᠠᠨ ᠲᠡᠭᠤᠰᠴᠤ᠂ ᠬᠤᠳᠠ ᠬᠦᠳᠡᠭᠡ ᠶᠢᠨ ᠲᠦᠯᠦᠪᠵᠢᠬᠦᠯᠭᠡ ᠶᠢᠨ ᠰᠢᠰᠲ᠋ᠧᠮᠵᠢ ᠶᠢ ᠴᠢᠨᠠᠭᠰᠢᠳᠠ ᠲᠡᠬᠦᠯᠳᠡᠷᠵᠢᠬᠦᠯᠵᠡᠢ᠃ ᠬᠤᠳᠠ ᠶᠢᠨ ᠦᠭᠡᠷᠡᠴᠢᠯᠠᠨ ᠪᠦᠳᠦᠭᠡᠨ ᠪᠠᠶᠢᠭᠤᠯᠬᠤ ᠬᠦᠴᠦᠯᠡᠴᠠ ᠶᠢ ᠨᠡᠮᠡᠭᠳᠡᠬᠦᠯᠵᠤ᠂ ᠰᠢᠨ᠎ᠠ ᠪᠠᠷ ᠪᠠᠷᠢᠯᠭ᠎ᠠ ᠡᠬᠢᠯᠡᠬᠦᠯᠦᠭᠰᠡᠨ ᠪᠠᠷᠢᠯᠭ᠎ᠠ ᠎ ᠶᠢᠨ ᠲᠡᠯᠡᠪᠡᠢ 3620 ᠲᠦᠮᠠᠨ ᠲᠡᠭᠰᠢ ᠲᠦᠷᠪᠡᠯᠵᠢᠨ ᠮᠧᠲᠷ ᠬᠦᠷᠴᠤ᠂ ᠪᠡᠶᠡᠯᠡᠬᠦᠯᠦᠭᠰᠡᠨ ᠨᠤᠷᠠᠭᠠᠨ ᠰᠢᠯᠵᠢᠬᠦᠯᠦᠭᠰᠡᠨ ᠲᠠᠯᠠᠪᠠᠢ 377 ᠲᠦᠮᠠᠨ ᠲᠡᠭᠰᠢ ᠲᠦᠷᠪᠡᠯᠵᠢᠨ ᠮᠧᠲᠷ  ᠬᠦᠷᠪᠠ᠃ ᠳ᠋ᠦᠡᠭᠱᠸᠡᠭ ᠲᠤᠭᠤᠷᠢᠭ  ᠤᠨ ᠪᠦᠳᠦᠭᠡᠨ ᠪᠠᠶᠢᠭᠤᠯᠤᠯᠳᠠ ᠶᠢᠨ ᠲᠡᠰ ᠴᠢᠨᠠᠭᠰᠢᠳᠠ ᠲᠡᠭᠡᠭᠰᠢᠯᠡᠵᠤ᠂ ᠠᠯᠳᠠᠨᠰᠢᠷᠡᠭᠡᠳᠤ ᠬᠢᠶ᠎ᠠ ᠪᠠᠭᠰᠢ ᠎ ᠶᠢ ᠴᠤᠭᠴᠠᠵᠢᠭᠤᠯᠤᠨ ᠬᠦᠭᠵᠢᠬᠦᠯᠬᠦ ᠠᠯᠬᠤᠴᠠ ᠲᠦᠷᠭᠡᠳᠴᠤ᠂ ᠡᠯ᠎ᠠ ᠲᠤᠮᠳᠠ ᠵᠢᠵᠢᠭ ᠬᠤᠳᠠ ᠪᠠᠯᠭᠠᠰᠤ ᠶᠢᠨ ᠢᠵᠢ ᠪᠦᠷᠢᠳᠦᠬᠦᠯᠦᠭᠰᠡᠨ ᠴᠢᠳᠠᠪᠬᠢ ᠪᠠ ᠲᠠᠶᠢᠴᠢᠯᠠᠨ ᠲᠠᠭᠠᠭᠤᠯᠬᠤ ᠴᠢᠳᠠᠪᠤᠷᠢ ᠢᠯᠡᠳᠳᠠ ᠨᠡᠮᠡᠭᠳᠡᠵᠤ᠂ ᠬᠤᠳᠠ ᠪᠠᠯᠭᠠᠰᠤᠵᠢᠯᠳᠠ ᠶᠢᠨ ᠨᠤᠷᠮ᠎ᠠ 71% ᠬᠦᠷᠪᠠ᠃  ᠬᠤᠳᠠ ᠶᠢᠨ ᠨᠤᠭᠤᠭᠠᠷᠡᠭᠤᠯᠤᠯᠳᠠ ᠎ ᠶᠢᠨ ᠬᠦᠴᠦᠯᠡᠴᠠ ᠶᠢ ᠨᠡᠮᠡᠭᠳᠡᠬᠦᠯᠵᠤ᠂ ᠰᠢᠨ᠎ᠠ ᠪᠠᠷ ᠨᠡᠮᠡᠭᠳᠡᠬᠦᠯᠦᠭᠰᠡᠨ ᠨᠤᠭᠤᠭᠠᠷᠠᠭᠤᠯᠤᠯᠳᠠ ᠶᠢᠨ ᠲᠠᠯᠠᠪᠠᠢ 2560 ᠲᠦᠮᠠᠨ ᠲᠡᠭᠰᠢ ᠲᠦᠷᠪᠡᠯᠵᠢᠨ ᠮᠧᠲᠷ ᠬᠦᠷᠴᠤ ᠂ ᠮᠠᠨ  ᠤ ᠬᠤᠳᠠ ᠦᠪᠡᠷᠳᠡᠭᠡᠨ ᠵᠠᠰᠠᠬᠤ ᠤᠷᠤᠨ ᠤ ᠲᠠᠰ ᠤᠨ ᠴᠡᠴᠡᠷᠯᠢᠭ ᠬᠤᠳᠠ ᠶᠢ ᠠᠮᠵᠢᠯᠳᠠ ᠲᠠᠢ ᠪᠠᠷ ᠡᠬᠦᠳᠤᠨ ᠪᠠᠶᠢᠭᠤᠯᠪᠠ᠃ ᠬᠤᠳᠠ ᠬᠦᠳᠡᠭᠡ ᠶᠢᠨ ᠨᠢᠭᠡᠳᠤᠯᠳᠠᠢ ᠲᠦᠯᠦᠪᠵᠢᠬᠦᠯᠦᠭᠰᠡᠨ ᠭᠤᠤᠯᠳᠠᠯᠭ᠎ᠠ ᠲᠠᠢ ᠪᠠᠷᠢᠯᠭ᠎ᠠ ᠯᠠᠪᠳᠠᠭᠤᠨ ᠪᠠᠳᠤᠳᠠᠢ ᠶᠠᠪᠤᠭᠳᠠᠵᠤ᠂ 16 ᠰᠤᠳᠤᠨ ᠨᠡᠬᠦᠳᠠᠯ ᠠᠷᠠᠳ  ᠤᠨ ᠵᠢᠵᠢᠭ ᠲᠤᠭᠤᠷᠢᠭ ᠎ ᠢ ᠨᠢᠭᠡᠨᠳᠠ ᠪᠠᠶᠢᠭᠤᠯᠤᠨ ᠤᠷᠤᠨ ᠰᠠᠭᠤᠵᠤ᠂ 21 ᠭᠤᠤᠯᠳᠠᠯᠭᠠᠳᠤ ᠰᠠᠭᠤᠭᠠᠯᠢ ᠠᠷᠠᠳ ᠤᠨ ᠴᠡᠭ  ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠤ᠂ ᠮᠠᠯᠵᠢᠬᠤ ᠲᠠᠷᠢᠶᠠᠯᠠᠬᠤ ᠤᠷᠤᠨ  ᠤ 3.9 ᠲᠦᠮᠠᠨ ᠬᠦᠮᠦᠨ ᠠᠮᠠ ᠶᠢ  ᠰᠢᠯᠵᠢᠬᠦᠯᠪᠠ᠃ ᠤᠳᠤᠭ ᠤᠨ ᠡᠮᠤᠨᠡᠳᠤ ᠬᠤᠰᠢᠭᠤᠨ  ᠤ ᠲᠤᠷᠰᠢᠯᠳᠠ ᠶᠢᠨ ᠴᠡᠭ  ᠤᠨ ᠠᠵᠢᠯ  ᠢ  ᠪᠦᠬᠦ ᠲᠠᠯ᠎ᠠ ᠪᠠᠷ ᠠᠬᠢᠭᠤᠯᠪᠠ  ᠃ ᠠᠮᠢ ᠠᠬᠤᠢ ᠶᠢᠨ ᠪᠤᠯᠪᠠᠰᠤᠨ  ᠤ ᠪᠠᠶᠢᠭᠤᠯᠤᠯᠳᠠ ᠪᠠ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢᠨ ᠦᠷ᠎ᠠ ᠪᠦᠳᠦᠮᠵᠢ ᠢᠯᠡᠳᠳᠠ ᠪᠠᠶᠢᠨ᠎ᠠ᠃ 235 ᠲᠦᠮᠠᠨ ᠮᠤ᠋ ᠮᠤᠳᠤ ᠲᠠᠷᠢᠵᠤ᠂ 520 ᠲᠦᠮᠠᠨ ᠮᠤ᠋ ᠪᠡᠯᠴᠢᠭᠡᠷ  ᠢ ᠰᠤᠯᠠᠳᠬᠠᠨ ᠡᠪᠡᠰᠤ ᠲᠠᠷᠢᠵᠤ᠂ 162 ᠲᠦᠮᠠᠨ ᠮᠤ᠋ ᠬᠦᠷᠦᠰᠤ ᠰᠢᠷᠤᠢ ᠶᠢᠨ ᠢᠳᠡᠭᠳᠡᠯ ᠳᠤ ᠵᠠᠰᠠᠯᠳᠠ ᠬᠢᠪᠠ᠃ ᠲᠦᠮᠠᠨ ᠲᠦᠬᠦᠷᠢᠭ  ᠤᠨ GDP᠎ ᠤᠨ ᠡᠨᠧᠷᠬᠢ ᠶᠢᠨ ᠬᠤᠷᠤᠭᠳᠠᠯ  ᠢ 2.8%᠎ ᠪᠠᠷ ᠪᠠᠭᠤᠷᠡᠭᠤᠯᠵᠤ᠂ ᠬᠦᠬᠦᠷ  ᠤᠨ ᠲᠠᠪᠬᠤᠷ ᠢᠰᠤᠯ  ᠢ ᠭᠠᠳᠠᠭᠰᠢᠯᠠᠭᠤᠯᠬᠤ ᠬᠡᠮᠵᠢᠶ᠎ᠠ ᠶᠢ 3.8 ᠲᠦᠮᠠᠨ ᠲᠤᠨ᠂ ᠬᠢᠮᠢ ᠶᠢᠨ ᠬᠡᠷᠡᠭᠰᠡᠬᠦ ᠬᠦᠴᠢᠯᠳᠦ᠋ᠷᠦᠭᠴᠢ ᠶᠢᠨ ᠬᠡᠮᠵᠢᠶ᠎ᠠ ᠶᠢ 2000 ᠲᠤᠨ᠂ ᠰᠢᠪᠳᠤᠷ ᠠᠽᠤᠲ  ᠢ 260 ᠲᠤᠨ᠂ ᠠᠽᠤᠲ ᠬᠦᠴᠢᠯᠳᠦ᠋ᠷᠦᠭᠴᠢᠳᠤ ᠪᠤᠳᠠᠰ  ᠢ 8000 ᠲᠤᠨ ᠬᠠᠰᠤᠭᠳᠠᠭᠤᠯᠪᠠ᠃  ᠰᠢᠨ᠎ᠠ ᠪᠠᠷ ᠨᠡᠮᠡᠭᠳᠡᠭᠰᠡᠨ ᠦᠨᠳᠤᠷ ᠲᠡᠰ  ᠤᠨ ᠵᠠᠰᠠᠮᠠᠯ ᠵᠠᠮ 334 ᠺᠢᠯᠤᠮᠧᠲᠷ᠂ ᠲᠡᠮᠤᠷ ᠵᠠᠮ 82.8 ᠺᠢᠯᠤᠮᠧᠲᠷ᠂ ᠠᠶᠠᠯᠠᠯ  ᠤᠨ ᠱᠤᠭᠤᠮ 17 ᠵᠤᠷᠪᠤᠰ ᠬᠦᠷᠴᠤ᠂ ᠪᠠᠭᠤᠳᠠᠯ  ᠤᠨ ᠨᠢᠰᠭᠡᠯ  ᠤᠨ ᠦᠷᠳᠡᠭᠡ ᠶᠢᠨ ᠲᠤᠭᠤᠷᠢᠭ  ᠢ ᠦᠭᠡᠷᠡᠴᠢᠯᠠᠨ ᠦᠷᠭᠡᠳᠭᠡᠨ ᠪᠠᠶᠢᠭᠤᠯᠬᠤ ᠭᠤᠤᠯ ᠴᠤᠭᠴᠠ ᠪᠠᠷᠢᠯᠭ᠎ᠠ ᠶᠢ ᠪᠡᠶᠡᠯᠡᠬᠦᠯᠪᠠ᠃ ᠰᠢᠨ᠎ᠠ ᠪᠠᠷ ᠨᠡᠮᠡᠭᠳᠡᠭᠰᠡᠨ ᠠᠵᠤ ᠦᠢᠯᠡᠳᠪᠤᠷᠢ ᠶᠢᠨ ᠤᠰᠤ ᠬᠠᠨᠭ᠍ᠭᠠᠯᠭ᠎ᠠ ᠶᠢᠨ ᠴᠢᠳᠠᠪᠤᠷᠢ 2.6 ᠲᠦᠮᠠᠨ ᠪᠤᠰᠤᠭ᠎ᠠ ᠲᠦᠷᠪᠡᠯᠵᠢᠨ ᠮᠧᠲᠷ ᠬᠦᠷᠴᠤ᠂ ᠬᠠᠳᠤᠨ ᠭᠤᠤᠯ  ᠤᠨ ᠦᠨᠳᠤᠷ ᠪᠠᠷᠢᠮᠵᠢᠶᠠᠳᠤ ᠲᠠᠯᠠᠩ ᠬᠠᠰᠢᠯᠭ᠎ᠠ ᠶᠢ ᠰᠢᠨ᠎ᠠ ᠪᠠᠷ 81.6 ᠺᠢᠯᠤᠮᠧᠲᠷ ᠪᠠᠶᠢᠭᠤᠯᠵᠤ᠂ 3 ᠦᠶᠡᠷ ᠬᠤᠷᠠᠭᠤᠯᠬᠤ ᠤᠷᠤᠨ  ᠤ ᠪᠦᠳᠦᠭᠡᠨ ᠪᠠᠶᠢᠭᠤᠯᠤᠯᠳᠠ ᠶᠢᠨ ᠠᠵᠢᠯ ᠎ ᠢ ᠪᠦᠬᠦ ᠲᠠᠯ᠎ᠠ ᠪᠠᠷ ᠪᠡᠶᠡᠯᠡᠬᠦᠯᠪᠠ᠃ ᠰᠢᠨ᠎ᠠ ᠪᠠᠷ ᠪᠤᠶᠤ ᠦᠷᠭᠡᠳᠭᠡᠨ ᠪᠠᠶᠢᠭᠤᠯᠤᠭᠰᠠᠨ 220 ᠺᠢᠯᠤᠸᠤᠯᠲ  ᠤᠨ ᠬᠤᠪᠢᠰᠬᠠᠭᠤᠷ  ᠤᠨ ᠦᠷᠳᠡᠭᠡ 9 ᠪᠠᠶᠢᠵᠤ᠂ 110  ᠺᠢᠯᠤᠸᠤᠯᠲ ᠵᠢᠴᠢ ᠡᠬᠦᠨ ᠠᠴᠠ ᠲᠡᠬᠡᠭᠰᠢᠬᠢ ᠴᠠᠬᠢᠯᠭᠠᠨ ᠬᠦᠷᠭᠡᠬᠦ ᠬᠦᠴᠦᠳᠠᠯ ᠦᠭᠡᠷᠡᠴᠢᠯᠡᠬᠦ ᠤᠳᠠᠰᠤ ᠶᠢ ᠰᠢᠨ᠎ᠠ ᠪᠠᠷ 326 ᠺᠢᠯᠤᠮᠧᠲᠷ ᠨᠡᠮᠡᠭᠳᠡᠬᠦᠯᠪᠠ᠃ ᠬᠦᠷᠢᠶᠠᠯᠠᠩ ᠲᠤᠭᠤᠷᠢᠭ ᠤᠨ ᠰᠠᠭᠤᠷᠢ ᠲᠦᠬᠦᠭᠡᠷᠦᠮᠵᠢ ᠶᠢᠨ ᠪᠠᠯᠠ ᠤᠷᠤᠭᠤᠯᠤᠯᠳᠠ ᠶᠢ 108 ᠳ᠋ᠦᠡᠭᠰᠢᠭᠤᠷ ᠲᠦᠬᠦᠷᠢᠭ ᠪᠡᠶᠡᠯᠡᠬᠦᠯᠵᠤ᠂ ᠠᠵᠤ ᠦᠢᠯᠡᠳᠪᠤᠷᠢ ᠶᠢᠨ ᠬᠦᠷᠢᠶᠠᠯᠠᠩ ᠲᠤᠭᠤᠷᠢᠭ ᠢ ᠦᠷᠭᠡᠳᠭᠡᠨ ᠪᠠᠶᠢᠭᠤᠯᠤᠭᠰᠠᠨ ᠲᠠᠯᠠᠪᠠᠢ 36.4 ᠺᠢᠯᠤᠮᠧᠲᠷ ᠬᠦᠷᠪᠠ᠃ ᠬᠢᠨᠭ᠍ᠭᠠᠨ ᠠᠶᠢᠮᠠᠭ  ᠢ ᠠᠵᠢᠯ ᠲᠦᠷᠦᠯ  ᠢᠶᠠᠷ ᠲᠤᠰᠠᠯᠠᠬᠤ ᠠᠵᠢᠯ ᠎ ᠢ ᠢᠳᠡᠪᠬᠢᠳᠠᠢ ᠦᠷᠨᠢᠬᠦᠯᠵᠤ᠂ ᠨᠢᠭᠡ ᠪᠦᠯᠦᠭ ᠴᠢᠬᠤᠯᠠ ᠲᠦᠷᠦᠯ ᠵᠦᠢᠯ  ᠤᠨ ᠪᠠᠷᠢᠯᠭ᠎ᠠ ᠶᠢ ᠡᠬᠢᠯᠠᠬᠦᠯᠦᠨ ᠪᠦᠳᠦᠭᠡᠨ ᠪᠠᠶᠢᠭᠤᠯᠵᠤ᠂ ᠠᠶᠢᠮᠠᠭ ᠬᠤᠳᠠ ᠶᠢᠨ ᠬᠠᠮᠳᠤᠷᠠᠨ ᠠᠵᠢᠯᠯᠠᠵᠤ ᠬᠠᠮᠳᠤ ᠪᠠᠷ ᠢᠯᠠᠭᠰᠠᠨ ᠰᠢᠨ᠎ᠠ ᠪᠠᠶᠢᠳᠠᠯ  ᠢ ᠨᠡᠭᠡᠭᠡᠭᠰᠡᠨ ᠪᠠᠶᠢᠨ᠎ᠠ᠃      ︵ᠲᠠᠪᠤ︶ ᠨᠡᠶᠢᠭᠡᠮ  ᠤᠨ ᠠᠵᠢᠯ ᠦᠢᠯᠡᠰ  ᠤᠨ ᠬᠦᠭᠵᠢᠯᠳᠠ ᠶᠢᠨ ᠲᠠᠯ᠎ᠠ ᠪᠠᠷ ᠰᠢᠨ᠎ᠠ ᠦᠷ᠎ᠠ ᠪᠦᠳᠦᠮᠵᠢ ᠤᠯᠪᠠ᠃ ︽12· 5︾ ᠵᠢᠯ  ᠤᠨ ᠰᠤᠷᠭᠠᠨ ᠬᠦᠮᠦᠵᠢᠯ  ᠤᠨ ᠬᠦᠭᠵᠢᠯᠳᠠ ᠶᠢᠨ ᠲᠦᠯᠦᠪᠵᠢᠬᠦᠯᠭᠡ ᠶᠢ ᠲᠤᠭᠳᠠᠭᠠᠵᠤ᠂ ᠰᠤᠷᠭᠠᠨ ᠬᠦᠮᠦᠵᠢᠯ  ᠤᠨ ᠤᠷᠤᠭᠤᠯᠤᠯᠳᠠ ᠶᠢᠨ ᠬᠦᠴᠦᠯᠡᠴᠠ ᠶᠢ ᠴᠢᠨᠠᠭᠰᠢᠳᠠ ᠨᠡᠮᠡᠭᠳᠡᠬᠦᠯᠵᠤ᠂ ᠪᠦᠬᠦ ᠬᠤᠳᠠ ᠪᠠᠷ  ᠢᠶᠠᠨ ᠨᠡᠶᠢᠳᠠ 49.4 ᠳ᠋ᠦᠡᠭᠰᠢᠭᠤᠷ ᠲᠦᠬᠦᠷᠢᠭ  ᠤᠷᠤᠭᠤᠯᠵᠤ᠂ ᠲᠡᠭᠡᠷ᠎ᠠ ᠵᠢᠯ ᠠᠴᠠ 12.5%᠎ ᠪᠠᠷ ᠨᠡᠮᠡᠭᠳᠡᠵᠤ᠂  ᠪᠦᠬᠦ ᠬᠤᠳᠠ  ᠳᠤ ᠬᠡᠦᠭᠡᠳ  ᠤᠨ ᠴᠡᠴᠡᠷᠯᠢᠭ᠂ ᠲᠤᠮᠳᠠᠳᠤ ᠪᠠᠭ᠎ᠠ ᠰᠤᠷᠭᠠᠭᠤᠯᠢ ᠶᠢ  ᠰᠢᠨ᠎ᠠ ᠪᠠᠷ ᠲᠤᠰᠪᠤᠷᠢ 69 ᠪᠠ 41  ᠪᠠᠶᠢᠭᠤᠯᠵᠤ᠂ ᠲᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠠᠯ ᠪᠠᠶᠢᠷᠢ ᠶᠢᠨ ᠬᠡᠷ  ᠤᠨ ᠠᠶᠤᠯ ᠦᠭᠡᠢ ᠶᠢᠨ ᠬᠤᠶᠠᠳᠤᠭᠠᠷ ᠬᠤᠭᠤᠴᠠᠭᠠᠨ  ᠤ ᠪᠠᠷᠢᠯᠭ᠎ᠠ ᠶᠢ ᠪᠦᠬᠦ ᠲᠠᠯ᠎ᠠ ᠪᠠᠷ ᠠᠬᠢᠭᠤᠯᠵᠤ᠂ ᠠᠵᠢᠯ ᠮᠡᠷᠭᠡᠵᠢᠯ  ᠤᠨ ᠲᠡᠭᠡᠳᠤ ᠰᠤᠷᠭᠠᠭᠤᠯᠢ ᠶᠢᠨ ᠰᠢᠨ᠎ᠠ ᠰᠤᠷᠭᠠᠭᠤᠯᠢ ᠶᠢᠨ ᠲᠤᠭᠤᠷᠢᠭ ᠪᠠᠶᠢᠭᠤᠯᠤᠭᠳᠠᠨ ᠠᠰᠢᠭᠯᠠᠯᠳᠠ  ᠳᠤ ᠤᠷᠤᠵᠤ᠂ ᠦᠪᠦᠷ ᠮᠤᠩᠭᠤᠯ  ᠤᠨ ᠶᠡᠭᠡ ᠰᠤᠷᠭᠠᠭᠤᠯᠢ ᠶᠢᠨ ᠤᠷᠳᠤᠰ ᠲᠡᠭᠡᠳᠤ ᠰᠤᠷᠭᠠᠭᠤᠯᠢ ᠶᠢᠨ ᠬᠤᠶᠠᠳᠤᠭᠠᠷ ᠬᠤᠭᠤᠴᠠᠭᠠᠨ  ᠤ ᠪᠠᠷᠢᠯᠭ᠎ᠠ ᠶᠢ ᠡᠬᠢᠯᠡᠬᠦᠯᠪᠠ᠃ ᠰᠤᠷᠬᠤ ᠨᠠᠰᠤᠨ ᠠᠴᠠ ᠡᠮᠤᠨᠡᠬᠢ ᠰᠤᠷᠭᠠᠨ ᠬᠦᠮᠦᠵᠢᠯ  ᠢ ᠡᠳ᠋  ᠤᠨ ᠵᠠᠰᠠᠭ  ᠤᠨ ᠪᠠᠳᠤᠯᠠᠭ᠎ᠠ ᠶᠢᠨ ᠬᠦᠷᠢᠶ᠎ᠠ ᠬᠡᠪᠴᠢᠶᠠᠨ  ᠳᠤ ᠤᠷᠤᠭᠤᠯᠵᠤ᠂ ᠵᠠᠷᠢᠮ ᠬᠤᠰᠢᠭᠤ ᠲᠤᠭᠤᠷᠢᠭ ᠲᠤ 15 ᠵᠢᠯ  ᠤᠨ ᠰᠦᠢᠳᠭᠡᠯ ᠬᠤᠷᠢᠶᠠᠬᠤ ᠦᠭᠡᠢ ᠰᠤᠷᠭᠠᠨ ᠬᠦᠮᠦᠵᠢᠯ  ᠢ ᠡᠬᠢᠯᠡᠬᠦᠯᠵᠡᠢ᠃ ᠪᠦᠬᠦ ᠬᠤᠳᠠ ᠶᠢᠨ ᠲᠤᠮᠳᠠᠳᠤ ᠵᠡᠷᠭᠡ ᠶᠢᠨ ᠠᠵᠢᠯ ᠮᠡᠷᠭᠡᠵᠢᠯ  ᠤᠨ ᠰᠤᠷᠭᠠᠨ ᠬᠦᠮᠦᠵᠢᠯ ᠳᠤ ᠰᠦᠢᠳᠬᠡᠯ ᠬᠤᠷᠢᠶᠠᠬᠤ ᠦᠭᠡᠢ ᠶᠢ ᠬᠡᠷᠡᠭᠵᠢᠬᠦᠯᠪᠠ᠃ ᠰᠢᠨᠵᠢᠯᠡᠬᠦ ᠤᠬᠠᠭᠠᠨ ᠮᠡᠷᠭᠡᠵᠢᠯ  ᠤᠨ ᠰᠢᠨ᠎ᠠ ᠶᠢ ᠡᠬᠦᠳᠬᠦ ᠴᠢᠳᠠᠪᠤᠷᠢ ᠶᠢ ᠴᠢᠷᠮᠠᠶᠢᠨ ᠲᠡᠭᠡᠭᠰᠢᠯᠡᠬᠦᠯᠵᠤ᠂ ᠤᠯᠤᠰ ᠤᠨ ᠲᠡᠰ  ᠤᠨ ᠰᠢᠨ᠎ᠠ ᠶᠢ ᠡᠬᠦᠳᠬᠦ ᠬᠡᠯᠪᠡᠷᠢ ᠶᠢᠨ ᠠᠵᠤ ᠠᠬᠤᠶᠢᠯᠠᠯ  ᠢ ᠰᠢᠨ᠎ᠠ ᠪᠠᠷ 1᠂ ᠲᠡᠭᠡᠳᠤ ᠰᠢᠨ᠎ᠠ ᠮᠡᠷᠭᠡᠵᠢᠯ  ᠤᠨ ᠠᠵᠤ ᠠᠬᠤᠶᠢᠯᠠᠯ  ᠢ 2  ᠨᠡᠮᠡᠭᠳᠡᠬᠦᠯᠵᠦ᠂ ᠦᠪᠡᠷᠳᠡᠭᠡᠨ ᠵᠠᠰᠠᠬᠤ ᠤᠷᠤᠨ  ᠤ ᠲᠡᠰ  ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠪᠠᠶᠢᠭᠤᠯᠤᠮᠵᠢ ᠶᠢ ᠰᠢᠨ᠎ᠠ ᠪᠠᠷ 3 ᠪᠠᠶᠢᠭᠤᠯᠪᠠ᠃ ᠬᠤᠳᠠ ᠶᠢᠨ ᠲᠡᠭᠡᠳᠤ ᠰᠢᠨ᠎ᠠ ᠮᠡᠷᠭᠡᠵᠢᠯ  ᠤᠨ ᠠᠵᠤ ᠦᠢᠯᠡᠰ  ᠤᠨ ᠬᠦᠷᠢᠶᠠᠯᠠᠩ ᠲᠤᠭᠤᠷᠢᠭ  ᠤᠨ ᠪᠦᠳᠦᠭᠡᠨ ᠪᠠᠶᠢᠭᠤᠯᠤᠯᠳᠠ ᠶᠢ ᠪᠦᠬᠦ ᠲᠠᠯ᠎ᠠ ᠪᠠᠷ ᠡᠬᠢᠯᠡᠬᠦᠯᠬᠦ ᠎ ᠶᠢᠨ ᠬᠠᠮᠳᠤ ᠦᠪᠡᠷᠳᠡᠭᠡᠨ ᠵᠠᠰᠠᠬᠤ ᠤᠷᠤᠨ  ᠤ ᠲᠠᠰ  ᠤᠨ ᠲᠡᠭᠡᠳᠤ ᠰᠢᠨ᠎ᠠ ᠮᠡᠷᠭᠡᠵᠢᠯ  ᠤᠨ ᠬᠦᠷᠢᠶᠠᠯᠠᠩ ᠲᠤᠭᠤᠷᠢᠭ ᠪᠤᠯᠭᠠᠪᠠ᠃ ᠴᠢᠳᠠᠪᠤᠷᠢᠳᠠᠨ  ᠤ ᠤᠷᠳᠤᠰ ᠎ ᠤᠨ ᠢᠨᠵᠧᠨᠧᠷᠢᠩ ᠪᠠ 10 ᠲᠦᠮᠠᠨ ᠴᠢᠳᠠᠪᠤᠷᠢᠳᠠᠨ  ᠢ ᠪᠤᠯᠪᠠᠰᠤᠷᠠᠭᠤᠯᠤᠨ ᠤᠷᠤᠭᠤᠯᠬᠤ ᠲᠦᠯᠦᠪᠯᠡᠭᠡ ᠶᠢ ᠪᠦᠬᠦ ᠲᠠᠯ᠎ᠠ ᠪᠠᠷ ᠬᠡᠷᠡᠭᠵᠢᠬᠦᠯᠪᠠ᠃ ᠰᠤᠶᠤᠯ ᠪᠠᠶ᠎ᠠ ᠎ ᠶᠢᠨ ᠲᠠᠮᠢᠷ  ᠤᠨ ᠠᠵᠢᠯ ᠦᠢᠯᠡᠰ  ᠢ ᠲᠦᠷᠭᠡᠨ ᠢᠶᠠᠷ ᠬᠦᠭᠵᠢᠬᠦᠯᠵᠤ᠂ ᠳ᠋ᠦᠡᠭᠱᠸᠡᠭ  ᠤᠨ ᠪᠦᠬᠦ ᠠᠷᠠᠳ ᠤᠨ ᠪᠠᠶ᠎ᠠ ᠴᠢᠬᠢᠷᠠᠭᠵᠢᠭᠤᠯᠬᠤ ᠲᠦᠪ᠂ ᠤᠷᠳᠤᠰ ᠮᠦᠽᠸᠢ ᠵᠡᠷᠭᠡ ᠨᠢᠭᠡ ᠪᠦᠯᠦᠭ ᠲᠤᠮᠤ ᠬᠡᠯᠪᠡᠷᠢ ᠶᠢᠨ ᠤᠯᠠᠨ ᠨᠠᠶᠢᠳᠠ ᠶᠢᠨ ᠰᠤᠶᠤᠯ ᠪᠠᠶ᠎ᠠ ᠶᠢᠨ ᠲᠠᠮᠢᠷ  ᠤᠨ ᠲᠦᠬᠦᠭᠡᠷᠦᠮᠵᠢ ᠪᠠᠶᠢᠭᠤᠯᠤᠭᠳᠠᠨ ᠠᠰᠢᠭᠯᠠᠯᠳᠠ  ᠳᠤ ᠤᠷᠤᠵᠤ᠂ ᠭᠠᠴᠠᠭ᠎ᠠ ᠲᠤᠰᠬᠤᠨ  ᠤ ᠰᠤᠶᠤᠯ  ᠤᠨ ᠦᠷᠦᠭᠡ ᠶᠢ ᠰᠢᠨ᠎ᠠ ᠪᠠᠷ 110 ᠪᠠᠶᠢᠭᠤᠯᠪᠠ︔ ᠲᠤᠮᠳᠠᠳᠤ ᠤᠯᠤᠰ  ᠤᠨ ᠫᠢᠩᠫᠠᠩ ᠪᠦᠮᠪᠦᠭᠡ ᠶᠢᠨ ᠺᠢᠯᠦ᠋ᠪ ᠤᠨ ᠲᠡᠰ ᠎ ᠠᠴᠠ ᠲᠠᠪᠠᠭᠰᠠᠨ ᠬᠤᠯᠪᠤᠭᠠᠳᠤ ᠤᠷᠤᠯᠳᠤᠭᠠᠨ᠂ ᠠᠽᠢᠶ᠎ᠠ ᠲᠢᠪ  ᠤᠨ ᠪᠤᠶᠢᠺᠦ ᠪᠦᠮᠪᠦᠭᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠵᠡᠷᠭᠡ ᠲᠤᠮᠤ ᠬᠡᠯᠪᠡᠷᠢ ᠶᠢᠨ ᠤᠷᠤᠯᠳᠤᠭᠠᠨ  ᠤ ᠠᠵᠢᠯᠯᠠᠭ᠎ᠠ ᠶᠢ ᠠᠮᠵᠢᠯᠳᠠ ᠲᠠᠢ ᠪᠠᠷ ᠡᠷᠬᠢᠯᠡᠵᠤ᠂ ᠠᠷᠪᠠᠳᠤᠭᠠᠷ ᠬᠤᠭᠤᠴᠠᠭᠠᠨ  ᠤ ᠪᠦᠬᠦ ᠤᠯᠤᠰ  ᠤᠨ ᠠᠷᠠᠳ  ᠤᠨ ᠪᠡᠶ᠎ᠡ ᠶᠢᠨ ᠲᠠᠮᠢᠷ  ᠤᠨ ᠴᠤᠭᠯᠠᠭᠠᠨ  ᠢ ᠲᠠᠭᠠᠭᠠᠴᠢᠯᠠᠨ ᠡᠷᠬᠢᠯᠡᠬᠦ ᠬᠢᠷᠢ ᠬᠡᠮ  ᠢ ᠤᠯᠪᠠ᠃ ᠡᠮ ᠡᠮᠨᠡᠯᠭᠡ ᠡᠷᠡᠬᠦᠯ ᠬᠠᠮᠠᠭᠠᠯᠠᠯ  ᠤᠨ ᠪᠠᠶᠢᠭᠤᠯᠤᠯ  ᠤᠨ ᠦᠭᠡᠷᠡᠴᠢᠯᠠᠯᠳᠠ ᠶᠢ ᠲᠦᠷᠭᠡᠳᠭᠡᠵᠤ᠂ ᠪᠠᠷᠢᠮᠵᠢᠶᠠᠴᠢᠯᠠᠭᠰᠠᠨ ᠡᠷᠡᠬᠦᠯ ᠬᠠᠮᠠᠭᠠᠯᠠᠯ  ᠤᠨ ᠲᠡᠰᠤᠭ᠂ ᠰᠢᠯᠵᠢᠮᠠᠯ ᠡᠷᠡᠬᠦᠯ ᠬᠠᠮᠠᠭᠠᠯᠠᠯ ᠤᠨ ᠲᠡᠰᠤᠭ  ᠢ ᠰᠢᠨ᠎ᠠ ᠪᠠᠷ ᠲᠤᠰᠪᠤᠷᠢ 100  ᠪᠠ 50 ᠪᠠᠶᠢᠭᠤᠯᠵᠤ᠂ 100 ᠨᠠᠷ᠎ᠠ ᠦᠨᠳᠤᠰᠤᠨ ᠱᠠᠳᠤᠨ  ᠤ ᠡᠷᠡᠬᠦᠯ ᠬᠠᠮᠠᠭᠠᠯᠠᠯ  ᠤᠨ ᠲᠤᠰᠬᠠᠢ ᠮᠡᠷᠭᠡᠵᠢᠯᠳᠠᠨ  ᠢ ᠤᠷᠢᠵᠤ᠂ ᠵᠤᠬᠢᠬᠤ ᠨᠠᠰᠤᠨ  ᠤ ᠡᠮᠡᠭᠳᠡᠶᠢᠴᠤᠳ ᠲᠤ ᠬᠤᠶᠠᠷ ᠤᠮᠠᠨ ᠎ ᠤ ᠰᠢᠭᠰᠢᠨ ᠪᠠᠶᠢᠴᠠᠭᠠᠯᠳᠠ ᠬᠢᠭᠰᠡᠨ ᠬᠦᠮᠦᠨ  ᠤ ᠲᠤᠭ᠎ᠠ 12 ᠲᠦᠮᠠᠨ ᠬᠦᠮᠦᠨ ᠤᠳᠠᠭ᠎ᠠ  ᠳᠤ ᠬᠦᠷᠪᠠ᠃ ᠬᠦᠮᠦᠨ ᠠᠮᠠ ᠬᠢᠬᠡᠳ ᠲᠦᠯᠦᠪᠯᠡᠭᠡᠳᠡᠢ ᠪᠠᠷ  ᠬᠡᠦᠭᠡᠳ ᠠᠪᠬᠤ ᠠᠵᠢᠯ  ᠢ ᠴᠢᠩᠭᠠᠳᠬᠠᠵᠤ᠂ ᠪᠦᠬᠦ ᠬᠤᠳᠠ ᠶᠢᠨ ᠬᠦᠮᠦᠨ ᠠᠮᠠ ᠶᠢᠨ ᠲᠦᠷᠦᠯᠳᠠ ᠶᠢᠨ ᠨᠤᠷᠮ᠎ᠠ 10.26‰ ᠎ ᠳᠤ ᠬᠦᠷᠪᠠ᠃ ᠪᠦᠬᠦ ᠤᠯᠤᠰ  ᠤᠨ ᠵᠢᠷᠭᠤᠳᠤᠭᠠᠷ ᠤᠳᠠᠭᠠᠨ  ᠤ ᠬᠦᠮᠦᠨ ᠠᠮᠠ ᠶᠢᠨ ᠨᠡᠶᠢᠳᠠᠮ ᠪᠠᠶᠢᠴᠠᠭᠠᠯᠳᠠ ᠶᠢᠨ ᠡᠬᠦᠷᠭᠡ ᠶᠢ ᠠᠮᠵᠢᠯᠳᠠ ᠲᠠᠢ ᠪᠡᠶᠡᠯᠡᠬᠦᠯᠪᠠ᠃      ︵ᠵᠢᠷᠭᠤᠭ᠎ᠠ︶ ᠨᠡᠶᠢᠭᠡᠮ  ᠤᠨ ᠬᠠᠮᠢᠶᠠᠷᠤᠯᠳᠠ ᠶᠢᠨ ᠰᠢᠨ᠎ᠠ ᠶᠢ ᠡᠬᠦᠳᠬᠦ ᠲᠠᠯ᠎ᠠ ᠪᠠᠷ ᠰᠢᠨ᠎ᠠ  ᠠᠬᠢᠯᠳᠠ ᠲᠠᠢ ᠪᠤᠯᠪᠠ᠃  ᠮᠠᠨ  ᠤ ᠬᠤᠳᠠ ᠪᠦᠬᠦ ᠤᠯᠤᠰ ᠎ ᠤᠨ ᠨᠡᠶᠢᠭᠡᠮ ᠤᠨ ᠬᠠᠮᠢᠶᠠᠷᠤᠯᠳᠠ ᠶᠢᠨ ᠰᠢᠨ᠎ᠠ ᠶᠢ ᠡᠬᠦᠳᠬᠦ 35 ᠶᠡᠷᠦᠩᠭᠡᠶᠢᠯᠡᠭᠰᠡᠨ ᠲᠤᠷᠰᠢᠯᠳᠠ ᠶᠢᠨ ᠴᠡᠭ ᠤᠨ ᠬᠤᠳᠠ ᠶᠢᠨ ᠨᠢᠭᠡ ᠨᠢ ᠪᠤᠯᠤᠭᠰᠠᠨ ᠪᠠᠶᠢᠨ᠎ᠠ᠃ ᠨᠡᠶᠢᠭᠡᠮ  ᠤᠨ ᠵᠦᠷᠢᠴᠡᠯ  ᠢ ᠵᠢᠬᠰᠠᠭᠠᠨ ᠪᠠᠶᠢᠴᠠᠭᠠᠵᠤ ᠠᠷᠢᠯᠭᠠᠬᠤ ᠠᠵᠢᠯ  ᠢ ᠬᠦᠨᠵᠡᠭᠡᠢ ᠦᠷᠨᠢᠬᠦᠯᠵᠤ᠂ ᠤᠯᠠᠨ ᠲᠦᠮᠠᠨ ᠤ ᠠᠰᠢᠭ ᠲᠤᠰᠠ ᠲᠠᠢ ᠬᠤᠯᠪᠤᠭᠳᠠᠭᠰᠠᠨ᠂  ᠨᠡᠶᠢᠭᠡᠮ  ᠤᠨ ᠠᠮᠤᠷ ᠲᠤᠭᠳᠠᠭᠤᠨ  ᠢ ᠨᠦᠯᠦᠭᠡᠯᠡᠵᠤ ᠪᠠᠶᠢᠭ᠎ᠠ ᠨᠢᠭᠡ ᠪᠦᠯᠦᠭ ᠲᠤᠪᠤᠶᠢᠮ᠎ᠠ ᠠᠰᠠᠭᠤᠳᠠᠯ  ᠢ ᠲᠦᠪᠯᠡᠷᠡᠬᠦᠯᠦᠨ ᠰᠢᠢᠳᠪᠤᠷᠢᠯᠠᠵᠤ᠂ ᠵᠠᠬᠢᠳᠠᠯ ᠰᠤᠷᠪᠤᠯᠵᠢᠯᠠᠭ᠎ᠠ ᠶᠢᠨ ᠪᠦᠯᠦᠭ ᠤᠳᠠᠭ᠎ᠠ ᠪᠠ ᠬᠦᠮᠦᠨ ᠤᠳᠠᠭ᠎ᠠ  ᠲᠤᠰᠪᠤᠷᠢ 50.3% ᠪᠠ 62.3%᠎ ᠪᠠᠷ ᠪᠠᠭᠤᠷᠠᠪᠠ᠃ ᠬᠡᠷ ᠪᠠᠶᠢᠰᠢᠩ ᠭᠠᠵᠠᠷ ᠬᠦᠷᠦᠩᠭᠡ ᠪᠠ ᠠᠷᠠᠳ  ᠤᠨ ᠵᠢᠭᠡᠯᠡᠯᠭᠡ ᠶᠢᠨ ᠬᠦᠷᠢᠶ᠎ᠠ ᠬᠡᠪᠴᠢᠶᠠᠨ  ᠳᠤ ᠢᠯᠡᠷᠡᠭᠰᠡᠨ ᠰᠢᠨ᠎ᠠ ᠠᠰᠠᠭᠤᠳᠠᠯ  ᠢ ᠢᠳᠡᠪᠬᠢᠳᠠᠢ ᠠᠷᠭᠠᠴᠠᠵᠤ᠂  ᠢᠳᠡᠭᠡᠮᠵᠢᠳᠤ ᠵᠢᠭᠡᠯᠡᠯᠭᠡ ᠲᠠᠯᠪᠢᠬᠤ ᠶᠢ ᠴᠢᠷᠮᠠᠶᠢᠨ ᠦᠷᠭᠡᠳᠭᠡᠵᠤ᠂ ᠲᠤᠮᠳᠠ ᠵᠢᠵᠢᠭ ᠠᠵᠤ ᠠᠬᠤᠶᠢᠯᠠᠯ  ᠢ ᠲᠠᠮᠵᠢᠨ ᠬᠦᠭᠵᠢᠬᠦᠯᠵᠤ᠂ ᠠᠷᠠᠳ ᠤᠨ ᠵᠢᠭᠡᠯᠡᠯᠭᠡ ᠶᠢᠨ ᠠᠵᠢᠯᠯᠠᠭ᠎ᠠ ᠶᠢ ᠲᠦᠷᠢᠮᠵᠢᠬᠦᠯᠵᠤ᠂ ᠬᠡᠷ ᠪᠠᠶᠢᠰᠢᠩ ᠭᠠᠵᠠᠷ ᠬᠦᠷᠦᠩᠭᠡ ᠶᠢᠨ ᠦᠢᠯᠡᠰ  ᠤᠨ ᠲᠦᠪᠯᠡᠷᠡᠯ  ᠤᠨ ᠬᠡᠮᠵᠢᠶ᠎ᠠ ᠶᠢ ᠲᠡᠭᠡᠭᠰᠢᠯᠡᠬᠦᠯᠵᠤ᠂ ᠮᠦᠡᠭᠬᠦᠨ ᠬᠦᠢᠯᠭᠡᠭᠡ ᠪᠠ ᠬᠡᠷ ᠪᠠᠶᠢᠰᠢᠩ ᠭᠠᠵᠠᠷ ᠬᠦᠷᠦᠩᠭᠡ ᠎ ᠶᠢᠨ ᠵᠠᠬ᠎ᠠ ᠲᠠᠯᠭᠡᠬᠦᠷ  ᠤᠨ ᠶᠡᠷᠦᠩᠭᠡᠢ ᠳᠡᠭᠡᠨ ᠲᠤᠭᠳᠠᠭᠤᠨ ᠪᠠᠶᠢᠬᠤ ᠶᠢ ᠪᠠᠳᠤᠯᠠᠭᠰᠠᠨ ᠪᠠᠶᠢᠨ᠎ᠠ᠃ ᠨᠡᠶᠢᠭᠡᠮ ᠤᠨ ᠠᠮᠤᠷ ᠲᠦᠪᠰᠢᠨ ᠢ ᠶᠡᠷᠦᠩᠭᠡᠶᠢᠯᠠᠨ ᠵᠠᠰᠠᠬᠤ ᠶᠢ ᠴᠢᠩᠭᠠᠳᠬᠠᠵᠤ᠂ ᠠᠮᠤᠷ ᠲᠦᠪᠰᠢᠨ  ᠢ ᠰᠡᠷᠭᠡᠶᠢᠯᠡᠨ ᠡᠵᠡᠮᠰᠢᠬᠦ ᠰᠢᠰᠲ᠋ᠧᠮᠵᠢ ᠶᠢ ᠴᠢᠨᠠᠭᠰᠢᠳᠠ ᠪᠠᠶᠢᠭᠤᠯᠤᠨ ᠲᠦᠬᠦᠷᠴᠢᠯᠠᠵᠤ᠂ ᠡᠯ᠎ᠠ ᠲᠦᠷᠦᠯ  ᠤᠨ ᠬᠠᠤᠯᠢ ᠶᠢ ᠵᠦᠷᠢᠴᠡᠭᠰᠡᠨ ᠶᠠᠯᠠᠳᠤ ᠠᠵᠢᠯᠯᠠᠭ᠎ᠠ  ᠳᠤ ᠴᠤᠬᠢᠯᠳᠠ ᠦᠭᠬᠦ  ᠬᠦᠴᠦᠯᠡᠴᠠ ᠪᠠᠨ ᠨᠡᠮᠡᠭᠳᠡᠬᠦᠯᠵᠤ᠂ ᠨᠡᠶᠢᠭᠡᠮ  ᠤᠨ ᠡᠮᠬᠢ ᠲᠢᠭᠯᠢᠮ ᠤᠨ ᠲᠤᠭᠳᠠᠭᠤᠨ  ᠢ ᠪᠠᠳᠤᠯᠠᠵᠠᠢ᠃ ᠭᠤᠤᠯᠳᠠᠯᠭ᠎ᠠ ᠲᠠᠢ ᠬᠦᠷᠢᠶ᠎ᠠ ᠬᠡᠪᠴᠢᠶ᠎ᠠ᠂ ᠭᠤᠤᠯᠳᠠᠯᠭ᠎ᠠ ᠲᠠᠢ ᠠᠵᠢᠯ ᠲᠦᠷᠦᠯ  ᠤᠨ ᠠᠶᠤᠯ ᠦᠭᠡᠢ ᠦᠢᠯᠡᠳᠪᠤᠷᠢᠯᠠᠯ  ᠳᠤ ᠵᠠᠰᠠᠯᠳᠠ ᠬᠢᠬᠦ ᠠᠵᠢᠯᠯᠠᠭ᠎ᠠ ᠶᠢ ᠢᠳᠡᠪᠬᠢᠳᠠᠢ ᠦᠷᠨᠢᠬᠦᠯᠵᠤ᠂ ᠠᠶᠤᠯ ᠦᠭᠡᠢ ᠦᠢᠯᠡᠳᠪᠤᠷᠢᠯᠠᠯ  ᠤᠨ ᠦᠬᠦᠭᠰᠡᠨ ᠬᠦᠮᠦᠨ  ᠤ ᠲᠤᠭ᠎ᠠ 5.14%᠎ ᠪᠠᠷ ᠪᠠᠭᠤᠷᠠᠪᠠ᠃ ᠢᠳᠡᠭᠡᠨ ᠡᠮ  ᠤᠨ ᠵᠦᠢᠯ ᠎ ᠤᠨ ᠠᠶᠤᠯ ᠦᠭᠡᠢ ᠶᠢᠨ ᠬᠠᠮᠢᠶᠠᠷᠤᠯᠳᠠ ᠶᠢ ᠴᠢᠩᠭᠠᠳᠬᠠᠵᠤ᠂ ᠲᠤᠮᠤ ᠬᠡᠯᠪᠡᠷᠢ ᠶᠢᠨ ᠢᠳᠡᠭᠡᠨ ᠪᠤᠯᠪᠠᠰᠤᠷᠠᠭᠤᠯᠬᠤ ᠬᠦᠷᠢᠶᠠᠯᠡᠩ ᠲᠤᠭᠤᠷᠢᠭ ᠢ 3 ᠪᠠᠶᠢᠭᠤᠯᠪᠠ᠃ ᠦᠨᠳᠤᠰᠤᠨ ᠱᠠᠳᠤᠨ  ᠤ ᠰᠠᠭᠤᠷᠢ ᠠᠵᠢᠯ  ᠢ ᠴᠢᠩᠭᠠᠳᠬᠠᠵᠤ᠂ ᠰᠤᠮᠤ ᠰᠢᠶᠠᠩ ᠪᠠᠯᠭᠠᠰᠤ ᠶᠢᠨ ᠠᠯᠪᠠᠯᠠᠬᠤ ᠪᠠ ᠠᠮᠢᠳᠤᠷᠠᠯ  ᠤᠨ ᠲᠦᠬᠦᠭᠡᠷᠦᠮᠵᠢ ᠶᠢ ᠰᠠᠶᠢᠵᠢᠷᠠᠭᠤᠯᠬᠤ ᠪᠠᠷᠢᠯᠭ᠎ᠠ ᠶᠢ ᠡᠬᠢᠯᠡᠬᠦᠯᠵᠤ᠂ 43 ᠶᠡᠷᠦᠩᠭᠡᠶᠢᠯᠡᠭᠰᠡᠨ ᠴᠢᠨᠠᠷᠳᠠᠢ ᠨᠠᠶᠢᠭᠡᠮ ᠲᠤᠭᠤᠷᠢᠭ  ᠤᠨ ᠦᠢᠯᠡᠴᠢᠯᠡᠭᠡᠨ  ᠤ ᠲᠦᠪ  ᠢ ᠰᠢᠨ᠎ᠠ ᠪᠠᠷ ᠪᠤᠶᠤ ᠦᠷᠭᠡᠳᠭᠡᠨ ᠪᠠᠶᠢᠭᠤᠯᠵᠤ᠂ ᠬᠤᠳᠠ ᠶᠢᠨ ᠭᠤᠤᠯ ᠲᠤᠭᠤᠷᠢᠭ  ᠤᠨ ᠰᠠᠭᠤᠭᠠᠯᠢ ᠠᠷᠠᠳ  ᠤᠨ ᠲᠤᠭᠤᠷᠢᠭ ᠲᠤ ᠠᠳᠠᠯ ᠠᠬᠤᠢ ᠶᠢᠨ ᠬᠠᠮᠢᠶᠠᠷᠤᠯᠳᠠ ᠶᠢ ᠲᠦᠭᠡᠮᠡᠯᠵᠢᠬᠦᠯᠬᠦ ᠶᠢ ᠦᠨᠳᠤᠰᠦᠨ ᠳᠡᠭᠡᠨ ᠪᠡᠶᠡᠯᠡᠬᠦᠯᠪᠠ᠃ ᠦᠨᠳᠤᠰᠤᠳᠠᠨ᠂ ᠱᠠᠰᠢᠨ ᠰᠤᠷᠳᠠᠬᠤᠨ ᠤ ᠠᠵᠢᠯ  ᠤᠨ ᠲᠠᠯ᠎ᠠ ᠪᠠᠷ ᠰᠢᠨ᠎ᠠ ᠦᠷ᠎ᠠ ᠪᠦᠳᠦᠮᠵᠢ ᠤᠯᠪᠠ᠃ ᠤᠶᠤᠨ  ᠤ ᠪᠤᠯᠪᠠᠰᠤᠨ ᠪᠠ ᠠᠷᠠᠳᠴᠢᠯᠠᠯ ᠬᠠᠤᠯᠢ ᠪᠠᠷ ᠵᠠᠰᠠᠬᠤ ᠪᠠᠶᠢᠭᠤᠯᠤᠯᠳᠠ ᠶᠢ ᠬᠦᠨᠵᠡᠭᠡᠢ ᠦᠷᠨᠢᠬᠦᠯᠵᠤ᠂  ︽ᠵᠢᠷᠭᠤᠭ᠎ᠠ ᠲᠠᠪᠤ︾᠎ ᠶᠢᠨ ᠬᠠᠤᠯᠢ ᠲᠦᠭᠡᠮᠡᠯᠵᠢᠬᠦᠯᠬᠦ ᠠᠵᠢᠯ  ᠢ ᠯᠠᠪᠳᠠᠭᠤᠨ ᠪᠠᠳᠤᠳᠠᠢ ᠠᠬᠢᠭᠤᠯᠵᠠᠢ᠃ ᠤᠯᠤᠰ  ᠤᠨ ᠪᠠᠳᠤᠯᠠᠨ ᠬᠠᠮᠠᠭᠠᠯᠠᠯᠳᠠ ᠶᠢᠨ ᠪᠠᠯᠡᠳᠭᠡᠯ ᠠᠯᠪᠠ᠂ ᠡᠷᠦᠭᠡ ᠶᠢᠨ ᠴᠡᠷᠢᠭ  ᠤᠨ ᠨᠦᠬᠡᠴᠠ ᠬᠦᠴᠦᠨ ᠪᠠ ᠴᠡᠷᠢᠭ ᠠᠩᠭᠢ ᠶᠢᠨ ᠤᠳᠤᠬᠢᠴᠢᠯᠠᠭᠰᠠᠨ ᠪᠦᠳᠦᠭᠡᠨ ᠪᠠᠶᠢᠭᠤᠯᠤᠯᠳᠠ ᠶᠢ ᠴᠢᠨᠠᠭᠰᠢᠳᠠ ᠴᠢᠩᠭᠠᠳᠬᠠᠪᠠ᠃      ︵ᠲᠤᠯᠤᠭ᠎ᠠ︶ ᠵᠠᠰᠠᠭ  ᠤᠨ ᠤᠷᠳᠤᠨ  ᠤ ᠵᠠᠰᠠᠭ ᠵᠠᠬᠢᠷᠭᠠᠨ  ᠤ ᠴᠢᠳᠠᠪᠤᠷᠢ ᠰᠢᠨ᠎ᠠ ᠲᠡᠭᠡᠭᠰᠢᠯᠡᠯᠳᠠ ᠲᠠᠢ ᠪᠤᠯᠪᠠ᠃ ᠬᠠᠤᠯᠢ ᠪᠠᠷ ᠵᠠᠰᠠᠭ ᠶᠠᠪᠤᠭᠤᠯᠬᠤ ᠶᠢ ᠪᠠᠷᠢᠮᠳᠠᠯᠠᠵᠤ᠂ ᠠᠷᠠᠳ  ᠤᠨ ᠲᠦᠯᠦᠭᠡᠯᠡᠭᠴᠢᠳ  ᠤᠨ ᠶᠡᠭᠡ ᠬᠤᠷᠠᠯ  ᠤᠨ ᠬᠠᠤᠯᠢ ᠴᠠᠭᠠᠵᠠ ᠶᠢᠨ ᠬᠢᠨᠠᠯᠳᠠ ᠲᠠᠯᠪᠢᠯᠳᠠ ᠪᠠ ᠤᠯᠤᠰ ᠲᠦᠷᠦ ᠶᠢᠨ ᠵᠦᠪᠯᠡᠯᠭᠡᠨ ᠵᠢᠴᠢ ᠨᠡᠶᠢᠭᠡᠮ  ᠤᠨ ᠡᠯ᠎ᠠ ᠡᠳᠡᠭᠡᠳ ᠤᠨ ᠬᠢᠨ  ᠤ ᠠᠷᠠᠳᠴᠢᠯᠠᠯ  ᠢᠶᠠᠷ ᠬᠢᠨᠠᠯᠳᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠠᠵᠤ᠂ ᠠᠷᠠᠳ  ᠤᠨ ᠲᠦᠯᠦᠭᠡᠯᠡᠭᠴᠢᠳ ᠎ ᠤᠨ ᠶᠡᠭᠡ ᠬᠤᠷᠠᠯ  ᠤᠨ  ᠲᠦᠯᠦᠭᠡᠯᠡᠭᠴᠢᠳ  ᠤᠨ ᠰᠠᠨᠠᠯ ᠵᠦᠪᠯᠡᠯᠭᠡ ᠪᠠ ᠤᠯᠤᠰ ᠲᠦᠷᠦ ᠶᠢᠨ ᠵᠦᠪᠯᠡᠯᠭᠡᠨ ᠤ ᠬᠡᠰᠢᠬᠦᠳ  ᠤᠨ ᠰᠠᠨᠠᠯ ᠲᠤᠷᠠᠳᠤᠯᠭ᠎ᠠ ᠶᠢ ᠴᠦᠮ ᠰᠢᠢᠳᠪᠤᠷᠢᠯᠠᠨ ᠲᠠᠭᠤᠰᠬᠠᠪᠠ᠃ ᠵᠠᠰᠠᠭ ᠵᠠᠬᠢᠷᠭᠠᠨ  ᠤ ᠬᠢᠨᠠᠨ ᠵᠦᠪᠰᠢᠶᠡᠷᠡᠬᠦ ᠪᠠ ᠵᠠᠷᠤᠳᠠᠯ ᠬᠤᠷᠢᠶᠠᠬᠤ ᠵᠦᠢᠯ  ᠢ ᠶᠡᠭᠡᠪᠡᠷ ᠴᠡᠪᠡᠷᠯᠡᠵᠤ᠂ ᠪᠦᠬᠦ ᠬᠤᠳᠠ ᠶᠢᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠵᠦᠢᠯ  ᠢ 825 ᠲᠦᠷᠦᠯ ᠠᠴᠠ ᠬᠠᠰᠤᠭᠳᠠᠭᠤᠯᠤᠨ 258 ᠲᠦᠷᠦᠯ ᠪᠤᠯᠭᠠᠵᠤ᠂ ᠵᠠᠰᠠᠭ ᠵᠠᠬᠢᠷᠭ᠎ᠠ ᠠᠵᠢᠯ ᠦᠢᠯᠡᠰ  ᠤᠨ ᠴᠢᠨᠠᠷᠳᠠᠢ ᠵᠠᠷᠤᠳᠠᠯ ᠬᠤᠷᠢᠶᠠᠬᠤ ᠲᠦᠷᠦᠯ ᠵᠦᠢᠯ  ᠢ 275 ᠲᠦᠷᠦᠯ ᠠᠴᠠ ᠬᠠᠰᠤᠭᠳᠠᠭᠤᠯᠤᠨ 158 ᠲᠦᠷᠦᠯ ᠪᠤᠯᠭᠠᠵᠤ᠂ ᠲᠤᠰᠪᠤᠷᠢ 69% ᠪᠠ 43%᠎ ᠪᠠᠷ ᠬᠠᠰᠤᠭᠳᠠᠭᠤᠯᠪᠠ᠃ ᠵᠠᠰᠠᠭ ᠵᠠᠬᠢᠷᠭᠠᠨ  ᠤ ᠦᠢᠯᠡᠴᠢᠯᠡᠭᠡᠨ  ᠤ ᠲᠦᠪ  ᠤᠨ ᠴᠢᠳᠠᠪᠬᠢ ᠶᠢ ᠬᠦᠢᠴᠡᠳ ᠪᠠᠳᠠᠷᠠᠭᠤᠯᠵᠤ᠂ ᠡᠯᠧᠺᠲᠷᠤᠨ ᠵᠠᠰᠠᠭ  ᠤᠨ ᠶᠠᠪᠤᠳᠠᠯ  ᠢ ᠪᠦᠬᠦ ᠲᠠᠯ᠎ᠠ ᠪᠠᠷ ᠲᠡᠯᠭᠡᠷᠡᠬᠦᠯᠵᠤ᠂ ᠰᠦᠯᠵᠢᠶ᠎ᠠ ᠲᠡᠭᠡᠷ᠎ᠠ ᠬᠢᠨᠠᠨ ᠵᠦᠪᠰᠢᠶᠡᠷᠡᠬᠦ ᠪᠠ ᠡᠯᠧᠺᠲᠷᠤᠨ  ᠢᠶᠠᠷ ᠬᠢᠨᠠᠨ ᠪᠠᠶᠢᠴᠠᠭᠠᠬᠤ ᠬᠦᠷᠢᠶ᠎ᠠ ᠬᠡᠪᠴᠢᠶ᠎ᠠ ᠶᠢ ᠲᠠᠰᠤᠷᠠᠯᠳᠠ ᠦᠭᠡᠢ ᠦᠷᠭᠡᠳᠭᠡᠵᠤ᠂  ᠵᠠᠰᠠᠭ  ᠤᠨ ᠤᠷᠳᠤᠨ  ᠤ ᠦᠢᠯᠡᠴᠢᠯᠡᠭᠡᠨ  ᠤ ᠴᠢᠳᠠᠮᠵᠢ  ᠴᠢᠨᠠᠭᠰᠢᠳᠠ ᠲᠡᠭᠡᠭᠰᠢᠯᠡᠵᠠᠢ᠃ ᠲᠦᠷᠢᠮ  ᠤᠨ ᠪᠠᠶᠢᠭᠤᠯᠤᠯᠳᠠ ᠶᠢ ᠲᠠᠰᠤᠷᠠᠯᠳᠠ ᠦᠭᠡᠢ ᠴᠢᠩᠭᠠᠳᠬᠠᠵᠤ᠂ ᠵᠠᠰᠠᠭ ᠵᠠᠬᠢᠷᠭᠠᠨ  ᠤ ᠠᠵᠢᠯᠯᠠᠭ᠎ᠠ ᠶᠢ ᠴᠢᠷᠮᠠᠶᠢᠨ ᠲᠦᠷᠢᠮᠵᠢᠬᠦᠯᠵᠤ᠂ ︽ᠭᠤᠷᠪᠠᠨ ᠴᠢᠬᠤᠯᠠ ᠨᠢᠭᠡ ᠶᠡᠭᠡ︾᠎ ᠶᠢᠨ ᠠᠯᠢᠪᠠ ᠲᠤᠭᠳᠠᠭᠠᠯ  ᠢ ᠴᠢᠩᠭ᠎ᠠ ᠬᠡᠷᠡᠭᠵᠢᠬᠦᠯᠵᠤ  ᠂ ᠭᠠᠵᠠᠷ ᠰᠢᠷᠤᠢ ᠶᠢᠨ ᠠᠷᠠᠯᠵᠢᠶ᠎ᠠ᠂ ᠭᠠᠵᠠᠷ ᠰᠢᠷᠤᠢ ᠶᠢᠨ ᠪᠠᠯᠠ ᠤᠷᠤᠭᠤᠯᠤᠯᠳᠠ᠂ ᠢᠳᠡᠭᠡᠮᠵᠢᠳᠤ ᠵᠢᠭᠡᠯᠡᠯᠭᠡ ᠪᠠᠯᠠ ᠴᠤᠭᠯᠠᠭᠤᠯᠬᠤ᠂ ᠤᠯᠤᠰ  ᠤᠨ ᠦᠮᠴᠢᠯᠠᠯᠳᠤ ᠬᠦᠷᠦᠩᠭᠡ ᠶᠢᠨ ᠡᠷᠬᠢᠯᠳᠡ ᠡᠵᠡᠩᠨᠡᠯᠳᠠ ᠵᠡᠷᠭᠡ ᠡᠯ᠎ᠠ ᠲᠦᠷᠦᠯ  ᠤᠨ ᠬᠢᠨᠠᠨ ᠬᠠᠮᠢᠶᠠᠷᠬᠤ ᠲᠦᠷᠢᠮ  ᠢ ᠴᠢᠨᠠᠭᠰᠢᠳᠠ ᠲᠡᠬᠦᠯᠳᠡᠷᠵᠢᠬᠦᠯᠵᠡᠢ᠃ ᠬᠤᠳᠠ ᠶᠢᠨ ᠨᠠᠶᠢᠳᠠ ᠶᠢᠨ ᠡᠬᠢ ᠪᠠᠶᠠᠯᠢᠭ  ᠤᠨ ᠠᠷᠠᠯᠵᠢᠶᠠᠨ  ᠤ ᠲᠦᠪ ᠪᠠᠶᠢᠭᠤᠯᠤᠭᠳᠠᠨ ᠠᠰᠢᠭᠯᠠᠯᠳᠠ  ᠳᠤ ᠤᠷᠤᠵᠤ᠂ ᠨᠠᠶᠢᠳᠠ 279 ᠤᠳᠠᠭ᠎ᠠ ᠲᠠᠭᠠᠭᠠᠴᠢᠯᠠᠯᠳᠠ ᠵᠠᠷᠯᠠᠨ ᠲᠠᠭᠠᠭᠠᠴᠢᠯᠠᠯᠳᠠ ᠬᠦᠯᠢᠶᠠᠵᠤ᠂ 2.6 ᠳ᠋ᠦᠡᠭᠰᠢᠭᠤᠷ ᠲᠦᠬᠦᠷᠢᠭ ᠠᠷᠪᠢᠯᠠᠵᠠᠢ᠃ ᠵᠠᠰᠠᠭ  ᠤᠨ ᠶᠠᠪᠤᠳᠠᠯ  ᠢ ᠢᠯᠠ ᠪᠤᠯᠭᠠᠬᠤ ᠶᠢ ᠢᠳᠡᠪᠬᠢᠳᠠᠢ ᠠᠬᠢᠭᠤᠯᠵᠤ᠂ ᠵᠠᠰᠠᠭ ᠵᠠᠬᠢᠷᠭᠠᠨ  ᠤ ᠬᠢᠨᠠᠨ ᠪᠠᠶᠢᠴᠠᠭᠠᠬᠤ ᠪᠠ ᠬᠢᠨᠠᠨ ᠪᠤᠳᠤᠵᠤ ᠬᠢᠨᠠᠯᠳᠠ ᠲᠠᠯᠪᠢᠬᠤ ᠶᠢ ᠴᠢᠩᠭᠠᠳᠬᠠᠵᠤ᠂ ᠴᠢᠭᠡᠴᠢ ᠵᠠᠰᠠᠭ  ᠤᠨ ᠪᠠᠶᠢᠭᠤᠯᠤᠯᠳᠠ ᠪᠠ ᠢᠯᠵᠠᠷᠠᠮᠠᠯ ᠢ ᠡᠰᠡᠷᠭᠦᠴᠡᠬᠦ ᠠᠵᠢᠯ  ᠤᠨ ᠲᠠᠯ᠎ᠠ ᠪᠠᠷ ᠰᠢᠨ᠎ᠠ ᠦᠷ᠎ᠠ ᠪᠦᠳᠦᠮᠵᠢ ᠤᠯᠪᠠ᠃      ᠲᠦᠯᠦᠭᠡᠯᠡᠭᠴᠢᠳ ᠡ᠂ 2011 ᠤᠨ ᠪᠤᠯ᠂ ᠮᠠᠨ ᠬᠤᠳᠠ ᠶᠢᠨ ᠬᠦᠭᠵᠢᠯᠳᠠ ᠶᠢᠨ ᠶᠠᠪᠤᠴᠠ ᠲᠤᠮᠳᠠᠬᠢ ᠲᠤᠶᠢᠯ  ᠤᠨ ᠵᠢᠷ  ᠤᠨ ᠪᠤᠰᠤ ᠨᠢᠭᠡ ᠵᠢᠯ ᠪᠤᠯᠤᠨ᠎ᠠ᠃ ᠤᠯᠤᠰ  ᠤᠨ ᠲᠤᠳᠤᠭᠠᠳᠤ ᠭᠠᠳᠠᠭᠠᠳᠤ ᠶᠢᠨ ᠠᠵᠤ ᠠᠬᠤᠢ ᠶᠢᠨ ᠤᠷᠴᠢᠨ ᠲᠤᠭᠤᠷᠢᠨ ᠪᠤᠳᠤᠯᠢᠶᠠᠨᠳᠠᠢ ᠮᠦᠷᠳᠡᠭᠡᠨ ᠬᠤᠪᠢᠷᠠᠯᠳᠠ ᠶᠡᠬᠡᠳᠡᠢ᠂ ᠮᠠᠨ  ᠤ ᠬᠤᠳᠠ ᠶᠢᠨ ᠬᠦᠭᠵᠢᠯᠳᠠ ᠡᠳᠦᠢ ᠲᠡᠳᠦᠢ ᠦᠷᠢᠰᠦᠯᠳᠦᠭᠡᠨ ᠲᠤᠯᠭᠠᠷᠠᠵᠤ ᠪᠠᠶᠢᠭ᠎ᠠ ᠰᠢᠨ᠎ᠠ ᠪᠠᠶᠢᠳᠠᠯ ᠲᠤᠤᠷ᠎ᠠ᠂ ᠮᠠᠨ  ᠤ ᠬᠤᠳᠠ ᠤᠷᠢᠳᠠᠪᠠᠷ ᠬᠦᠭᠵᠢᠬᠦᠯᠬᠦ᠂ ᠰᠢᠨᠵᠢᠯᠡᠬᠦ ᠤᠬᠠᠭᠠᠨᠴᠢ ᠪᠠᠷ ᠬᠦᠭᠵᠢᠬᠦᠯᠬᠦ᠂  ᠪᠤᠯᠪᠠᠰᠤᠨ  ᠢᠶᠠᠷ ᠬᠦᠭᠵᠢᠬᠦᠯᠬᠦ᠂ ᠡᠶ᠎ᠡ ᠵᠤᠬᠢᠴᠠᠯ ᠲᠠᠢ ᠪᠠᠷ ᠬᠦᠭᠵᠢᠬᠦᠯᠬᠦ ᠵᠠᠮ ᠮᠦᠷ ᠲᠡᠭᠡᠷ᠎ᠠ ᠲᠡᠬᠢᠨ ᠯᠠᠪᠳᠠᠭᠤᠨ ᠪᠡᠳᠤᠳᠠᠢ ᠨᠢᠭᠡ ᠠᠯᠬᠤᠮ ᠠᠯᠬᠤᠵᠤ᠂ ᠠᠵᠤ ᠠᠬᠤᠢ ᠬᠦᠭᠵᠢᠵᠤ᠂ ᠨᠡᠶᠢᠭᠡᠮ ᠡᠶ᠎ᠡ ᠵᠤᠬᠢᠴᠠᠯ ᠲᠠᠢ᠂ ᠦᠨᠳᠤᠰᠤᠳᠠᠨ ᠨᠦᠭᠦᠳ ᠪᠦᠯᠬᠦᠮᠳᠠᠵᠤ᠂ ᠠᠷᠠᠳ  ᠤᠨ ᠠᠮᠢᠳᠤᠷᠠᠯ ᠰᠠᠶᠢᠵᠢᠷᠠᠭᠰᠠᠨ ᠰᠠᠶᠢᠨ ᠰᠠᠶᠢᠬᠠᠨ ᠪᠠᠶᠢᠳᠠᠯ ᠢᠯᠠᠷᠡᠭᠰᠡᠨ ᠪᠠᠶᠢᠨ᠎ᠠ᠃  ᠪᠦᠬᠦ ᠬᠤᠳᠠ ᠶᠢᠨ ᠠᠷᠠᠳ ᠲᠦᠮᠠᠨ  ᠤ ᠬᠠᠮᠳᠤ ᠶᠢᠨ ᠴᠢᠷᠮᠠᠶᠢᠯᠭ᠎ᠠ ᠪᠠᠷ ᠲᠠᠮᠵᠢᠨ᠂ ᠮᠠᠨ  ᠤ ᠬᠤᠳᠠ ︽ᠪᠦᠬᠦ ᠤᠯᠤᠰ  ᠤᠨ ᠪᠤᠯᠪᠠᠰᠤᠨ ᠬᠤᠳᠠ︾᠂ ︽ᠤᠯᠤᠰ  ᠤᠨ ᠡᠷᠡᠬᠦᠯ ᠬᠠᠮᠠᠭᠠᠯᠠᠯ  ᠤᠨ ᠬᠤᠳᠠ︾᠎ ᠶᠢᠨ ᠢᠷᠠᠭᠤ ᠠᠯᠳᠠᠷ ᠪᠠ ︽ᠪᠦᠬᠦ ᠤᠯᠤᠰ  ᠤᠨ ᠬᠤᠶᠠᠷ  ᠢ ᠬᠦᠷᠢᠶᠡᠯᠡᠬᠦ ᠵᠢᠱᠢᠶᠡᠴᠢ ᠬᠤᠳᠠ︾᠎ ᠶᠢᠨ ᠭᠤᠷᠪᠠ ᠤᠳᠠᠭ᠎ᠠ ᠲᠠᠷᠠᠭᠠᠯᠠᠨ ᠲᠡᠷᠢᠬᠦᠯᠦᠭᠰᠡᠨ ᠢᠷᠠᠭᠤ ᠠᠯᠳᠠᠷ  ᠢ ᠠᠮᠵᠢᠯᠳᠠ ᠲᠠᠢ ᠪᠠᠷ ᠤᠯᠵᠤ᠂ ᠬᠤᠳᠠ ᠶᠢᠨ  ᠨᠦᠯᠦᠭᠡᠯᠡᠬᠦ ᠬᠦᠴᠦᠨ ᠪᠠ ᠨᠠᠷ᠎ᠠ ᠠᠯᠳᠠᠷ  ᠢ ᠴᠢᠨᠠᠭᠰᠢᠳᠠ ᠲᠡᠭᠡᠭᠰᠢᠯᠡᠬᠦᠯᠵᠤ᠂  ᠪᠦᠬᠦ ᠬᠤᠳᠠ ᠶᠢᠨ ᠡᠯ᠎ᠠ ᠦᠨᠳᠤᠰᠤᠳᠠᠨ ᠨᠦᠭᠦᠳ  ᠤᠨ ᠠᠷᠠᠳ ᠲᠦᠮᠠᠨ  ᠤ ᠨᠤᠳᠤᠭ ᠤᠰᠤ ᠪᠠᠨ ᠬᠠᠶᠢᠷᠠᠯᠠᠵᠤ᠂ ᠨᠤᠳᠤᠭ ᠤᠰᠤ ᠪᠠᠨ ᠪᠦᠳᠦᠭᠡᠨ ᠪᠠᠶᠢᠭᠤᠯᠬᠤ ᠬᠠᠯᠠᠭᠤᠮᠰᠤᠭ ᠪᠠ ᠲᠡᠮᠡᠴᠠᠯ  ᠤᠨ ᠵᠤᠷᠢᠭ  ᠢ  ᠬᠦᠭᠵᠢᠬᠡᠪᠠ᠃ ᠡᠳᠡᠬᠡᠷ ᠬᠢᠷᠢ ᠪᠦᠳᠦᠮᠵᠢ ᠶᠢ ᠤᠯᠤᠭᠰᠠᠨ ᠨᠢ ᠬᠤᠳᠠ ᠶᠢᠨ ᠨᠠᠮ  ᠤᠨ ᠬᠤᠷᠢᠶ᠎ᠠ ᠶᠡᠭᠡ ᠲᠠᠯ᠎ᠠ ᠶᠢ ᠡᠵᠡᠮᠳᠠᠵᠤ᠂ ᠵᠦᠪ ᠤᠳᠤᠷᠢᠳᠤᠭᠰᠠᠨ  ᠤ ᠦᠷ᠎ᠠ ᠳ᠋ᠦᠡᠭ ᠪᠤᠯᠤᠨ᠎ᠠ ᠂ ᠬᠤᠳᠠ ᠶᠢᠨ ᠬᠡᠳᠤᠨ ᠲᠤᠮᠤ ᠤᠳᠤᠷᠢᠳᠬᠤ ᠪᠠᠭ  ᠤᠨ ᠰᠠᠳᠬᠢᠯ ᠨᠢᠭᠡᠳᠤᠨ ᠬᠦᠴᠦ ᠬᠠᠮᠳᠤᠳᠬᠠᠵᠤ᠂ ᠪᠦᠯᠬᠦᠮᠳᠠᠨ ᠤᠷᠤᠭᠰᠢᠯᠠᠭᠰᠠᠨ  ᠤ ᠦᠷ᠎ᠠ ᠳ᠋ᠦᠡᠭ ᠪᠤᠯᠬᠤ ᠶᠤᠮ᠂ ᠨᠠᠩ ᠴᠤ ᠪᠦᠬᠦ ᠬᠤᠳᠠ ᠶᠢᠨ ᠠᠷᠠᠳ ᠲᠦᠮᠠᠨ  ᠤ  ᠰᠢᠷᠭᠠᠭᠤ ᠴᠢᠷᠮᠠᠶᠢᠵᠤ᠂ ᠬᠠᠮᠳᠤ ᠪᠠᠷ ᠲᠡᠮᠡᠴᠡᠭᠰᠡᠨ  ᠤ ᠦᠷ᠎ᠠ ᠳ᠋ᠦᠡᠭ ᠪᠤᠯᠬᠤ ᠶᠤᠮ᠃ ᠠᠳᠠ᠂ ᠪᠢ ᠬᠤᠳᠠ ᠶᠢᠨ ᠠᠷᠠᠳ  ᠤᠨ ᠵᠠᠰᠠᠭ  ᠤᠨ ᠤᠷᠳᠤᠨ  ᠢ ᠲᠦᠯᠦᠭᠡᠯᠡᠨ᠂ ᠪᠦᠬᠦ ᠬᠤᠳᠠ ᠶᠢᠨ ᠡᠯ᠎ᠠ ᠦᠨᠳᠤᠰᠤᠳᠠᠨ ᠨᠦᠭᠦᠳ  ᠤᠨ ᠺᠡᠳ᠋ᠷ ᠤᠯᠠᠨ ᠲᠦᠮᠠᠨ᠂ ᠡᠯ᠎ᠠ ᠱᠠᠳᠤᠨ  ᠤ ᠠᠷᠠᠳ  ᠤᠨ ᠲᠦᠯᠦᠭᠡᠯᠡᠭᠴᠢᠳ  ᠤᠨ ᠶᠡᠭᠡ ᠬᠤᠷᠠᠯ  ᠤᠨ ᠲᠦᠯᠦᠭᠡᠯᠡᠭᠴᠢᠳ᠂ ᠤᠯᠤᠰ ᠲᠦᠷᠦ ᠶᠢᠨ ᠵᠦᠪᠯᠡᠯᠭᠡᠨ  ᠤ ᠬᠡᠰᠢᠬᠦᠳ᠂ ᠡᠯ᠎ᠠ ᠠᠷᠠᠳᠴᠢᠯᠠᠭᠰᠠᠨ ᠨᠠᠮ ᠪᠦᠯᠦᠭ᠂ ᠠᠵᠤ ᠦᠢᠯᠡᠳᠪᠤᠷᠢ ᠬᠤᠳᠠᠯᠳᠤᠭᠠᠨ  ᠤ ᠬᠤᠯᠪᠤᠭ᠎ᠠ ᠪᠠ ᠨᠠᠮ ᠪᠦᠯᠦᠭ  ᠤᠨ ᠪᠤᠰᠤ ᠬᠦᠮᠤᠰ᠂ ᠮᠠᠨ  ᠤ ᠬᠤᠳᠠ  ᠳᠤ ᠰᠠᠭᠤᠭ᠎ᠠ ᠴᠢᠯᠦᠭᠡᠯᠡᠬᠦ ᠴᠡᠷᠢᠭ᠂ ᠵᠡᠪᠰᠡᠭᠳᠤ ᠴᠠᠭᠳᠠᠭ᠎ᠠ ᠪᠠ ᠭᠠᠯ ᠤᠨᠳᠠᠷᠡᠭᠠᠬᠤ ᠲᠠᠷᠤᠭ᠎ᠠ ᠪᠠᠶᠢᠯᠳᠤᠭᠴᠢᠳ᠂ ᠤᠷᠳᠤᠰ  ᠤᠨ ᠪᠦᠳᠦᠭᠡᠨ ᠪᠠᠶᠢᠭᠤᠯᠤᠯᠳᠠ ᠬᠦᠭᠵᠢᠯᠳᠠ ᠶᠢ ᠬᠠᠯᠠᠮᠵᠢᠯᠠᠵᠤ᠂ ᠲᠠᠮᠵᠢᠵᠤ᠂ ᠤᠷᠤᠯᠴᠠᠭᠰᠠᠨ ᠨᠡᠶᠢᠭᠡᠮ  ᠤᠨ ᠡᠯ᠎ᠠ ᠡᠳᠡᠭᠡᠳ  ᠤᠨ ᠬᠢᠨ  ᠳᠤ ᠴᠢᠩ ᠰᠡᠳᠬᠢᠯ  ᠤᠨ ᠲᠠᠯᠠᠷᠬᠠᠯ ᠪᠠ ᠡᠷᠬᠢᠮ ᠲᠡᠭᠡᠳᠤ ᠮᠡᠨᠳᠤᠴᠢᠯᠠᠯ ᠎ ᠢᠶᠠᠨ ᠲᠡᠪᠰᠢᠬᠦᠯᠦᠶ᠎ᠠ︕      ᠬᠢᠷᠢ ᠪᠦᠳᠦᠮᠵᠢ ᠪᠠᠨ ᠤᠯᠵᠤ ᠬᠠᠷᠠᠬᠤ ᠶᠢᠨ ᠲᠠᠭᠠᠤ ᠤᠶᠢᠷ᠎ᠠ ᠶᠢᠨ ᠵᠢᠯ ᠠᠴᠠ ᠨᠠᠰᠢ ᠮᠠᠨ  ᠤ ᠬᠤᠳᠠ ᠬᠡᠳᠦᠶᠢᠪᠠᠷ ᠠᠵᠤ ᠠᠬᠤᠢ ᠶᠢᠨ ᠦᠨᠳᠦᠷ ᠬᠤᠷᠳᠤᠴᠠ ᠪᠠᠷ ᠨᠡᠮᠡᠭᠳᠡᠬᠦ ᠪᠠᠶᠢᠳᠠᠯ  ᠢ ᠪᠠᠳᠤᠯᠠᠵᠤ᠂  ᠨᠡᠶᠢᠭᠡᠮ  ᠤᠨ ᠡᠯ᠎ᠠ ᠬᠦᠷᠢᠶ᠎ᠠ ᠬᠡᠪᠴᠢᠶᠠᠨ  ᠳᠤ ᠯᠤᠳᠤ ᠶᠡᠭᠡ ᠬᠤᠪᠢᠷᠠᠯᠳᠠ ᠲᠠᠢ ᠪᠤᠯᠤᠭᠰᠠᠨ ᠴᠤ ᠬᠦᠭᠵᠢᠩᠬᠦᠢ ᠪᠤᠰᠤ ᠪᠠᠶᠢᠭ᠎ᠠ ᠬᠤᠳᠠ ᠶᠢᠨ ᠦᠨᠳᠤᠰᠤᠨ ᠪᠠᠶᠢᠳᠠᠯ ᠮᠦᠨ ᠯᠠ ᠦᠨᠳᠤᠰᠤᠨ ᠳᠡᠭᠡᠨ ᠬᠤᠪᠢᠷᠠᠭᠠᠳᠤᠢ ᠪᠠᠶᠢᠵᠤ᠂ ᠬᠦᠭᠵᠢᠯᠳᠠ ᠨᠢ ᠬᠦᠴᠦᠨ ᠲᠡᠬᠦᠯᠳᠡᠷ ᠪᠤᠰᠤ᠂ ᠲᠡᠩᠴᠡᠬᠦᠷᠢ ᠦᠭᠡᠢ ᠪᠠᠶᠢᠬᠤ ᠪᠠ ᠵᠤᠬᠢᠴᠠᠯᠳᠤᠩᠭᠤᠢ ᠪᠤᠰᠤ ᠪᠠᠶᠢᠬᠤ ᠠᠰᠠᠭᠤᠳᠠᠯ ᠪᠠᠰᠠ ᠨᠡᠯᠢᠶᠡᠳ ᠲᠤᠪᠤᠶᠢᠮ᠎ᠠ ᠪᠠᠶᠢᠨ᠎ᠠ ᠭᠡᠳᠡᠭ  ᠢ ᠪᠢᠳᠠ ᠡᠷᠬᠡᠪᠰᠢ ᠰᠡᠷᠭᠡᠭ  ᠢᠶᠠᠷ ᠲᠠᠨᠢᠬᠤ ᠬᠡᠷᠡᠭᠳᠡᠢ᠃ ᠭᠤᠤᠯ ᠢᠯᠡᠷᠡᠯ ᠪᠤᠯ᠄ ᠠᠵᠤ ᠠᠬᠤᠢ ᠶᠢᠨ ᠶᠡᠷᠦᠩᠭᠡᠢ ᠬᠡᠮᠵᠢᠶ᠎ᠠ ᠨᠢ ᠪᠠᠰᠠ ᠯᠠ ᠶᠡᠭᠡ ᠪᠤᠰᠤ ᠪᠠᠶᠢᠵᠤ᠂ ᠠᠵᠤ ᠦᠢᠯᠡᠰ  ᠤᠨ ᠪᠦᠳᠦᠴᠠ ᠨᠢ ᠲᠠᠩ ᠴᠤᠯᠭᠤᠢ᠂ ᠡᠬᠢ ᠪᠠᠶᠠᠯᠢᠭ  ᠤᠨ ᠪᠤᠰᠤ ᠬᠡᠯᠪᠡᠷᠢ ᠶᠢᠨ ᠠᠵᠤ ᠦᠢᠯᠡᠰ ᠰᠠᠶ᠋ᠢᠬᠠᠨ ᠡᠬᠢᠯᠠᠵᠤ᠂ ᠮᠦᠡᠭᠬᠦᠨ ᠬᠦᠢᠯᠭᠡᠭᠡ᠂ ᠪᠤᠳᠠᠰ  ᠤᠨ ᠬᠦᠢᠯᠭᠡᠭᠡ ᠵᠡᠷᠭᠡ ᠤᠳᠤ ᠦᠶ᠎ᠠ ᠶᠢᠨ ᠦᠢᠯᠡᠴᠢᠯᠡᠭᠡᠨ  ᠤ ᠦᠢᠯᠡᠰ  ᠤᠨ ᠬᠦᠭᠵᠢᠯᠳᠠ ᠬᠤᠴᠤᠷᠤᠭᠳᠡᠩᠭᠤᠢ ᠪᠠᠶᠢᠨ᠎ᠠ︔ ᠬᠤᠳᠠ ᠬᠦᠳᠡᠭᠡ ᠶᠢᠨ ᠬᠦᠭᠵᠢᠯᠳᠠ ᠶᠢᠨ ᠵᠦᠷᠢᠶ᠎ᠠ ᠢᠯᠡᠳᠳᠠ ᠪᠠᠶᠢᠵᠤ᠂ ᠵᠠᠷᠢᠮ ᠮᠠᠯᠵᠢᠬᠤ ᠲᠠᠷᠢᠶᠠᠯᠠᠬᠤ ᠤᠷᠤᠨ  ᠤ ᠦᠢᠯᠡᠳᠪᠤᠷᠢᠯᠠᠯ᠂ ᠠᠮᠢᠳᠤᠷᠠᠯ  ᠤᠨ ᠨᠦᠬᠦᠴᠡᠯ ᠨᠠᠯᠢᠶᠠᠳ ᠬᠤᠴᠤᠷᠤᠭᠳᠠᠩᠭᠤᠢ ᠪᠠᠶᠢᠵᠤ᠂ ᠬᠤᠳᠠ ᠬᠦᠳᠡᠭᠡ ᠶᠢ ᠨᠢᠭᠡᠳᠤᠯᠳᠠᠢ ᠲᠦᠯᠦᠪᠵᠢᠬᠦᠯᠦᠨ ᠬᠦᠭᠵᠢᠬᠦᠯᠬᠦ ᠶᠢ ᠠᠬᠢᠭᠤᠯᠬᠤ ᠡᠬᠦᠷᠭᠡ ᠲᠤᠶᠢᠯ  ᠤᠨ ᠬᠦᠴᠢᠷ ᠪᠡᠷᠭᠡᠰᠢᠶᠠᠯ ᠲᠠᠢ ᠪᠠᠶᠢᠨ᠎ᠠ︔  ᠬᠤᠳᠠ ᠬᠦᠳᠡᠭᠡ ᠶᠢᠨ ᠰᠠᠭᠤᠭᠠᠯᠢ ᠠᠷᠠᠳ ᠢᠯᠠᠩᠭᠤᠶ᠎ᠠ ᠮᠠᠯᠴᠢᠨ ᠲᠠᠷᠢᠶᠠᠴᠢᠨ  ᠤ ᠤᠷᠤᠯᠭ᠎ᠠ ᠶᠢ ᠦᠷᠬᠦᠯᠵᠢᠯᠠᠨ ᠨᠡᠮᠡᠭᠳᠡᠬᠦᠯᠬᠦ  ᠬᠦᠴᠢᠷᠳᠡᠯ ᠶᠡᠭᠡ ᠪᠤᠯᠵᠤ᠂ ᠵᠠᠷᠢᠮ ᠲᠤᠤᠷ᠎ᠠ ᠤᠷᠤᠯᠭᠠᠳᠠᠳ ᠎ ᠤᠨ ᠠᠮᠢᠳᠤᠷᠠᠯ ᠨᠢ ᠪᠠᠰᠠ ᠨᠠᠯᠢᠶᠠᠳ ᠬᠦᠴᠢᠷᠳᠡᠯᠳᠡᠢ ᠪᠠᠶᠢᠨ᠎ᠠ︔ ᠭᠤᠤᠯᠳᠠᠯᠭᠠᠳᠤ ᠬᠤᠳᠠ ᠶᠢᠨ ᠲᠤᠭᠤᠷᠢᠭ ᠤᠨ ᠴᠢᠳᠠᠪᠬᠢ ᠨᠢ ᠪᠦᠷᠢᠨ ᠲᠡᠬᠦᠯᠳᠡᠷ ᠪᠤᠰᠤ ᠪᠠᠶᠢᠵᠤ ᠂ ᠰᠠᠭᠤᠷᠢ ᠲᠦᠬᠦᠭᠡᠷᠦᠮᠵᠢ ᠶᠢᠨ ᠲᠠᠭᠠᠭᠠᠴᠠ ᠶᠢᠨ ᠴᠢᠳᠠᠪᠤᠷᠢ ᠨᠢ ᠬᠦᠴᠤᠷᠬᠡᠭ  ᠪᠤᠰᠤ᠂ ᠵᠠᠮ ᠬᠠᠷᠢᠯᠴᠠᠭ᠎ᠠ᠂ ᠴᠠᠬᠢᠯᠭᠠᠨ ᠬᠦᠴᠤᠨ ᠵᠡᠷᠬᠡ ᠭᠠᠳᠠᠭᠰᠢ ᠲᠠᠮᠵᠢᠭᠤᠯᠬᠤ ᠵᠠᠮ ᠱᠤᠭᠤᠮ ᠬᠠᠷᠰᠢᠯᠠᠯ ᠲᠠᠢ ᠪᠠᠶᠢᠨ᠎ᠠ︔ ᠠᠮᠢ ᠠᠬᠤᠢ ᠶᠢᠨ ᠤᠷᠴᠢᠨ ᠲᠤᠭᠤᠷᠢᠨ ᠲᠤᠶᠢᠯ  ᠤᠨ ᠪᠠᠭᠤᠷᠠᠢ ᠪᠠᠶᠢᠵᠤ᠂ ᠡᠬᠢ ᠪᠠᠶᠠᠯᠢᠭ  ᠤᠨ ᠤᠷᠴᠢᠨ ᠲᠤᠭᠤᠷᠢᠨ ᠎ ᠤ ᠬᠦᠯᠢᠶᠡᠰᠦᠯᠠᠯ ᠲᠠᠰᠤᠷᠠᠯᠳᠠ ᠦᠭᠡᠢ ᠶᠡᠭᠡᠳᠴᠤ ᠪᠠᠶᠢᠨ᠎ᠠ︔  ᠰᠢᠨᠵᠢᠯᠡᠬᠦ ᠤᠬᠠᠭᠠᠨ ᠮᠡᠷᠭᠡᠵᠢᠯ  ᠤᠨ ᠰᠢᠨ᠎ᠠ ᠶᠢ ᠡᠬᠦᠳᠬᠦ ᠴᠢᠳᠠᠪᠤᠷᠢ ᠬᠦᠴᠤᠷᠬᠡᠭ ᠪᠤᠰᠤ ᠪᠠᠶᠢᠵᠤ ᠂ ᠲᠡᠭᠡᠳᠤ ᠰᠢᠨᠵᠢᠯᠡᠬᠦ ᠤᠬᠠᠭᠠᠨ ᠮᠡᠷᠭᠡᠵᠢᠯ  ᠤᠨ ᠴᠢᠳᠠᠪᠤᠷᠢᠳᠠᠨ ᠪᠠ ᠠᠵᠤ ᠦᠢᠯᠡᠰ ᠤᠨ ᠠᠵᠢᠯᠴᠢᠨ ᠲᠤᠳᠠᠭᠳᠠᠵᠤ᠂ ᠨᠡᠶᠢᠭᠡᠮ  ᠤᠨ ᠠᠵᠢᠯ ᠦᠢᠯᠡᠰ  ᠤᠨ ᠦᠷᠢᠳᠤᠯ ᠨᠡᠯᠢᠶᠠᠳ ᠤᠯᠠᠨ ᠪᠠᠶᠢᠵᠤ᠂ ᠨᠡᠶᠢᠳᠠ ᠶᠢᠨ ᠦᠢᠯᠡᠴᠢᠯᠡᠭᠡᠨ  ᠤ ᠴᠢᠳᠠᠪᠤᠷᠢ ᠶᠢ ᠴᠢᠨᠠᠭᠰᠢᠳᠠ ᠲᠡᠭᠡᠭᠰᠢᠯᠡᠬᠦᠯᠬᠦ ᠴᠢᠬᠤᠯᠠ ᠲᠠᠢ ᠪᠠᠶᠢᠨ᠎ᠠ︔ ᠨᠡᠶᠢᠭᠡᠮ  ᠤᠨ ᠬᠠᠮᠢᠶᠠᠷᠤᠯᠳᠠ  ᠳᠤ ᠠᠯᠢ ᠤᠯᠠᠨ ᠰᠢᠨ᠎ᠠ ᠪᠠᠶᠢᠳᠠᠯ ᠪᠠ ᠠᠰᠠᠭᠤᠳᠠᠯ ᠲᠤᠯᠭᠠᠷᠠᠵᠤ᠂ ᠡᠬᠢ ᠪᠠᠶᠠᠯᠢᠭ  ᠤᠨ ᠨᠡᠭᠡᠭᠡᠯᠳᠠ᠂ ᠲᠦᠷᠦᠯ ᠵᠦᠢᠯ  ᠤᠨ ᠪᠦᠳᠦᠭᠡᠨ ᠪᠠᠶᠢᠭᠤᠯᠤᠯᠳᠠ᠂ ᠭᠠᠵᠠᠷ ᠲᠠᠳᠠᠪᠤᠷᠢᠯᠠᠨ ᠨᠤᠷᠠᠭᠠᠨ ᠰᠢᠯᠵᠢᠬᠦᠯᠬᠦ ᠶᠠᠪᠤᠴᠠ ᠲᠤᠮᠳᠠ ᠵᠦᠷᠢᠴᠠᠯ ᠵᠢᠭᠤᠷᠠᠯᠳᠤᠭᠠᠨ ᠮᠦᠨ ᠯᠠ ᠲᠠᠰᠤᠷᠠᠯ ᠦᠭᠡᠢ ᠡᠬᠦᠰᠴᠤ᠂ ᠢᠯᠡᠩᠭᠤᠶ᠎ᠠ ᠭᠡᠷ ᠪᠠᠶᠢᠰᠢᠩ ᠭᠠᠵᠠᠷ ᠬᠦᠷᠦᠩᠭᠡ ᠪᠠ ᠠᠷᠠᠳ  ᠤᠨ ᠵᠢᠭᠡᠯᠡᠯᠭᠡ ᠶᠢᠨ ᠬᠦᠷᠢᠶ᠎ᠠ ᠬᠡᠪᠴᠢᠶᠠᠨ ᠳᠠᠬᠢ ᠠᠶᠤᠯ ᠲᠦᠭᠰᠢᠬᠦᠷᠢ  ᠨᠡᠮᠡᠭᠳᠡᠵᠤ᠂ ᠨᠡᠶᠢᠭᠡᠮ  ᠤᠨ ᠠᠮᠤᠷ ᠲᠤᠭᠳᠠᠭᠤᠨ  ᠢ ᠬᠠᠮᠠᠭᠠᠯᠠᠬᠤ ᠡᠬᠦᠷᠭᠡ ᠪᠠᠰᠠ ᠲᠤᠶᠢᠯ  ᠤᠨ ᠬᠦᠴᠢᠷ  ᠪᠡᠷᠭᠡᠰᠢᠶᠡᠯ ᠲᠠᠢ ᠪᠠᠶᠢᠨ᠎ᠠ︔  ᠵᠠᠰᠠᠭ  ᠤᠨ ᠤᠷᠳᠤᠨ  ᠤ ᠲᠤᠰ ᠪᠠᠶ᠎ᠠ ᠶᠢᠨ ᠪᠠᠶᠢᠭᠤᠯᠤᠯᠳᠠ ᠎ ᠶᠢ ᠲᠠᠰᠤᠷᠠᠯᠳᠠ ᠦᠭᠡᠢ ᠴᠢᠩᠭᠠᠳᠬᠠᠬᠤ ᠴᠢᠬᠤᠯᠠ ᠲᠠᠢ ᠪᠠᠶᠢᠵᠤ᠂ ᠰᠢᠨᠵᠢᠯᠡᠬᠦ ᠤᠬᠠᠭᠠᠨᠴᠢ ᠪᠠᠷ ᠬᠦᠭᠵᠢᠬᠦᠯᠬᠦ ᠶᠢ ᠠᠬᠢᠭᠤᠯᠬᠤ ᠴᠢᠳᠠᠪᠤᠷᠢ ᠶᠢ ᠴᠢᠨᠠᠭᠰᠢᠳᠠ ᠲᠡᠭᠡᠭᠰᠢᠯᠡᠬᠦᠯᠬᠦ ᠴᠢᠬᠤᠯᠠ ᠲᠠᠢ ᠪᠠᠶᠢᠨ᠎ᠠ᠃ ᠡᠳᠡᠬᠡᠷ ᠠᠰᠠᠭᠤᠳᠠᠯ  ᠢ ᠪᠢᠳᠠ ᠡᠷᠭᠡᠪᠰᠢ ᠲᠡᠭᠡᠳᠤ ᠬᠡᠮᠵᠢᠶ᠎ᠠ ᠪᠠᠷ ᠴᠢᠬᠤᠯᠠᠴᠢᠯᠠᠵᠤ᠂ ᠬᠦᠴᠦᠨ ᠪᠦᠬᠦᠢ ᠠᠷᠭ᠎ᠠ ᠬᠡᠮᠵᠢᠶ᠎ᠠ ᠠᠪᠴᠤ᠂ ᠦᠨᠡᠨᠬᠦ ᠴᠢᠬᠤᠯᠠᠴᠢᠯᠠᠨ ᠰᠢᠢᠳᠪᠤᠷᠢᠯᠡᠬᠦ ᠴᠢᠬᠤᠯᠠ ᠲᠠᠢ ᠪᠠᠶᠢᠨ᠎ᠠ᠃          ᠬᠤᠶᠠᠷ᠂ 2012 ᠤᠨ  ᠤ ᠭᠤᠤᠯ ᠠᠵᠢᠯ  ᠤᠨ ᠡᠬᠦᠷᠭᠡ      2012 ᠤᠨ ᠪᠤᠯ ᠮᠠᠨ  ᠤ ᠬᠤᠳᠠ ᠠᠵᠤ ᠠᠬᠤᠢ ᠶᠢᠨ ᠪᠦᠳᠦᠴᠠ  ᠳᠤ ᠲᠤᠬᠢᠷᠠᠭᠤᠯᠤᠯᠳᠠ ᠬᠢᠵᠤ᠂ ᠬᠦᠭᠵᠢᠯᠳᠠ ᠶᠢᠨ ᠬᠡᠯᠪᠡᠷᠢ ᠶᠢ ᠬᠤᠪᠢᠷᠠᠭᠤᠯᠬᠤ ᠵᠠᠩᠭᠢᠯᠠᠭ᠎ᠠ ᠶᠢᠨ ᠨᠢᠭᠡ ᠵᠢᠯ ᠪᠤᠯᠤᠨ᠎ᠠ᠂  ᠪᠢᠳᠠᠨ ᠳᠤ ᠶᠠᠭ ᠤᠯᠳᠠᠰᠢ ᠦᠭᠡᠢ ᠬᠦᠭᠵᠢᠯᠳᠠ ᠶᠢᠨ ᠠᠵᠨ ᠲᠤᠬᠢᠶᠠᠯ ᠲᠤᠯᠭᠠᠷᠠᠵᠤ ᠪᠠᠶᠢᠬᠤ ᠪᠠᠷ ᠪᠠᠷᠠᠬᠤ ᠦᠬᠡᠢ ᠪᠠᠰᠠ ᠡᠳᠦᠢ ᠲᠡᠳᠦᠢ ᠬᠦᠴᠢᠷᠳᠡᠯ ᠪᠠ ᠦᠷᠢᠰᠦᠯᠳᠦᠭᠡᠨ ᠴᠤ ᠲᠤᠯᠭᠠᠷᠠᠵᠤ ᠪᠠᠶᠢᠨ᠎ᠠ᠂ ᠡᠨᠠ ᠵᠢᠯ ᠤᠨ ᠵᠠᠰᠠᠭ  ᠤᠨ ᠤᠷᠳᠤᠨ  ᠤ ᠠᠵᠢᠯ  ᠢ ᠰᠠᠶᠢᠳᠤᠷ ᠬᠢᠬᠦ ᠨᠢ ᠤᠳᠬ᠎ᠠ ᠰᠠᠨᠠᠭ᠎ᠠ  ᠎ ᠪᠠᠷ ᠬᠦᠨᠳᠤ ᠴᠢᠬᠤᠯᠠ ᠶᠤᠮ᠃ ᠪᠢᠳᠠ ᠡᠷᠭᠡᠪᠰᠢ ᠬᠦᠭᠵᠢᠯᠳᠠ ᠶᠢᠨ ᠤᠷᠬᠢᠯᠤᠮ᠎ᠠ ᠬᠠᠯᠠᠭᠤᠨ ᠰᠡᠳᠭᠢᠯᠭᠡ ᠶᠢ ᠡᠪᠦᠷᠯᠡᠵᠤ᠂ ᠬᠦᠭᠵᠢᠯᠳᠠ ᠶᠢᠨ ᠢᠳᠡᠭᠡᠯ ᠵᠤᠷᠢᠭ  ᠢᠶᠠᠨ ᠪᠠᠳᠤᠳᠬᠠᠵᠤ᠂ ᠬᠦᠭᠵᠢᠯᠳᠠ ᠶᠢᠨ ᠠᠵᠠ ᠲᠤᠬᠢᠶᠠᠯ  ᠢ ᠵᠡᠪᠳᠤᠨ  ᠡᠵᠡᠮᠳᠠᠵᠤ᠂  ᠢᠳᠡᠪᠬᠢᠯᠠᠨ ᠤᠷᠤᠭᠰᠢᠯᠠᠵᠤ᠂ ᠯᠠᠪᠳᠠᠭᠤᠨ ᠪᠠᠳᠤᠳᠠᠢ ᠠᠵᠢᠯᠯᠠᠵᠤ᠂ ᠪᠦᠬᠦ ᠵᠢᠯ ᠤᠨ ᠡᠯ᠎ᠠ ᠲᠦᠷᠦᠯ  ᠤᠨ ᠬᠠᠷᠠᠯᠳᠠ ᠡᠬᠦᠷᠭᠡ ᠶᠢ ᠲᠡᠬᠦᠰ ᠠᠮᠵᠢᠯᠳᠠ ᠲᠠᠢ ᠪᠡᠶᠡᠯᠡᠬᠦᠯᠬᠦ ᠶᠢ ᠪᠠᠳᠤᠯᠠᠵᠤ᠂ ᠰᠢᠯᠢᠳᠡᠭ ᠬᠢᠷᠢ ᠪᠦᠳᠦᠮᠵᠢ ᠪᠠᠷ ᠨᠠᠮ  ᠤᠨ ᠠᠷᠪᠠᠨ ᠨᠠᠢᠮᠠᠳᠤᠭᠠᠷ ᠤᠳᠠᠭᠠᠨ  ᠤ ᠶᠡᠭᠡ ᠬᠤᠷᠠᠯ  ᠤᠨ ᠠᠮᠵᠢᠯᠳᠠ ᠲᠠᠢ ᠪᠠᠷ ᠶᠠᠪᠤᠭᠳᠠᠬᠤ ᠶᠢ ᠤᠭᠳᠤᠶ᠎ᠠ᠃      ᠡᠨᠡ ᠵᠢᠯ  ᠤᠨ ᠵᠠᠰᠠᠭ  ᠤᠨ ᠤᠷᠳᠤᠨ  ᠤ ᠠᠵᠢᠯ  ᠤᠨ ᠶᠡᠷᠦᠩᠭᠡᠢ ᠰᠡᠳᠬᠢᠴᠠ ᠪᠤᠯ᠄ ᠦᠪᠡᠷᠳᠡᠭᠡᠨ ᠵᠠᠰᠠᠬᠤ ᠤᠷᠤᠨ  ᠤ ᠶᠢᠰᠤᠳᠦᠭᠡᠷ ᠤᠳᠠᠭᠠᠨ  ᠤ ᠨᠠᠮ ᠎ ᠤᠨ ᠲᠦᠯᠦᠭᠡᠯᠡᠭᠴᠢᠳ  ᠤᠨ ᠬᠤᠷᠠᠯ ᠪᠠ ᠬᠤᠳᠠ ᠶᠢᠨ ᠭᠤᠷᠪᠠᠳᠤᠭᠠᠷ ᠤᠳᠠᠭᠠᠨ  ᠤ ᠨᠠᠮ  ᠤᠨ ᠲᠦᠯᠦᠭᠡᠯᠡᠭᠴᠢᠳ  ᠤᠨ ᠬᠤᠷᠠᠯ  ᠤᠨ ᠵᠤᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ︽ᠰᠢᠨᠵᠢᠯᠡᠬᠦ ᠤᠬᠠᠭᠠᠨᠴᠢ ᠪᠠᠷ ᠬᠦᠭᠵᠢᠬᠦᠯᠦᠨ᠂ ᠠᠷᠠᠳ ᠢᠶᠠᠨ ᠪᠠᠶᠠᠵᠢᠭᠤᠯᠵᠤ ᠬᠤᠳᠠ ᠪᠠᠨ ᠬᠦᠴᠦᠷᠭᠡᠭᠵᠢᠬᠦᠯᠬᠦ︾ ᠭᠤᠤᠯ ᠰᠡᠳᠤᠪ  ᠢ ᠪᠠᠳᠤ ᠡᠵᠡᠮᠳᠠᠵᠤ᠂ ᠠᠵᠤ ᠠᠬᠤᠢ ᠶᠢᠨ ᠪᠦᠳᠦᠴᠠ  ᠳᠤ ᠲᠤᠬᠢᠷᠠᠭᠤᠯᠤᠯᠳᠠ ᠬᠢᠬᠦ ᠶᠢᠨ ᠡᠨᠡᠬᠦ ᠭᠤᠤᠯ ᠱᠤᠭᠤᠮ  ᠢ ᠴᠢᠩᠭ᠎ᠠ ᠠᠳᠬᠤᠨ᠂  ᠪᠦᠳᠦᠴᠨ ᠎ ᠶᠢᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ᠂ ᠰᠢᠨᠵᠢᠯᠡᠬᠦ ᠤᠬᠠᠭᠠᠨ ᠮᠡᠷᠭᠡᠵᠢᠯ  ᠤᠨ ᠰᠢᠨ᠎ᠠ ᠶᠢ ᠡᠬᠦᠳᠬᠦ᠂ ᠬᠤᠳᠠ ᠬᠦᠳᠡᠭᠡ ᠶᠢ ᠨᠢᠭᠡᠳᠤᠯᠳᠠᠢ ᠲᠦᠯᠦᠪᠵᠢᠬᠦᠯᠬᠦ᠂ ᠠᠷᠠᠳ ᠤᠨ ᠠᠮᠢᠳᠤᠷᠠᠯ  ᠢ ᠰᠠᠶᠢᠵᠢᠷᠠᠭᠤᠯᠬᠤ᠂ ᠨᠡᠶᠢᠭᠡᠮ  ᠤᠨ ᠡᠶ᠎ᠡ ᠵᠤᠬᠢᠴᠠᠯ  ᠢ ᠨᠠᠩ ᠴᠢᠬᠤᠯᠠᠴᠢᠯᠠᠵᠤ᠂  ᠪᠦᠬᠦ ᠤᠯᠤᠰ  ᠤᠨ ᠪᠤᠯᠪᠠᠰᠤᠨ ᠬᠤᠳᠠ᠂ ᠤᠯᠤᠰ  ᠤᠨ ᠡᠷᠡᠬᠦᠯ ᠬᠠᠮᠠᠭᠠᠯᠠᠯ  ᠤᠨ ᠬᠤᠳᠠ᠂ ᠪᠦᠬᠦ ᠤᠯᠤᠰ ᠤᠨ ᠬᠤᠶᠠᠷ  ᠢ ᠬᠦᠷᠢᠶᠠᠯᠠᠬᠦ ᠵᠢᠱᠢᠶᠠᠴᠢ ᠬᠤᠳᠠ ᠶᠢ ᠡᠬᠦᠳᠤᠨ ᠪᠠᠶᠢᠭᠤᠯᠤᠭᠰᠠᠨ ᠦᠷ᠎ᠠ ᠪᠦᠳᠦᠭᠡᠯ  ᠢ ᠪᠠᠳᠤᠳᠬᠠᠬᠤ ᠪᠠ ᠬᠦᠭᠵᠢᠬᠦᠯᠵᠤ᠂ ᠤᠯᠤᠰ  ᠤᠨ ᠪᠤᠬᠢᠷᠳᠤᠯ ᠦᠭᠡᠢ ᠵᠢᠱᠢᠶᠠᠴᠢ ᠬᠤᠳᠠ᠂ ᠤᠯᠤᠰ  ᠤᠨ ᠠᠮᠢ ᠠᠬᠤᠢ ᠶᠢᠨ ᠴᠡᠴᠡᠷᠯᠢᠭ ᠬᠤᠳᠠ᠂ ᠤᠯᠤᠰ  ᠤᠨ ᠤᠢ ᠰᠢᠭᠤᠢ ᠶᠢᠨ ᠬᠤᠳᠠ ᠪᠠ ᠤᠯᠠᠨ ᠤᠯᠤᠰ  ᠤᠨ ᠡᠷᠡᠬᠦᠯ ᠡᠩᠭᠡ ᠬᠤᠳᠠ ᠶᠢ ᠪᠦᠬᠦ ᠬᠦᠴᠦᠨ  ᠢᠶᠠᠷ  ᠢᠶᠠᠨ ᠡᠬᠦᠳᠤᠨ ᠪᠠᠶᠢᠭᠤᠯᠵᠤ᠂ ᠤᠷᠳᠤᠰ ᠎ ᠤᠨ ᠰᠢᠨᠵᠢᠯᠡᠬᠦ ᠤᠬᠠᠭᠠᠨᠴᠢ ᠬᠦᠭᠵᠢᠯᠳᠠ ᠶᠢᠨ ᠰᠢᠨ᠎ᠠ ᠪᠠᠶᠢᠳᠠᠯ  ᠢ ᠴᠢᠷᠮᠠᠶᠢᠨ ᠪᠤᠢ ᠪᠤᠯᠭᠠᠨ᠎ᠠ᠃     ᠠᠵᠤ ᠠᠬᠤᠢ ᠨᠡᠶᠢᠭᠡᠮ  ᠤᠨ ᠬᠦᠭᠵᠢᠯᠳᠠ ᠶᠢᠨ ᠭᠤᠤᠯ ᠵᠢᠱᠢᠭᠰᠡᠨ ᠬᠠᠷᠠᠯᠳᠠ ᠪᠤᠯ᠄  ᠭᠠᠵᠠᠷ ᠤᠷᠤᠨ  ᠤ ᠦᠢᠯᠡᠳᠪᠤᠷᠢᠯᠠᠯ  ᠤᠨ ᠶᠡᠷᠦᠩᠭᠡᠢ ᠦᠷᠳᠡᠭ  ᠢ 3770 ᠳ᠋ᠦᠡᠭᠰᠢᠭᠤᠷ ᠲᠦᠬᠦᠷᠢᠭ ᠪᠡᠶᠡᠯᠡᠬᠦᠯᠵᠤ᠂ 13%᠎ ᠪᠠᠷ ᠨᠡᠮᠡᠭᠳᠡᠬᠦᠯᠦᠨ᠎ᠠ︔  ᠪᠦᠬᠦ ᠨᠠᠶᠢᠬᠡᠮ  ᠤᠨ ᠲᠤᠭᠳᠠᠮᠠᠯ ᠬᠦᠷᠤᠩᠬᠡ ᠶᠢᠨ ᠪᠠᠯᠠ ᠤᠷᠤᠭᠤᠯᠤᠯᠳᠠ ᠶᠢ 2530 ᠳ᠋ᠦᠩᠰᠢᠭᠤᠷ ᠲᠦᠬᠦᠷᠢᠭ  ᠪᠠᠶᠠᠯᠠᠬᠦᠯᠵᠤ 13%  ᠎ ᠪᠠᠷ ᠨᠡᠮᠡᠭᠳᠡᠬᠦᠯᠤᠨ᠎ᠠ︔ ᠡᠳ᠋  ᠤᠨ ᠵᠠᠰᠠᠭ  ᠤᠨ ᠤᠷᠤᠯᠭ᠎ᠠ ᠶᠢ 1000 ᠳ᠋ᠦᠡᠭᠰᠢᠭᠤᠷ ᠲᠦᠬᠦᠷᠢᠭ  ᠪᠠᠶᠡᠯᠡᠬᠦᠯᠵᠤ᠂ 25%᠎ ᠪᠠᠷ ᠨᠡᠮᠡᠭᠳᠡᠬᠦᠯᠦᠨ᠎ᠠ᠂ ᠡᠬᠦᠨ ᠳᠤ ᠡᠩ  ᠤᠨ ᠲᠦᠰᠦᠪ  ᠤᠨ ᠤᠷᠤᠯᠭ᠎ᠠ ᠶᠢ 450 ᠳ᠋ᠦᠡᠭᠰᠢᠭᠤᠷ ᠲᠦᠬᠦᠷᠢᠭ ᠪᠡᠶᠡᠯᠡᠬᠦᠯᠵᠤ᠂ 30% ᠎ ᠪᠠᠷ ᠨᠡᠮᠡᠭᠳᠡᠬᠦᠯᠦᠨ᠎ᠠ︔ ᠬᠤᠳᠠ ᠪᠠᠯᠭᠠᠰᠤ ᠶᠢᠨ ᠰᠠᠭᠤᠭᠠᠯᠢ ᠠᠷᠠᠳ  ᠤᠨ ᠬᠦᠮᠦᠨ ᠲᠤᠮᠳᠠᠴᠢ ᠲᠤᠬᠢᠷᠠᠭᠤᠯᠵᠤ ᠪᠤᠯᠬᠤ ᠤᠷᠤᠯᠭ᠎ᠠ ᠶᠢ 33044 ᠲᠦᠬᠦᠷᠢᠭ ᠬᠦᠷᠭᠡᠵᠤ᠂ 14%᠎ ᠪᠠᠷ ᠨᠡᠮᠡᠭᠳᠡᠬᠦᠯᠦᠨ᠎ᠠ︔ ᠮᠠᠯᠴᠢᠨ ᠲᠠᠷᠢᠶᠠᠴᠢᠳ ᠤᠨ ᠬᠦᠮᠦᠨ ᠲᠤᠮᠳᠠᠴᠢ ᠴᠡᠪᠡᠷ ᠤᠷᠤᠯᠭ᠎ᠠ ᠶᠢ 11280 ᠲᠦᠬᠦᠷᠢᠭ ᠬᠦᠷᠭᠡᠵᠤ᠂ 13% ᠎ ᠪᠠᠷ ᠨᠡᠮᠡᠭᠳᠡᠬᠦᠯᠦᠨ᠎ᠠ︔ ᠨᠡᠶᠢᠭᠡᠮ  ᠤᠨ ᠬᠡᠷᠡᠭᠯᠡᠭᠡᠨ  ᠤ ᠵᠦᠢᠯ  ᠢ ᠵᠢᠵᠢᠭᠯᠡᠨ ᠪᠤᠷᠤᠯᠠᠭᠤᠯᠤᠭᠰᠠᠨ ᠶᠡᠷᠦᠩᠭᠡᠢ ᠲᠤᠭ᠎ᠠ ᠶᠢ 512 ᠳ᠋ᠦᠡᠭᠰᠢᠭᠤᠷ ᠲᠦᠬᠦᠷᠢᠭ ᠪᠡᠶᠡᠯᠡᠬᠦᠯᠵᠤ᠂ 17%᠎ ᠪᠠᠷ ᠨᠡᠮᠡᠭᠳᠡᠬᠦᠯᠦᠨ᠎ᠠ᠃ ᠬᠤᠳᠠ ᠪᠠᠯᠭᠠᠰᠤ ᠶᠢᠨ ᠲᠡᠩᠰᠠᠯᠠᠭᠤᠯᠤᠭᠰᠠᠨ ᠠᠵᠢᠯ ᠠᠯᠳᠠᠯᠳᠠ ᠶᠢᠨ ᠨᠤᠷᠮ᠎ᠠ ᠶᠢ 3%᠎ ᠶᠢᠨ ᠲᠤᠳᠤᠷ᠎ᠠ ᠬᠢᠵᠠᠭᠠᠷᠯᠠᠨ᠎ᠠ︔ ᠬᠦᠮᠦᠨ ᠠᠮᠠ ᠶᠢᠨ ᠲᠦᠷᠦᠯᠳᠠ ᠶᠢᠨ ᠨᠤᠷᠮ᠎ᠠ ᠶᠢ 12.2‰ ᠎ ᠤᠨ ᠲᠤᠳᠤᠷ᠎ᠠ ᠬᠢᠵᠠᠭᠠᠷᠯᠠᠨ᠎ᠠ︔ ᠰᠠᠭᠤᠭᠠᠯᠢ ᠠᠷᠠᠳ  ᠤᠨ ᠬᠡᠷᠡᠭᠯᠡᠭᠡ ᠶᠢᠨ ᠦᠨ᠎ᠠ ᠬᠠᠨᠭ᠍ᠰᠢ ᠶᠢᠨ ᠢᠯᠡᠳᠭᠡᠭᠴᠢ ᠲᠤᠭ᠎ᠠ ᠶᠢᠨ ᠨᠡᠮᠡᠭᠳᠡᠯ  ᠢ 4.5%᠎ ᠶᠢᠨ ᠲᠤᠳᠤᠷ᠎ᠠ ᠬᠢᠵᠠᠭᠠᠷᠯᠠᠨ᠎ᠠ︔ ᠳ᠋ᠦᠡᠭᠰᠢᠭᠤᠷ ᠲᠦᠬᠦᠷᠢᠭ  ᠤᠨ ᠦᠢᠯᠡᠳᠪᠤᠷᠢᠯᠠᠯ  ᠤᠨ ᠶᠡᠷᠦᠩᠭᠡᠢ ᠦᠷᠳᠡᠭ ᠤᠨ ᠠᠶᠤᠯ ᠦᠭᠡᠢ ᠶᠢᠨ ᠠᠳᠠᠯ  ᠤᠨ ᠦᠬᠦᠯ  ᠤᠨ ᠨᠤᠷᠮ᠎ᠠ ᠶᠢ 0.05᠎ ᠶᠢᠨ ᠲᠤᠳᠤᠷ᠎ᠠ ᠬᠢᠵᠠᠭᠠᠷᠯᠠᠨ᠎ᠠ︔  ᠤᠨ  ᠤ ᠡᠨᠧᠷᠬᠢ ᠠᠷᠪᠢᠯᠠᠨ ᠭᠠᠳᠠᠭᠰᠢᠯᠠᠭᠤᠯᠤᠯ  ᠢ ᠪᠠᠭᠠᠰᠬᠠᠬᠤ ᠬᠠᠷᠠᠯᠳᠠ ᠡᠬᠦᠷᠭᠡ ᠶᠢ ᠪᠡᠶᠡᠯᠡᠬᠦᠯᠬᠦ ᠶᠢ ᠪᠠᠳᠤᠯᠠᠨ᠎ᠠ᠃      ᠡᠨᠡ ᠵᠢᠯ᠂  ᠬᠤᠳᠠ ᠶᠢᠨ ᠵᠠᠰᠠᠭ  ᠤᠨ ᠤᠷᠳᠤᠨ ᠠᠷᠪᠠᠨ ᠨᠢᠭᠡᠨ ᠲᠠᠯ᠎ᠠ ᠶᠢᠨ ᠠᠵᠢᠯ  ᠢ ᠭᠤᠤᠯᠳᠠᠯᠭ᠎ᠠ ᠲᠠᠢ ᠰᠠᠶᠢᠳᠤᠷ ᠬᠢᠨ᠎ᠠ᠄     ︵ᠨᠢᠭᠡ︶ ᠠᠵᠤ ᠠᠬᠤᠢ ᠶᠢᠨ ᠰᠠᠶᠢᠨ ᠮᠦᠷᠳᠡᠭᠡᠨ ᠲᠦᠷᠭᠡᠨ ᠬᠦᠭᠵᠢᠯᠳᠠ ᠶᠢ ᠴᠢᠷᠮᠠᠶᠢᠨ ᠠᠬᠢᠭᠤᠯᠤᠨ᠎ᠠ᠃ ᠠᠵᠤ ᠠᠬᠤᠢ ᠶᠢᠨ ᠶᠡᠷᠦᠩᠭᠡᠢ ᠬᠡᠮᠵᠢᠶ᠎ᠠ ᠶᠢ ᠪᠤᠵᠠᠭᠠᠶᠢᠷᠠᠭᠤᠯᠵᠤ᠂ ᠠᠵᠤ ᠠᠬᠤᠢ ᠶᠢᠨ ᠪᠦᠳᠦᠴᠠ  ᠳᠤ ᠲᠤᠬᠢᠷᠠᠭᠤᠯᠤᠯᠳᠠ ᠬᠢᠵᠤ᠂ ᠠᠵᠤ ᠠᠬᠤᠢ ᠶᠢᠨ ᠬᠦᠭᠵᠢᠯᠳᠠ ᠶᠢᠨ ᠶᠠᠰᠤ ᠴᠢᠨᠠᠷ ᠪᠠ ᠬᠢᠷᠢ ᠲᠦᠪᠰᠢᠨ  ᠢ ᠲᠡᠬᠡᠭᠰᠢᠯᠠᠬᠦᠯᠤᠨ᠎ᠠ᠃     ᠲᠦᠷᠦᠯ ᠵᠦᠢᠯ  ᠤᠨ ᠪᠦᠳᠦᠭᠡᠨ ᠪᠠᠶᠢᠭᠤᠯᠤᠯᠳᠠ ᠪᠠᠷ ᠲᠡᠳᠠᠨ ᠠᠬᠢᠭᠤᠯᠬᠤ ᠪᠠ ᠪᠠᠯᠠ ᠤᠷᠤᠭᠤᠯᠤᠯᠳᠠ ᠶᠢ ᠭᠤᠤᠯᠳᠠᠯᠭ᠎ᠠ ᠲᠠᠢ ᠰᠠᠶᠢᠳᠤᠷ ᠠᠳᠬᠤᠨ᠎ᠠ᠃ ᠪᠦᠬᠦ ᠵᠢᠯ  ᠳᠤ ᠳ᠋ᠦᠡᠭᠰᠢᠭᠤᠷ ᠲᠦᠬᠦᠷᠢᠭ  ᠢ ᠲᠠᠪᠠᠭᠰᠠᠨ ᠴᠢᠬᠤᠯᠠ ᠶᠡᠭᠡ ᠲᠦᠷᠦᠯ ᠵᠦᠢᠯ  ᠢ 201 ᠲᠦᠷᠦᠯ ᠬᠡᠷᠡᠭᠵᠢᠬᠦᠯᠵᠤ᠂ ᠡᠬᠦᠨ  ᠳᠤ 10 ᠳ᠋ᠦᠡᠭᠰᠢᠭᠤᠷ ᠲᠦᠬᠦᠷᠢᠭ ᠠᠴᠠ ᠲᠡᠭᠡᠭᠰᠢᠬᠢ ᠲᠦᠷᠦᠯ ᠵᠦᠢᠯ  ᠢ 100 ᠲᠦᠷᠦᠯ ᠢ ᠲᠠᠪᠠᠭᠤᠯᠤᠨ᠎ᠠ᠃ ᠵᠠᠬ᠎ᠠ ᠲᠡᠯᠭᠡᠬᠦᠷ  ᠤᠨ ᠲᠤᠭᠳᠠᠴᠠ ᠶᠢ ᠬᠡᠷᠡᠭᠯᠡᠨ ᠪᠦᠳᠦᠭᠡᠨ ᠪᠠᠶᠢᠭᠤᠯᠤᠯᠳᠠ ᠎ ᠶᠢᠨ ᠪᠠᠯᠠ ᠮᠦᠡᠭᠬᠦ ᠴᠤᠭᠯᠠᠭᠤᠯᠬᠤ ᠶᠢ ᠪᠠᠷᠢᠮᠳᠠᠯᠠᠵᠤ᠂ ᠤᠯᠠᠨ ᠡᠰᠢᠵᠢᠭᠰᠡᠨ ᠪᠠᠯᠠ ᠤᠷᠤᠭᠤᠯᠤᠯᠳᠠ ᠶᠢᠨ ᠭᠤᠤᠯ ᠴᠤᠭᠴᠠ ᠶᠢ ᠤᠷᠤᠭᠤᠯᠬᠤ ᠪᠠ ᠪᠤᠶᠢᠵᠢᠭᠤᠯᠤᠨ ᠪᠤᠵᠠᠭᠠᠶᠢᠷᠠᠭᠤᠯᠬᠤ ᠶᠢ ᠲᠦᠷᠭᠡᠳᠭᠡᠵᠤ᠂ ᠤᠷᠤᠨ ᠨᠤᠳᠤᠭ  ᠤᠨ ᠠᠵᠤ ᠠᠬᠤᠶᠢᠯᠠᠯ  ᠢ ᠵᠤᠷᠢᠭᠵᠢᠭᠤᠯᠤᠨ ᠲᠤᠰ ᠭᠠᠵᠠᠷ ᠤᠷᠤᠨ ᠳᠠᠬᠢ ᠪᠠᠯᠠ ᠤᠷᠤᠭᠤᠯᠤᠯᠳᠠ ᠶᠢ ᠦᠷᠭᠡᠳᠭᠡᠵᠤ᠂ ᠰᠠᠶᠢᠨ ᠡᠷᠬᠢᠯᠳᠠ ᠲᠠᠢ ᠪᠠ ᠠᠮᠢᠳᠤᠯᠢᠭ ᠦᠨᠳᠤᠷ ᠪᠦᠳᠦᠮᠵᠢᠳᠠᠢ ᠬᠦᠷᠦᠩᠭᠡ ᠶᠢᠨ ᠡᠷᠬᠢᠯᠳᠠ ᠶᠢᠨ ᠲᠤᠭᠳᠠᠴᠠ ᠶᠢ ᠪᠦᠷᠢᠯᠳᠤᠬᠦᠯᠦᠨ᠎ᠠ᠃  ᠠᠷᠠᠯᠵᠢᠶᠠᠴᠢᠨ ᠤᠷᠢᠨ ᠪᠠᠯᠠ ᠲᠠᠳᠠᠬᠤ ᠬᠦᠴᠦᠯᠡᠴᠠ ᠪᠠᠨ ᠴᠢᠨᠠᠭᠰᠢᠳᠠ ᠨᠡᠮᠡᠭᠳᠡᠬᠦᠯᠵᠤ᠂ ᠠᠵᠤ ᠦᠢᠯᠡᠰ ᠤᠨ ᠬᠡᠯᠬᠢᠶᠡᠵᠢᠯ  ᠢᠶᠠᠷ ᠠᠷᠡᠯᠵᠢᠶᠠᠴᠢᠨ ᠤᠷᠢᠬᠤ ᠪᠠ ᠬᠦᠷᠢᠶᠠᠯᠠᠩ ᠲᠤᠭᠤᠷᠢᠭ ᠤᠨ ᠪᠦᠯᠦᠭᠯᠡᠯ ᠬᠡᠯᠪᠡᠷᠢ ᠪᠠᠷ ᠠᠷᠡᠯᠵᠢᠶᠠᠴᠢᠨ ᠤᠷᠢᠬᠤ ᠶᠢ ᠲᠡᠯᠬᠡᠷᠡᠬᠦᠯᠵᠤ᠂ ᠤᠯᠤᠰ ᠤᠨ ᠲᠤᠳᠤᠭᠠᠳᠤ ᠭᠠᠳᠠᠭᠠᠳᠤ ᠶᠢᠨ ᠪᠠᠯᠠ ᠮᠦᠡᠭᠬᠦ ᠶᠢ 500 ᠳ᠋ᠦᠡᠭᠰᠢᠭᠤᠷ ᠲᠦᠬᠦᠷᠢᠭ ᠤᠷᠤᠭᠤᠯᠵᠤ᠂ 12%  ᠎ ᠠᠴᠠ ᠲᠡᠭᠡᠭᠰᠢ ᠨᠡᠮᠡᠭᠳᠡᠬᠦᠯᠦᠨ᠎ᠠ᠃ ᠮᠦᠡᠭᠬᠦᠨ ᠬᠦᠢᠯᠭᠡᠭᠡᠨ ᠤ ᠪᠠᠶᠢᠭᠤᠯᠤᠮᠵᠢ ᠲᠠᠢ ᠢᠳᠡᠪᠬᠢᠳᠠᠢ ᠪᠠᠷ ᠵᠤᠬᠢᠴᠠᠯᠳᠤᠨ ᠢᠳᠡᠭᠡᠮᠵᠢᠳᠤ ᠵᠢᠭᠡᠯᠡᠯᠭᠡ ᠲᠠᠯᠪᠢᠬᠤ ᠬᠦᠷᠢᠶ᠎ᠠ ᠬᠡᠪᠴᠢᠶ᠎ᠠ ᠶᠢ ᠦᠷᠭᠡᠳᠭᠡᠵᠤ᠂ ᠪᠦᠬᠦ ᠵᠢᠯ  ᠳᠤ ᠵᠢᠭᠡᠯᠡᠯᠭᠡ ᠶᠢ ᠰᠢᠨ᠎ᠠ ᠪᠠᠷ 300 ᠳ᠋ᠦᠡᠭᠰᠢᠭᠤᠷ ᠲᠦᠬᠦᠷᠢᠭ ᠠᠴᠠ ᠲᠡᠭᠡᠭᠰᠢ ᠨᠡᠮᠡᠭᠳᠡᠬᠦᠯᠬᠦ ᠶᠢ ᠪᠠᠳᠤᠯᠠᠨ᠎ᠠ᠃ ᠰᠠᠭᠤᠷᠢ ᠲᠦᠬᠦᠭᠡᠷᠤᠮᠵᠢ᠂ ᠤᠯᠠᠨ ᠨᠡᠶᠢᠳᠠ ᠶᠢᠨ ᠦᠢᠯᠡᠴᠢᠯᠡᠭᠡ᠂ ᠠᠷᠠᠳ  ᠤᠨ ᠠᠮᠢᠳᠤᠷᠠᠯ ᠵᠡᠷᠭᠡ ᠭᠤᠤᠯᠳᠠᠯᠭ᠎ᠠ ᠲᠠᠢ ᠬᠦᠷᠢᠶ᠎ᠠ ᠬᠡᠪᠴᠢᠶ᠎ᠠ ᠶᠢᠨ ᠲᠤᠭᠤᠷᠢᠨ ᠳᠤ ᠤᠯᠤᠰ ᠪᠠ ᠦᠪᠡᠷᠳᠡᠭᠡᠨ ᠵᠠᠰᠠᠬᠤ ᠤᠷᠤᠨ  ᠤ ᠲᠦᠷᠦᠯ ᠵᠦᠢᠯ ᠤᠨ ᠪᠠᠯᠠ ᠮᠦᠡᠭᠬᠦ ᠪᠠ ᠰᠢᠯᠵᠢᠬᠦᠯᠦᠨ ᠰᠠᠯᠭᠠᠨ ᠦᠭᠬᠦ ᠪᠠᠯᠠ ᠮᠦᠡᠭᠬᠦ ᠶᠢ ᠪᠦᠬᠦ ᠬᠦᠴᠦᠨ  ᠢᠶᠠᠷ ᠲᠡᠮᠡᠴᠠᠨ ᠤᠯᠤᠨ᠎ᠠ᠃ ᠲᠦᠷᠦ ᠶᠢᠨ ᠶᠠᠪᠤᠳᠠᠯ ᠤᠨ ᠬᠤᠷᠢᠶᠠᠨ ᠤ ︽ᠰᠢᠨ᠎ᠠ 36 ᠵᠤᠷᠪᠤᠰ︾ ᠪᠠ ᠦᠪᠡᠷᠳᠡᠭᠡᠨ ᠵᠠᠰᠠᠬᠤ ᠤᠷᠤᠨ ᠤ ᠲᠡᠮᠵᠢᠯᠬᠡ ᠶᠢᠨ ᠲᠦᠷᠦ ᠶᠢᠨ ᠪᠤᠳᠤᠯᠭ᠎ᠠ ᠶᠢ ᠰᠠᠶᠢᠳᠤᠷ ᠨᠠᠶᠢᠳᠠᠪᠤᠷᠢᠵᠢᠭᠤᠯᠵᠤ᠂ ᠠᠷᠠᠳ ᠤᠨ ᠬᠦᠷᠦᠩᠭᠡ ᠶᠢᠨ ᠪᠠᠯᠠ ᠤᠷᠤᠭᠤᠯᠤᠯᠳᠠ ᠶᠢᠨ ᠵᠠᠮ ᠮᠦᠷ ᠢ ᠦᠷᠭᠡᠳᠭᠡᠵᠤ᠂ ᠠᠷᠠᠳ ᠤᠨ ᠪᠠᠯᠠ ᠤᠷᠤᠭᠤᠯᠤᠯᠳᠠ ᠶᠢᠨ ᠲᠤᠭᠳᠠᠭᠤᠨ  ᠢᠶᠠᠷ ᠨᠡᠮᠡᠭᠳᠡᠬᠦ ᠶᠢ ᠠᠬᠢᠭᠤᠯᠤᠨ᠎ᠠ᠃              ᠬᠦᠷᠢᠶᠡᠯᠡᠩ ᠲᠤᠭᠤᠷᠢᠭ  ᠤᠨ ᠪᠦᠳᠦᠭᠡᠨ ᠪᠠᠶᠢᠭᠤᠯᠤᠯᠳᠠ ᠶᠢᠨ ᠠᠯᠬᠤᠴᠠ ᠶᠢ ᠲᠦᠷᠭᠡᠳᠭᠡᠨ᠎ᠠ᠃  ᠦᠪᠡᠷᠳᠡᠭᠡᠨ ᠵᠠᠰᠠᠬᠤ ᠤᠷᠤᠨ  ᠤ ᠬᠠᠳᠤᠨ ᠭᠤᠤᠯ ᠲᠠᠭᠠᠤ ᠪᠠ ᠵᠠᠰᠠᠮᠠᠯ ᠵᠠᠮ ᠲᠠᠭᠠᠤ ᠠᠵᠤ ᠠᠬᠤᠢ ᠶᠢᠨ ᠪᠦᠰᠠ ᠶᠢᠨ ᠪᠦᠳᠦᠭᠡᠨ ᠪᠠᠶᠢᠭᠤᠯᠤᠯᠳᠠ  ᠳᠤ ᠲᠦᠰᠢᠭᠯᠡᠨ᠂ ᠤᠳᠤ ᠪᠠᠶᠢᠭ᠎ᠠ ᠬᠦᠷᠢᠶᠠᠯᠠᠩ ᠲᠤᠭᠤᠷᠢᠭ  ᠤᠨ ᠢᠵᠢ ᠪᠦᠷᠢᠳᠦᠭᠰᠡᠨ ᠦᠢᠯᠡᠴᠢᠯᠡᠭᠡᠨ  ᠤ ᠴᠢᠳᠠᠪᠤᠷᠢ ᠶᠢ  ᠪᠦᠬᠦ ᠲᠠᠯ᠎ᠠ ᠪᠠᠷ ᠲᠡᠭᠡᠭᠰᠢᠯᠡᠬᠦᠯᠵᠤ᠂ ᠬᠦᠷᠢᠶᠠᠯᠡᠩ ᠲᠤᠭᠤᠷᠢᠭ  ᠤᠨ ᠰᠦᠷᠦᠭᠵᠢᠯ  ᠢ ᠲᠦᠷᠭᠡᠳᠭᠡᠵᠤ᠂ ᠲᠠᠶᠢᠴᠢᠯᠠᠨ ᠲᠠᠭᠠᠭᠤᠯᠬᠤ ᠦᠢᠯᠡᠳᠤᠯ  ᠢ ᠨᠡᠮᠡᠭᠳᠡᠬᠦᠯᠦᠨ᠎ᠠ᠃ ᠬᠤᠳᠠ ᠶᠢᠨ ᠲᠡᠭᠡᠳᠤ ᠰᠢᠨ᠎ᠠ ᠮᠡᠷᠭᠡᠵᠢᠯ  ᠤᠨ ᠠᠵᠤ ᠦᠢᠯᠡᠰ  ᠤᠨ ᠬᠦᠷᠢᠶᠠᠯᠠᠩ ᠲᠤᠭᠤᠷᠢᠭ᠂ ᠤᠷᠳᠤᠰ ᠤᠨ ᠵᠢᠶᠠᠩᠰᠤ ᠶᠢᠨ ᠠᠵᠤ ᠦᠢᠯᠡᠳᠪᠤᠷᠢ ᠶᠢᠨ ᠬᠦᠷᠢᠶᠠᠯᠠᠩ ᠲᠤᠭᠤᠷᠢᠭ᠂ ᠬᠢᠶ᠎ᠠ ᠪᠠᠭᠰᠢ ᠶᠢᠨ ᠠᠵᠤ  ᠦᠢᠯᠡᠰ  ᠤᠨ ᠬᠦᠷᠢᠶᠠᠯᠠᠩ ᠲᠤᠭᠤᠷᠢᠭ᠂ ᠳ᠋ᠠ ᠯᠤ᠋ ᠎ ᠶᠢᠨ ᠨᠡᠬᠦᠷᠡᠰᠤ ᠴᠠᠬᠢᠯᠭᠠᠨ ᠬᠦᠡᠭᠭᠡᠨ ᠴᠠᠭᠠᠨ ᠤ ᠠᠵᠤ ᠦᠢᠯᠡᠰ  ᠤᠨ ᠬᠦᠷᠢᠶᠠᠯᠠᠩ ᠲᠤᠭᠤᠷᠢᠭ᠂ ᠬᠠᠨᠭ᠍ᠬᠢᠨ ᠬᠤᠰᠢᠭᠤᠨ  ᠤ ᠶᠢᠨ ᠲᠠᠢ ᠠᠵᠤ ᠦᠢᠯᠡᠳᠪᠤᠷᠢ ᠶᠢᠨ ᠬᠦᠷᠢᠶᠠᠯᠠᠩ ᠲᠤᠭᠤᠷᠢᠭ  ᠵᠡᠷᠭᠡ ᠬᠦᠷᠢᠶᠠᠯᠠᠩ ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠤ᠂ ᠠᠵᠤ ᠦᠢᠯᠡᠰ  ᠤᠨ ᠪᠦᠳᠦᠴᠠ ᠶᠢᠨ ᠬᠡᠯᠪᠡᠷᠢ ᠶᠢ ᠬᠤᠪᠢᠷᠠᠭᠤᠯᠤᠨ ᠬᠦᠭᠵᠢᠬᠦᠯᠬᠦ ᠶᠢ ᠲᠤᠯᠭᠠᠭᠤᠷᠢᠯᠠᠬᠤ ᠰᠢᠨ᠎ᠠ ᠲᠠᠪᠴᠠᠩ ᠢ ᠪᠤᠢ ᠪᠤᠯᠭᠠᠨ᠎ᠠ᠃ ᠬᠦᠷᠢᠶᠠᠯᠡᠩ ᠲᠤᠭᠤᠷᠢᠭ ᠤᠨ ᠰᠠᠭᠤᠷᠢ ᠲᠦᠬᠦᠭᠡᠷᠤᠮᠵᠢ ᠶᠢᠨ ᠪᠦᠳᠦᠭᠡᠨ ᠪᠠᠶᠢᠭᠤᠯᠤᠯᠳᠠ ᠶᠢ ᠵᠤᠬᠢᠬᠤ ᠬᠡᠮᠵᠢᠶ᠎ᠠ ᠪᠠᠷ ᠠᠬᠢᠭᠤᠯᠵᠤ᠂ ᠬᠦᠷᠢᠶᠠᠯᠠᠩ ᠲᠤᠭᠤᠷᠢᠭ  ᠤᠨ ᠡᠯ᠎ᠠ ᠲᠦᠷᠦᠯ  ᠤᠨ ᠢᠵᠢ ᠪᠦᠷᠢᠳᠦᠭᠰᠡᠨ ᠲᠤᠨᠤᠭ ᠲᠦᠬᠦᠭᠡᠷᠦᠮᠵᠢ ᠶᠢ ᠡᠷᠴᠢᠮᠵᠢᠬᠦᠯᠦᠨ ᠦᠨᠳᠤᠷ ᠪᠦᠳᠦᠮᠵᠢᠳᠠᠢ ᠪᠠᠷ ᠠᠰᠢᠭᠯᠠᠬᠤ ᠶᠢ ᠪᠡᠶᠡᠯᠡᠬᠦᠯᠦᠨ᠎ᠠ᠃ ᠬᠦᠷᠢᠶᠠᠯᠠᠩ ᠲᠤᠭᠤᠷᠢᠭ ᠤᠨ ᠬᠠᠮᠢᠶᠠᠷᠤᠯᠳᠠ ᠶᠢᠨ ᠪᠠᠶᠢᠭᠤᠯᠤᠯ ᠎ ᠢ ᠰᠢᠨᠠᠴᠢᠯᠠᠵᠤ᠂ ᠰᠢᠯᠭᠠᠨ ᠬᠢᠨᠠᠬᠤ᠂ ᠱᠠᠩᠨᠠᠨ ᠲᠤᠷᠭᠠᠬᠤ ᠲᠤᠭᠳᠠᠴᠠ ᠶᠢ ᠲᠡᠬᠦᠯᠳᠡᠷᠵᠢᠬᠦᠯᠵᠤ᠂ ᠬᠦᠷᠢᠶᠠᠯᠠᠩ ᠲᠤᠭᠤᠷᠢᠭ ᠤᠨ ᠬᠦᠭᠵᠢᠯᠳᠠ ᠶᠢᠨ ᠠᠮᠢᠵᠢᠷᠠᠯ  ᠤᠨ ᠬᠦᠴᠦᠨ  ᠢ ᠬᠦᠭᠵᠢᠭᠡᠨ᠎ᠠ᠃ ᠵᠢᠯ  ᠤᠨ ᠲᠤᠳᠤᠷ᠎ᠠ ᠡᠵᠡᠩᠨᠡᠯᠳᠠ ᠶᠢᠨ ᠤᠷᠤᠯᠭ᠎ᠠ ᠨᠢ ᠵᠠᠭᠤᠨ ᠳ᠋ᠦᠡᠭᠰᠢᠭᠤᠷ ᠲᠦᠬᠦᠷᠢᠭ  ᠢ ᠲᠠᠪᠠᠭᠰᠠᠨ 2 ᠬᠦᠷᠢᠶᠠᠯᠠᠩ ᠲᠤᠭᠤᠷᠢᠭ᠂ 5  ᠠᠵᠤ ᠠᠬᠤᠶᠢᠯᠠᠯ  ᠢ ᠰᠢᠨ᠎ᠠ ᠪᠠᠷ ᠨᠡᠮᠡᠭᠳᠡᠬᠦᠯᠦᠨ᠎ᠠ᠃      ᠬᠦᠴᠦᠨ ᠵᠦᠢᠯ  ᠤᠨ ᠪᠠᠳᠤᠯᠠᠭ᠎ᠠ ᠶᠢᠨ ᠴᠢᠳᠠᠪᠤᠷᠢ ᠶᠢ ᠴᠢᠩᠭᠠᠳᠬᠠᠨ᠎ᠠ᠃ ᠤᠯᠤᠰ ᠠᠴᠠ ᠦᠪᠦᠷ ᠮᠤᠩᠭᠤᠯ  ᠤᠨ ᠠᠵᠤ ᠠᠬᠤᠢ ᠨᠡᠶᠢᠭᠡᠮ  ᠤᠨ ᠰᠠᠶᠢᠨ ᠮᠦᠷᠳᠡᠭᠡᠨ ᠲᠦᠷᠭᠡᠨ ᠬᠦᠭᠵᠢᠯᠳᠠ ᠶᠢ ᠲᠡᠮᠵᠢᠵᠤ ᠪᠠᠶᠢᠭ᠎ᠠ ᠲᠦᠷᠦ ᠶᠢᠨ ᠪᠤᠳᠤᠯᠭ᠎ᠠ ᠶᠢᠨ ᠠᠵᠠ ᠲᠤᠬᠢᠶᠠᠯ ᠢ ᠵᠠᠪᠳᠤᠨ ᠡᠵᠡᠮᠳᠠᠵᠤ᠂ ᠠᠪᠤᠴᠠᠯᠳᠤᠭᠤᠯᠤᠨ ᠨᠠᠶᠢᠳᠠᠪᠤᠷᠢᠵᠢᠭᠤᠯᠬᠤ ᠬᠦᠴᠦᠯᠡᠴᠠ ᠪᠠᠨ ᠨᠡᠮᠡᠭᠳᠡᠬᠦᠯᠵᠤ᠂ ᠤᠯᠤᠰ ᠤᠨ ᠲᠦᠷᠦ ᠶᠢᠨ ᠪᠤᠳᠤᠯᠭ᠎ᠠ᠂ ᠲᠦᠷᠦᠯ ᠵᠦᠢᠯ ᠪᠠ ᠪᠠᠯᠠ ᠮᠦᠡᠭᠬᠦᠨ  ᠤ ᠲᠠᠮᠵᠢᠯᠭᠡ ᠶᠢ ᠢᠳᠡᠪᠬᠢᠳᠠᠢ ᠲᠡᠮᠡᠴᠠᠨ ᠤᠯᠤᠨ᠎ᠠ᠃ ᠪᠦᠬᠦ ᠬᠤᠳᠠ ᠶᠢᠨ ᠭᠠᠵᠠᠷ ᠰᠢᠷᠤᠢ ᠶᠢᠨ ᠠᠰᠢᠭᠯᠠᠯᠳᠠ ᠶᠢᠨ ᠶᠡᠷᠦᠩᠭᠡᠢ ᠲᠦᠯᠦᠪᠵᠢᠬᠦᠯᠭᠡ ᠶᠢ ᠲᠦᠷᠭᠡᠨ  ᠢᠶᠠᠷ ᠵᠠᠰᠠᠪᠤᠷᠢᠯᠠᠨ ᠲᠠᠭᠤᠰᠴᠤ᠂ ᠤᠯᠤᠰ ᠪᠠ ᠦᠪᠡᠷᠳᠡᠭᠡᠨ ᠵᠠᠰᠠᠬᠤ ᠤᠷᠤᠨ  ᠤ ᠪᠦᠳᠦᠭᠡᠨ ᠪᠠᠶᠢᠭᠤᠯᠤᠯᠳᠠ  ᠳᠤ ᠬᠡᠷᠡᠭᠯᠡᠬᠦ ᠭᠠᠵᠠᠷ  ᠤᠨ ᠬᠦᠢᠴᠡᠳᠭᠡᠬᠦ ᠲᠤᠭ᠎ᠠ ᠶᠢ ᠢᠳᠡᠪᠬᠢᠳᠠᠢ ᠲᠡᠮᠡᠴᠠᠨ ᠤᠯᠵᠤ᠂ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ  ᠳᠤ ᠬᠡᠷᠡᠭᠯᠡᠬᠦ ᠭᠠᠵᠠᠷ  ᠢ ᠨᠡᠮᠡᠭᠳᠡᠬᠦᠯᠬᠦ ᠬᠠᠰᠤᠭᠳᠠᠭᠤᠯᠬᠤ ᠶᠢ ᠬᠤᠯᠪᠤᠭᠳᠠᠭᠤᠯᠬᠤ ᠲᠤᠷᠰᠢᠯᠳᠠ ᠶᠢᠨ ᠴᠡᠭ  ᠤᠨ ᠠᠵᠢᠯ ᠢ ᠠᠬᠢᠭᠤᠯᠵᠤ᠂ ᠠᠰᠢᠭᠯᠠᠭᠠᠳᠤᠢ ᠭᠠᠵᠠᠷ ᠰᠢᠷᠤᠢ ᠶᠢᠨ ᠬᠡᠷᠡᠭᠯᠡᠯᠳᠠ ᠶᠢ ᠦᠷᠭᠡᠳᠭᠡᠬᠦ ᠲᠠᠯ᠎ᠠ ᠪᠠᠷ ᠰᠢᠪᠳᠤᠯᠤᠯᠳᠠ ᠲᠠᠢ ᠪᠤᠯᠬᠤ ᠎ ᠪᠠᠷ ᠴᠢᠷᠮᠠᠶᠢᠨ᠎ᠠ᠃ ᠬᠠᠤᠯᠢ ᠶᠤᠰᠤᠭᠠᠷ ᠭᠠᠵᠠᠷ ᠰᠢᠷᠤᠢ ᠶᠢᠨ ᠬᠠᠮᠢᠶᠠᠷᠤᠯᠳᠠ ᠶᠢ ᠴᠢᠩᠭᠠᠳᠬᠠᠵᠤ᠂ ᠲᠠᠷᠢᠶᠠᠨ ᠭᠠᠵᠠᠷ  ᠢ ᠴᠢᠩᠭ᠎ᠠ ᠬᠠᠮᠠᠭᠠᠯᠠᠵᠤ᠂ ᠰᠤᠯᠠ ᠬᠠᠶᠠᠭᠳᠠᠵᠤ ᠪᠠᠶᠢᠭ᠎ᠠ ᠭᠠᠵᠠᠷ ᠰᠢᠷᠤᠢ ᠶᠢ ᠪᠦᠬᠦ ᠲᠠᠯ᠎ᠠ ᠪᠠᠷ ᠴᠡᠪᠡᠷᠯᠠᠵᠤ᠂ ᠭᠠᠵᠠᠷ ᠰᠢᠷᠤᠢ ᠶᠢ ᠡᠷᠴᠢᠮᠵᠢᠬᠦᠯᠦᠨ ᠠᠰᠢᠭᠯᠠᠬᠤ ᠬᠢᠷᠢ ᠲᠦᠪᠰᠢᠨ  ᠢ ᠲᠡᠭᠡᠭᠰᠢᠯᠡᠬᠦᠯᠦᠨ᠎ᠠ ᠃ ᠡᠨᠧᠷᠬᠢ ᠬᠡᠷᠡᠭᠯᠡᠬᠦ ᠪᠠ ᠭᠠᠳᠠᠭᠰᠢᠯᠠᠭᠤᠯᠤᠯ  ᠤᠨ ᠶᠡᠷᠦᠩᠭᠡᠢ ᠬᠡᠮᠵᠢᠶ᠎ᠠ ᠶᠢᠨ ᠬᠦᠢᠴᠡᠳᠭᠡᠬᠦ ᠲᠤᠭ᠎ᠠ ᠶᠢ ᠪᠦᠬᠦ ᠬᠦᠴᠦᠨ  ᠢᠶᠠᠷ ᠢᠶᠠᠨ ᠲᠡᠮᠡᠴᠡᠨ ᠤᠯᠵᠤ᠂ ᠤᠯᠤᠰ ᠎ ᠤᠨ ᠲᠤᠳᠤᠭᠠᠳᠤ ᠭᠠᠳᠠᠭᠠᠳᠤ ᠶᠢᠨ ᠤᠷᠴᠢᠨ ᠲᠤᠭᠤᠷᠢᠨ  ᠤ ᠬᠠᠮᠠᠭᠠᠯᠠᠯᠳᠠ ᠶᠢᠨ ᠬᠦᠢᠴᠡᠳᠭᠡᠬᠦ ᠲᠤᠭ᠎ᠠ ᠶᠢ ᠦᠭᠡᠷ᠎ᠠ ᠭᠠᠵᠠᠷ ᠲᠤᠬᠢᠷᠠᠭᠤᠯᠬᠤ᠂ ᠵᠠᠬ᠎ᠠ ᠲᠠᠯᠬᠡᠬᠦᠷ ᠎ ᠢᠶᠠᠷ ᠠᠷᠠᠯᠵᠢᠶᠠᠯᠠᠬᠤ᠂ ᠭᠠᠳᠠᠭᠰᠢᠯᠡᠭᠤᠯᠤᠯ  ᠢ ᠪᠠᠭᠠᠰᠬᠠᠬᠤ ᠪᠠᠷ ᠰᠤᠯᠢᠬᠤ  ᠳᠤ ᠢᠳᠡᠪᠬᠢᠳᠠᠢ ᠤᠷᠤᠯᠴᠠᠵᠤ᠂ ᠠᠵᠤ ᠦᠢᠯᠡᠰ  ᠤᠨ ᠬᠦᠭᠵᠢᠯᠳᠠ  ᠳᠤ ᠨᠠᠩ ᠶᠡᠭᠡ ᠤᠷᠴᠢᠨ ᠲᠤᠭᠤᠷᠢᠨ  ᠤ ᠪᠠᠭᠳᠠᠭᠠᠮᠵᠢ ᠶᠢᠨ ᠤᠷᠤᠨ ᠵᠠᠢ ᠶᠢ ᠲᠡᠮᠡᠴᠠᠨ ᠤᠯᠬᠤ ᠪᠠᠷ ᠴᠢᠷᠮᠠᠶᠢᠨ᠎ᠠ᠃     ᠲᠤᠮᠳᠠ ᠵᠢᠵᠢᠭ ᠠᠵᠤ ᠠᠬᠤᠶᠢᠯᠠᠯ  ᠤᠨ ᠬᠦᠭᠵᠢᠯᠳᠠ ᠶᠢ ᠲᠡᠮᠵᠢᠨ᠎ᠠ᠃ ᠲᠤᠮᠳᠠ ᠵᠢᠵᠢᠭ ᠠᠵᠤ ᠠᠬᠤᠶᠢᠯᠠᠯ  ᠤᠨ ᠬᠦᠭᠵᠢᠯᠳᠠ ᠶᠢ ᠲᠡᠮᠵᠢᠬᠦ ᠪᠤᠳᠠᠳᠠᠢ ᠲᠦᠷᠦ ᠶᠢᠨ ᠪᠤᠳᠤᠯᠭ᠎ᠠ ᠶᠢᠨ ᠠᠷᠭ᠎ᠠ ᠪᠠᠷᠢᠯ ᠲᠤᠭᠳᠠᠭᠠᠨ ᠭᠠᠷᠭᠠᠵᠤ᠂ ᠲᠤᠮᠳᠠ ᠵᠢᠵᠢᠭ ᠠᠵᠤ ᠠᠬᠤᠶᠢᠯᠠᠯ  ᠤᠨ ᠬᠦᠭᠵᠢᠯᠳᠠ ᠶᠢᠨ ᠰᠠᠭᠤᠷᠢ ᠮᠦᠡᠭᠬᠦ ᠪᠠᠶᠢᠭᠤᠯᠤᠨ᠂ ᠢᠳᠡᠬᠡᠮᠵᠢᠳᠤ ᠵᠢᠭᠡᠯᠡᠯᠭᠡ ᠪᠠᠯᠠ ᠴᠤᠭᠯᠠᠭᠤᠯᠬᠤ᠂ ᠭᠠᠶᠢᠯᠢ ᠰᠦᠢᠳᠭᠡᠯ  ᠢ ᠬᠠᠰᠤᠨ ᠬᠡᠯᠳᠤᠷᠢᠬᠦᠯᠬᠦ᠂ ᠲᠦᠷᠦᠯ ᠵᠦᠢᠯ  ᠢ ᠬᠢᠨᠠᠨ ᠵᠦᠪᠰᠢᠶᠡᠷᠡᠬᠦ᠂ ᠮᠡᠷᠭᠡᠵᠢᠯ  ᠤᠨ ᠰᠢᠨ᠎ᠠ ᠶᠢ ᠡᠬᠦᠳᠬᠦ᠂ ᠡᠨᠧᠷᠬᠢ ᠠᠷᠪᠢᠯᠠᠨ ᠭᠠᠳᠠᠭᠰᠢᠯᠠᠭᠤᠯᠤᠯ  ᠢ ᠪᠠᠭᠠᠰᠬᠠᠬᠤ᠂ ᠪᠦᠳᠦᠭᠡᠨ ᠪᠠᠶᠢᠭᠤᠯᠤᠯᠳᠠ  ᠳᠤ ᠭᠠᠵᠠᠷ ᠬᠡᠷᠡᠭᠯᠡᠬᠦ᠂ ᠴᠢᠳᠠᠪᠤᠷᠢᠳᠠᠨ  ᠢ ᠪᠤᠯᠪᠠᠰᠤᠷᠠᠭᠤᠯᠬᠤ ᠵᠡᠷᠭᠡ ᠲᠠᠯ᠎ᠠ ᠪᠠᠷ ᠲᠤᠮᠳᠠ ᠵᠢᠵᠢᠭ ᠠᠵᠤ ᠠᠬᠤᠶᠢᠯᠠᠯ ᠢ ᠨᠡᠩ ᠶᠡᠭᠡ ᠬᠡᠮᠵᠢᠶ᠎ᠡ ᠪᠠᠷ ᠲᠡᠮᠵᠢᠵᠤ᠂ 100 ᠲᠤᠮᠳᠠ ᠵᠢᠵᠢᠭ ᠠᠵᠤ ᠠᠬᠤᠶᠢᠯᠠᠯ᠂ 200 ᠪᠢᠴᠢᠯ ᠠᠵᠤ ᠠᠬᠤᠶᠢᠯᠠᠯ  ᠢ ᠲᠦᠪᠯᠡᠷᠡᠬᠦᠯᠦᠨ ᠲᠡᠮᠵᠢᠵᠤ ᠬᠦᠭᠵᠢᠬᠦᠯᠦᠨ ᠪᠤᠵᠠᠭᠠᠶᠢᠷᠠᠭᠤᠯᠤᠨ᠎ᠠ᠃ ᠲᠤᠮᠳᠠ ᠵᠢᠵᠢᠭ ᠠᠵᠤ ᠠᠬᠤᠶᠢᠯᠠᠯ  ᠢ ᠲᠤᠮᠤ ᠠᠵᠤ ᠠᠬᠤᠶᠢᠯᠠᠯ  ᠤᠨ ᠲᠠᠭᠠᠯᠳᠠ ᠠᠵᠤ ᠦᠢᠯᠡᠰ  ᠤᠨ ᠬᠡᠯᠬᠢᠶ᠎ᠠ ᠶᠢᠨ ᠲᠤᠭᠤᠷᠢᠨ  ᠳᠤ ᠬᠠᠮᠳᠤᠷᠠᠨ ᠠᠵᠢᠯᠯᠠᠵᠤ ᠢᠵᠢ ᠪᠦᠷᠢᠯᠳᠤᠯ ᠬᠠᠨᠭ᠍ᠭᠠᠬᠤ ᠶᠢ ᠵᠤᠷᠢᠭᠵᠢᠭᠤᠯᠵᠤ᠂  ᠦᠢᠯᠡᠳᠪᠤᠷᠢᠯᠠᠯ ᠬᠠᠨᠭ᠍ᠭᠠᠯᠭ᠎ᠠ ᠪᠤᠷᠤᠯᠠᠭᠤᠯᠭ᠎ᠠ ᠪᠠ ᠮᠡᠷᠭᠡᠵᠢᠯ  ᠤᠨ ᠨᠡᠭᠡᠭᠡᠯᠳᠠ ᠬᠢᠬᠦ ᠵᠡᠷᠭᠡ ᠲᠤᠭᠳᠠᠭᠤᠨ ᠬᠠᠮᠳᠤᠷᠠᠯᠴᠠᠭ᠎ᠠ ᠶᠢᠨ ᠬᠠᠷᠢᠴᠠᠭ᠎ᠠ ᠶᠢ  ᠪᠠᠶᠢᠭᠤᠯᠵᠤ᠂ ᠠᠵᠤ ᠦᠢᠯᠡᠰ  ᠤᠨ ᠰᠦᠷᠦᠭᠵᠢᠨ ᠬᠦᠭᠵᠢᠬᠦ ᠶᠢ ᠠᠬᠢᠭᠤᠯᠤᠨ᠎ᠠ᠃      ︵ᠬᠤᠶᠠᠷ︶ ᠠᠵᠤ ᠦᠢᠯᠡᠰ  ᠤᠨ ᠪᠦᠳᠦᠴᠠ ᠶᠢᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠠᠯᠬᠤᠴᠠ ᠶᠢ ᠴᠢᠨᠠᠭᠰᠢᠳᠠ ᠲᠦᠷᠭᠡᠳᠭᠡᠨ᠎ᠠ᠃ ᠠᠵᠤ ᠦᠢᠯᠡᠰ  ᠤᠨ ᠪᠦᠳᠦᠴᠠ ᠶᠢ ᠲᠤᠬᠢᠷᠠᠭᠤᠯᠤᠨ ᠰᠢᠯᠢᠳᠡᠭᠵᠢᠬᠦᠯᠬᠦ ᠶᠢ ᠠᠵᠤ ᠠᠬᠤᠢ ᠶᠢᠨ ᠠᠵᠢᠯ  ᠤᠨ ᠴᠢᠬᠤᠯᠠ ᠠᠴᠠ ᠴᠢᠬᠤᠯᠠ ᠵᠦᠢᠯ ᠪᠤᠯᠭᠠᠨ ᠠᠳᠬᠤᠵᠤ᠂ ᠠᠵᠤ ᠦᠢᠯᠡᠰ  ᠤᠨ ᠪᠦᠳᠦᠴᠠ ᠶᠢᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠪᠠ ᠤᠯᠠᠨ ᠡᠰᠢᠵᠢᠭᠰᠡᠨ ᠬᠦᠭᠵᠢᠯᠳᠠ ᠶᠢ ᠪᠦᠬᠦ ᠲᠠᠯ᠎ᠠ ᠪᠠᠷ ᠠᠬᠢᠭᠤᠯᠵᠤ᠂ ᠭᠠᠵᠠᠷ ᠤᠷᠤᠨ  ᠤ ᠤᠨᠴᠠᠯᠢᠭ ᠲᠠᠢ᠂ ᠦᠷᠢᠰᠤᠯᠳᠤᠬᠦ ᠲᠠᠪᠠᠭᠤᠯᠢᠭ ᠲᠠᠢ ᠤᠳᠤ ᠦᠶ᠎ᠠ ᠶᠢᠨ ᠠᠵᠤ ᠦᠢᠯᠡᠰ  ᠤᠨ ᠰᠢᠰᠲ᠋ᠧᠮᠵᠢ ᠶᠢ  ᠪᠤᠢ ᠪᠤᠯᠭᠠᠨ᠎ᠠ᠃     ᠲᠠᠪᠠᠭᠤᠯᠢᠭ ᠤᠨᠴᠠᠯᠢᠭᠳᠤ ᠠᠵᠤ ᠦᠢᠯᠡᠰ  ᠤᠨ ᠬᠦᠭᠵᠢᠯᠳᠠ ᠶᠢᠨ ᠲᠡᠰ ᠲᠠᠪᠬᠤᠷᠭ᠎ᠠ ᠶᠢ ᠲᠡᠭᠡᠭᠰᠢᠯᠡᠬᠦᠯᠦᠨ᠎ᠠ᠃ ᠨᠡᠬᠦᠷᠡᠰᠦᠨ  ᠤ ᠠᠵᠤ ᠦᠢᠯᠡᠰ  ᠤᠨ ᠲᠦᠪᠯᠡᠷᠡᠯ  ᠤᠨ ᠬᠡᠮᠵᠢᠶ᠎ᠠ ᠶᠢ  ᠲᠡᠭᠡᠭᠰᠢᠯᠡᠬᠦᠯᠵᠤ᠂ ᠪᠦᠯᠦᠭᠵᠢᠬᠦᠯᠬᠦ᠂ ᠬᠡᠪᠴᠢᠶᠡᠵᠢᠬᠦᠯᠬᠦ᠂ ᠤᠳᠤᠬᠢᠴᠢᠯᠠᠬᠤ ᠱᠠᠭᠠᠷᠳᠠᠯᠭ᠎ᠠ ᠶᠤᠰᠤᠭᠠᠷ ᠨᠡᠬᠦᠷᠡᠰᠤᠨ  ᠤ ᠠᠵᠤ ᠠᠬᠤᠶᠢᠯᠠᠯ  ᠢ ᠨᠡᠶᠢᠯᠡᠬᠦᠯᠦᠨ ᠲᠠᠬᠢᠨ ᠵᠤᠬᠢᠶᠠᠨ ᠪᠠᠶᠢᠭᠤᠯᠬᠤ ᠠᠵᠢᠯ  ᠢ ᠦᠷᠬᠦᠯᠵᠢᠯᠠᠨ ᠠᠬᠢᠭᠤᠯᠵᠤ᠂ ᠡᠵᠡᠩᠨᠡᠯᠳᠠ ᠶᠢᠨ ᠤᠷᠤᠯᠭ᠎ᠠ ᠨᠢ  ᠵᠠᠭᠤᠨ ᠳ᠋ᠦᠡᠭᠰᠢᠭᠤᠷ ᠲᠦᠬᠦᠷᠢᠭ  ᠢ ᠲᠠᠪᠠᠭᠰᠠᠨ ᠨᠡᠬᠦᠷᠡᠰᠦᠨ  ᠤ ᠠᠵᠤ ᠠᠬᠤᠶᠢᠯᠠᠯ  ᠢ 15᠎ ᠠᠴᠠ ᠲᠡᠭᠡᠭᠰᠢ ᠪᠤᠶᠢᠵᠢᠭᠤᠯᠬᠤ ᠪᠠᠷ ᠴᠢᠷᠮᠠᠶᠢᠨ᠎ᠠ᠃ ᠨᠡᠬᠦᠷᠡᠰᠦᠨ ᠤ ᠤᠬᠢᠶᠠᠵᠤ ᠰᠤᠩᠭᠤᠬᠤ ᠲᠦᠷᠦᠯ ᠵᠦᠢᠯ  ᠤᠨ ᠪᠦᠳᠦᠭᠡᠨ ᠪᠠᠶᠢᠭᠤᠯᠤᠯᠳᠠ ᠶᠢᠨ ᠬᠦᠴᠦᠯᠡᠴᠠ ᠶᠢ ᠨᠡᠮᠡᠭᠳᠡᠬᠦᠯᠵᠤ᠂ ᠵᠢᠯ  ᠤᠨ ᠲᠤᠳᠤᠷ᠎ᠠ ᠤᠬᠢᠶᠠᠵᠤ ᠰᠤᠩᠭᠤᠬᠤ ᠨᠤᠷᠮ᠎ᠠ ᠶᠢ ᠲᠡᠭᠡᠭᠰᠢᠯᠡᠬᠦᠯᠦᠨ 60%᠎ ᠶᠢ ᠲᠠᠪᠠᠭᠤᠯᠤᠨ᠎ᠠ᠃ ᠨᠡᠬᠦᠷᠡᠰᠤ ᠬᠢᠮᠢ ᠶᠢᠨ ᠠᠵᠤ ᠦᠢᠯᠡᠳᠪᠤᠷᠢ ᠶᠢᠨ ᠠᠵᠤ ᠦᠢᠯᠡᠰ  ᠤᠨ ᠬᠦᠷᠢᠶ᠎ᠠ ᠬᠡᠪᠴᠢᠶ᠎ᠠ ᠶᠢ ᠦᠷᠬᠦᠯᠵᠢᠯᠠᠨ ᠦᠷᠭᠡᠳᠭᠡᠵᠤ᠂ ᠪᠦᠳᠦᠭᠡᠨ ᠪᠠᠶᠢᠭᠤᠯᠵᠤ ᠪᠠᠶᠢᠭ᠎ᠠ ᠨᠡᠬᠦᠷᠡᠰᠤ ᠬᠢᠮᠢ ᠶᠢᠨ ᠠᠵᠤ ᠦᠢᠯᠡᠳᠪᠤᠷᠢ ᠶᠢᠨ ᠠᠵᠤ ᠦᠢᠯᠡᠰ  ᠤᠨ ᠵᠢᠱᠢᠶ᠎ᠠ ᠦᠵᠡᠬᠦᠯᠬᠦ ᠲᠦᠷᠦᠯ ᠵᠦᠢᠯ  ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠤ᠂ ᠨᠡᠬᠦᠷᠡᠰᠤ ᠬᠢᠮᠢ ᠶᠢᠨ ᠠᠵᠤ ᠦᠢᠯᠡᠳᠪᠤᠷᠢ ᠶᠢᠨ ᠠᠵᠤ ᠦᠢᠯᠡᠰ  ᠤᠨ ᠬᠡᠯᠬᠢᠶ᠎ᠠ ᠶᠢ ᠤᠷᠳᠤᠳᠬᠠᠵᠤ᠂ ᠵᠦᠡᠭ ᠲᠢᠶᠠᠨ ᠾᠧ ᠴᠤᠸᠠᠩ  ᠤᠨ ᠬᠤᠶᠠᠷ ᠮᠧᠲ᠋ᠢᠯᠳᠤ ᠡᠲ᠋ᠧᠷ᠂ ᠢ ᠲᠠᠢ ᠶᠢᠨ ᠨᠠᠷᠢᠯᠢᠭ ᠬᠢᠮᠢ ᠶᠢᠨ ᠦᠢᠯᠡᠳᠬᠦᠨ᠂ ᠲᠤᠮᠳᠠᠳᠤ ᠤᠯᠤᠰ  ᠤᠨ ᠴᠠᠬᠢᠯᠭᠠᠨ ᠬᠦᠴᠦᠨ  ᠤ ᠪᠠᠯᠠ ᠤᠷᠤᠭᠤᠯᠤᠯᠳᠠ ᠶᠢᠨ ᠺᠤᠮᠫᠠᠨᠢ ᠶᠢᠨ ᠠᠯᠺᠧᠨ᠂ ᠲᠤᠮᠳᠠᠳᠤ ᠤᠯᠤᠰ  ᠤᠨ ᠲᠠᠯᠠᠢ ᠶᠢᠨ ᠴᠢᠯᠠᠭᠤᠨ ᠲᠤᠰᠤᠨ  ᠤ ᠺᠤᠮᠫᠠᠨᠢ ᠶᠢᠨ ᠨᠡᠬᠦᠷᠡᠰᠤ ᠪᠠᠷ ᠬᠡᠢ ᠦᠢᠯᠡᠳᠬᠦ ᠪᠠ ᠢ ᠎ ᠲᠠᠢ᠂ ᠱᠧᠨ ᠬᠤᠸᠠ ᠶᠢᠨ ᠨᠡᠬᠦᠷᠡᠰᠤ ᠪᠠᠷ ᠲᠤᠰᠤ ᠦᠢᠯᠡᠳᠬᠦ ᠬᠤᠶᠠᠳᠤᠭᠠᠷ ᠬᠤᠭᠤᠴᠠᠭ᠎ᠠ ᠵᠡᠷᠭᠡ  ᠴᠢᠬᠤᠯᠠ ᠶᠡᠭᠡ ᠲᠦᠷᠦᠯ ᠵᠦᠢᠯ  ᠤᠨ ᠪᠦᠳᠦᠭᠡᠨ ᠪᠠᠶᠢᠭᠤᠯᠤᠯᠳᠠ ᠶᠢ  ᠪᠦᠬᠦ ᠲᠠᠯ᠎ᠠ ᠪᠠᠷ ᠠᠬᠢᠭᠤᠯᠵᠤ᠂ ᠨᠡᠬᠦᠷᠡᠰᠤ ᠬᠢᠮᠢ ᠶᠢᠨ ᠠᠵᠤ ᠦᠢᠯᠡᠳᠪᠤᠷᠢ ᠶᠢᠨ ᠦᠢᠯᠡᠳᠪᠤᠷᠢᠯᠠᠯ  ᠤᠨ ᠴᠢᠳᠠᠪᠤᠷᠢ ᠶᠢ ᠰᠢᠨ᠎ᠠ ᠪᠠᠷ 350 ᠲᠦᠮᠠᠨ ᠲᠤᠨ ᠨᠡᠮᠡᠭᠳᠡᠬᠦᠯᠦᠨ᠎ᠠ᠃ ᠴᠠᠬᠢᠯᠭᠠᠨ ᠬᠦᠴᠦᠨ  ᠤ ᠠᠵᠤ ᠦᠢᠯᠡᠳᠪᠤᠷᠢ ᠶᠢ ᠪᠤᠵᠠᠭᠠᠶᠢᠷᠠᠭᠤᠯᠤᠨ ᠬᠦᠴᠦᠷᠭᠡᠭᠵᠢᠬᠦᠯᠵᠤ᠂ ᠵᠡᠬᠦᠨᠭᠠᠷ ᠬᠤᠰᠢᠭᠤ᠂ ᠲᠠᠯᠠᠳ ᠬᠤᠰᠢᠭᠤ᠂ ᠤᠳᠤᠭ  ᠤᠨ ᠡᠮᠤᠨᠠᠳᠤ ᠬᠤᠰᠢᠭᠤ᠂ ᠬᠠᠨᠭ᠍ᠬᠢᠨ ᠬᠤᠰᠢᠭᠤ ᠵᠡᠷᠭᠡ ᠭᠠᠵᠠᠷ ᠲᠤ ᠨᠢᠭᠡ ᠪᠦᠯᠦᠭ ᠭᠠᠯ  ᠤᠨ ᠬᠦᠴᠦᠨ  ᠤ ᠴᠠᠬᠢᠯᠭᠠᠨ ᠦᠷᠳᠡᠭᠡ ᠶᠢᠨ ᠰᠦᠷᠦᠭ  ᠢ ᠰᠢᠨ᠎ᠠ ᠪᠠᠷ ᠲᠦᠯᠦᠪᠵᠢᠬᠦᠯᠦᠨ ᠪᠦᠳᠦᠭᠡᠨ ᠪᠠᠶᠢᠭᠤᠯᠵᠤ᠂ ᠠᠵᠤ ᠠᠬᠤᠶᠢᠯᠠᠯ ᠠᠴᠠ ᠦᠪᠡᠷ  ᠢ ᠪᠠᠨ ᠬᠠᠩᠭᠠᠬᠤ ᠪᠠᠯᠠᠳᠬᠡᠯ ᠴᠠᠬᠢᠯᠭᠠᠨ ᠭᠠᠷᠭᠠᠬᠤ ᠦᠢᠯᠡᠳᠪᠤᠷᠢ ᠪᠠᠶᠢᠭᠤᠯᠬᠤ ᠶᠢ ᠲᠠᠮᠵᠢᠵᠤ᠂ ᠴᠤᠭᠴᠠᠯᠠᠪᠤᠷᠢ ᠨᠢ 400 ᠲᠦᠮᠠᠨ ᠺᠢᠯᠤᠸᠠᠲ  ᠢ ᠲᠠᠪᠠᠭᠰᠠᠨ ᠴᠠᠬᠢᠯᠭᠠᠨ ᠬᠦᠴᠦᠨ  ᠤ ᠪᠠᠷᠢᠯᠭ᠎ᠠ ᠶᠢ ᠰᠢᠨ᠎ᠠ ᠪᠠᠷ ᠡᠬᠢᠯᠡᠬᠦᠯᠬᠦ ᠪᠠᠷ ᠴᠢᠷᠮᠠᠶᠢᠨ᠎ᠠ᠃ ᠰᠠᠯᠬᠢᠨ ᠡᠨᠧᠷᠬᠢ᠂ ᠨᠠᠷᠠᠨ ᠡᠨᠧᠷᠬᠢ᠂ ᠠᠮᠢᠳᠤ ᠪᠤᠳᠠᠰ  ᠤᠨ ᠮᠠᠰ  ᠤᠨ ᠡᠨᠧᠷᠬᠢ ᠶᠢᠨ ᠴᠠᠬᠢᠯᠭᠠᠨ ᠭᠠᠷᠭᠠᠬᠤ ᠶᠢ ᠲᠤᠭᠳᠠᠭᠤᠨ ᠎ ᠢᠶᠠᠷ ᠬᠦᠭᠵᠢᠬᠦᠯᠵᠤ᠂ ᠭᠠᠵᠠᠷ ᠤᠷᠤᠨ  ᠤ ᠡᠨᠧᠷᠬᠢ ᠶᠢᠨ ᠪᠦᠳᠦᠴᠠ ᠶᠢ ᠰᠢᠯᠢᠳᠡᠭᠵᠢᠬᠦᠯᠦᠨ᠎ᠠ᠃ ᠨᠡᠬᠦᠷᠡᠰᠤ ᠶᠢ ᠲᠠᠭᠠᠯᠳᠤᠨ ᠪᠤᠢ ᠪᠤᠯᠤᠭᠰᠠᠨ ᠡᠬᠢ ᠪᠠᠶᠠᠯᠢᠭ  ᠤᠨ ᠨᠡᠭᠡᠭᠡᠯᠳᠠ ᠶᠢ ᠲᠦᠷᠭᠡᠳᠭᠡᠵᠤ᠂ ᠳ᠋ᠠ ᠯᠤ᠋ ᠠᠵᠤ ᠦᠢᠯᠡᠳᠪᠤᠷᠢ ᠶᠢᠨ ᠬᠦᠷᠢᠶᠠᠯᠠᠩ ᠲᠤᠭᠤᠷᠢᠭ ᠲᠤ ᠨᠡᠬᠦᠷᠡᠰᠤ ᠴᠠᠬᠢᠯᠭᠠᠨ ᠬᠦᠡᠭᠭᠡᠨ ᠴᠠᠭᠠᠨ  ᠢ ᠴᠤᠭᠴᠠᠵᠢᠭᠤᠯᠤᠭᠰᠠᠨ ᠡᠷᠬᠢᠯᠳᠠᠳᠤ ᠠᠵᠤ ᠦᠢᠯᠡᠰ  ᠤᠨ ᠰᠠᠭᠤᠷᠢᠨ ᠭᠠᠵᠠᠷ  ᠢ ᠲᠦᠪᠯᠡᠷᠡᠬᠦᠯᠦᠨ ᠪᠠᠶᠢᠭᠤᠯᠵᠤ᠂ ᠲᠠᠯᠠᠳ  ᠤᠨ ᠠᠵᠤ ᠠᠬᠤᠢ ᠶᠢᠨ ᠨᠡᠭᠡᠭᠡᠯᠳᠠ ᠶᠢᠨ ᠤᠷᠤᠨ  ᠳᠤ ᠠᠩᠬᠠᠨ  ᠤ ᠬᠦᠡᠭᠭᠡᠨ ᠴᠠᠭᠠᠨ  ᠤ ᠡᠬᠢ ᠪᠠᠶᠠᠯᠢᠭ  ᠢ ᠨᠠᠷᠢᠯᠢᠭ ᠬᠦᠨᠵᠡᠭᠡᠢ ᠪᠤᠯᠪᠠᠰᠤᠷᠠᠭᠤᠯᠬᠤ ᠠᠵᠤ ᠦᠢᠯᠡᠰ  ᠤᠨ ᠬᠦᠷᠢᠶᠠᠯᠠᠩ ᠲᠤᠭᠤᠷᠢᠭ  ᠢ ᠲᠦᠪᠯᠡᠷᠡᠬᠦᠯᠦᠨ ᠪᠦᠳᠦᠭᠡᠨ ᠪᠠᠶᠢᠭᠤᠯᠵᠤ  ᠂ ᠱᠧᠨ ᠬᠤᠸᠠ ᠶᠢᠨ ᠵᠡᠬᠦᠨᠭᠠᠷ  ᠤᠨ ᠡᠨᠧᠷᠬᠢ᠂ ᠳ᠋ᠠ ᠲᠠᠩ᠂ ᠰᠢᠨ ᠾᠸᠡᠭ᠂  ᠵᠡᠷᠭᠡ ᠨᠡᠬᠦᠷᠡᠰᠤᠨ  ᠤ ᠦᠨᠡᠰᠤ ᠠᠴᠠ ᠢᠰᠤᠯᠳᠦᠭᠰᠡᠨ ᠬᠦᠡᠭᠭᠡᠨ ᠴᠠᠭᠠᠨ ᠭᠠᠷᠭᠠᠨ ᠠᠪᠬᠤ ᠲᠦᠷᠦᠯ ᠵᠦᠢᠯ  ᠤᠨ ᠪᠦᠳᠦᠭᠡᠨ ᠪᠠᠶᠢᠭᠤᠯᠤᠯᠳᠠ ᠶᠢ ᠪᠦᠬᠦ ᠲᠠᠯ᠎ᠠ ᠪᠠᠷ ᠠᠬᠢᠭᠤᠯᠵᠤ᠂ ᠵᠢᠯ  ᠤᠨ ᠲᠤᠳᠤᠷ᠎ᠠ 430 ᠲᠦᠮᠠᠨ ᠲᠤᠨ ᠢᠰᠤᠯᠳᠦᠭᠰᠡᠨ ᠬᠦᠡᠭᠭᠡᠨ ᠴᠠᠭᠠᠨ  ᠤ ᠪᠦᠳᠦᠭᠡᠨ ᠪᠠᠶᠢᠭᠤᠯᠤᠯᠳᠠ ᠶᠢᠨ ᠬᠦᠷᠢᠶ᠎ᠠ ᠬᠡᠪᠴᠢᠶ᠎ᠠ ᠶᠢ ᠪᠦᠷᠢᠯᠳᠦᠬᠦᠯᠦᠨ᠎ᠠ᠃ ᠡᠬᠦᠨ  ᠤ ᠵᠡᠷᠭᠡᠪᠡᠷ  ᠪᠠᠶᠢᠭᠠᠯᠢ ᠶᠢᠨ ᠰᠢᠳᠠᠮᠠᠬᠠᠢ ᠬᠡᠢ᠂ ᠨᠡᠬᠦᠷᠡᠰᠦᠨ ᠲᠡᠪᠬᠤᠷᠭ᠎ᠠ ᠶᠢᠨ ᠬᠡᠢ ᠶᠢ ᠨᠡᠭᠡᠭᠡᠨ ᠠᠰᠢᠭᠯᠠᠬᠤ ᠠᠵᠢᠯ  ᠢ ᠰᠠᠶᠢᠳᠤᠷ ᠬᠢᠨ᠎ᠠ᠃      ᠡᠬᠢ ᠪᠠᠶᠠᠯᠢᠭ  ᠤᠨ ᠪᠤᠰᠤ ᠬᠡᠯᠪᠡᠷᠢ ᠶᠢᠨ ᠠᠵᠤ ᠦᠢᠯᠡᠰ  ᠤᠨ ᠰᠦᠷᠦᠭᠵᠢᠯ  ᠢ ᠲᠦᠷᠭᠡᠨ  ᠢᠶᠠᠷ ᠪᠠᠶᠢᠭᠤᠯᠤᠨ᠎ᠠ᠃ ᠮᠠᠰᠢᠨ ᠲᠡᠷᠭᠡ ᠦᠢᠯᠡᠳᠬᠦ ᠪᠠᠷ ᠭᠤᠤᠯ ᠪᠤᠯᠭᠠᠭᠰᠠᠨ ᠲᠤᠨᠤᠭᠯᠠᠯ ᠦᠢᠯᠡᠳᠬᠦ ᠦᠢᠯᠡᠰ  ᠤᠨ ᠰᠦᠷᠦᠭᠵᠢᠯ  ᠢ ᠪᠦᠬᠦ ᠬᠦᠴᠦᠨ  ᠢᠶᠠᠷ ᠪᠤᠢ ᠪᠤᠯᠭᠠᠵᠤ᠂ ᠴᠢ ᠷᠦᠢ᠂ ᠠᠮᠧᠷᠢᠺᠠ ᠶᠢᠨ GTA᠂ ᠬᠤᠸᠠ ᠲᠠᠢ᠂ ᠴᠢᠩ ᠨᠢᠶᠠᠨ ᠯᠢᠶᠠᠨ ᠬᠤᠸᠠ᠂ ᠬᠤᠸᠠ ᠷᠦᠢ ᠵᠡᠷᠭᠡ ᠮᠠᠰᠢᠨ ᠲᠡᠷᠭᠡ ᠦᠢᠯᠡᠳᠬᠦ ᠲᠦᠷᠦᠯ ᠵᠦᠢᠯ  ᠤᠨ ᠪᠦᠳᠦᠭᠡᠨ ᠪᠠᠶᠢᠭᠤᠯᠤᠯᠳᠠ ᠶᠢ ᠢᠳᠡᠪᠬᠢᠳᠠᠢ ᠠᠬᠢᠭᠤᠯᠵᠤ᠂ ᠮᠠᠰᠢᠨ ᠲᠡᠷᠭᠡ ᠦᠢᠯᠡᠳᠪᠦᠷᠢᠯᠡᠬᠦ ᠴᠢᠳᠠᠪᠤᠷᠢ ᠶᠢ ᠰᠢᠨ᠎ᠠ ᠪᠠᠷ 20 ᠲᠦᠮᠠ ᠠᠴᠠ ᠲᠡᠭᠡᠭᠰᠢ ᠨᠡᠮᠡᠭᠳᠡᠬᠦᠯᠦᠨ᠎ᠠ᠃ ᠨᠡᠬᠦᠷᠡᠰᠤ᠂ ᠬᠢᠮᠢ ᠶᠢᠨ ᠠᠵᠤ ᠦᠢᠯᠡᠳᠪᠤᠷᠢ ᠶᠢᠨ ᠮᠧᠬᠠᠨᠢᠭ ᠪᠠ ᠰᠠᠯᠬᠢᠨ ᠬᠦᠴᠦᠨ  ᠤ ᠴᠠᠬᠢᠯᠭᠠᠨ ᠭᠠᠷᠭᠠᠬᠤ ᠲᠤᠨᠤᠭ ᠲᠦᠬᠦᠭᠡᠷᠦᠮᠵᠢ ᠦᠢᠯᠡᠳᠬᠦ ᠦᠢᠯᠡᠰ  ᠢ ᠢᠳᠡᠪᠬᠢᠳᠡᠢ ᠬᠦᠭᠵᠢᠬᠦᠯᠵᠤ᠂ ᠦᠵᠦᠬᠦᠷ ᠲᠡᠰ ᠤᠨ ᠲᠤᠨᠤᠭᠯᠠᠯ ᠦᠢᠯᠡᠳᠬᠦ ᠲᠦᠷᠦᠯ ᠵᠦᠢᠯ  ᠢ ᠤᠷᠤᠭᠤᠯᠤᠨ ᠪᠦᠳᠦᠭᠡᠨ ᠪᠠᠶᠢᠭᠤᠯᠵᠤ᠂ ᠵᠢᠩ ᠳ᠋ᠦᠡᠭ ᠹᠠᠨᠭ᠌  ᠤᠨ ᠰᠢᠩᠭᠡᠨ ᠲᠠᠯᠠᠰᠳᠤ ᠦᠵᠡᠬᠦᠯᠦᠬᠦᠷ᠂ ᠳ᠋ᠠ ᠵᠤ᠋ ᠶᠢᠨ ᠯᠠᠶᠢᠰᠧᠷ  ᠤᠨ ᠲᠤᠨᠤᠭ ᠲᠦᠬᠦᠭᠡᠷᠦᠮᠵᠢ᠂ ᠷᠦᠡᠭ ᠲᠠᠢ ᠶᠢᠨ LED  ᠵᠡᠷᠭᠡ ᠲᠦᠷᠦᠯ ᠵᠦᠢᠯ  ᠤᠨ ᠪᠦᠳᠦᠭᠡᠨ ᠪᠠᠶᠢᠭᠤᠯᠤᠯᠳᠠ ᠶᠢ ᠠᠬᠢᠭᠤᠯᠤᠨ᠎ᠠ᠃ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠪᠠᠷ ᠡᠬᠦᠰᠦᠭᠰᠡᠨ ᠠᠵᠤ ᠦᠢᠯᠡᠰ ᠤᠨ ᠰᠦᠷᠦᠭᠵᠢᠯ  ᠢ ᠲᠦᠷᠭᠡᠨ  ᠢᠶᠠᠷ ᠪᠤᠢ ᠪᠤᠯᠭᠠᠵᠤ᠂ ᠰᠢᠨ᠎ᠠ ᠡᠨᠧᠷᠬᠢ᠂ ᠰᠢᠨ᠎ᠠ ᠮᠠᠲ᠋ᠧᠷᠢᠶᠠᠯ ᠂ ᠠᠮᠢᠳᠤ ᠪᠤᠳᠠᠰ  ᠤᠨ ᠮᠡᠷᠭᠡᠵᠢᠯ᠂ ᠡᠨᠧᠷᠬᠢ ᠠᠷᠪᠢᠯᠠᠨ ᠪᠤᠬᠢᠷᠳᠤᠯ ᠦᠭᠡᠢ  ᠂ ᠡᠯᠧᠲᠷᠦᠨ ᠴᠢᠮᠡᠭᠡ ᠵᠠᠩᠬᠢ ᠵᠡᠷᠭᠡ ᠠᠵᠤ ᠦᠢᠯᠡᠰ ᠢ ᠶᠡᠭᠡᠪᠡᠷ ᠬᠦᠭᠵᠢᠬᠦᠯᠦᠨ᠎ᠠ᠃ ᠹᠸᠡᠭ ᠸᠧᠢ᠂ ᠷᠧᠨ ᠳ᠋ᠧ᠂ ᠵᠦᠡᠭ ᠱᠸᠡᠭ  ᠤᠨ ᠬᠡᠷᠡᠯ ᠴᠠᠬᠢᠯᠭᠠᠨ ᠵᠡᠷᠭᠡ ᠤᠯᠠᠨ ᠲᠠᠯᠠᠰᠳᠤ ᠴᠠᠬᠢᠭᠤᠷ ᠵᠢᠴᠢ ᠲᠠᠭᠠᠯᠳᠤᠭᠰᠠᠨ ᠦᠢᠯᠡᠳᠬᠦᠨ  ᠢ ᠪᠤᠯᠪᠠᠰᠤᠷᠠᠭᠤᠯᠬᠤ ᠲᠦᠷᠦᠯ ᠵᠦᠢᠯ  ᠤᠨ ᠪᠦᠳᠦᠭᠡᠨ ᠪᠠᠶᠢᠭᠤᠯᠤᠯᠳᠠ ᠶᠢ ᠠᠬᠢᠭᠤᠯᠵᠤ᠂ 4.4 ᠲᠦᠮᠠᠨ ᠲᠤᠨ ᠤᠯᠠᠨ ᠲᠠᠯᠠᠰᠳᠤ ᠴᠠᠬᠢᠭᠤᠷ ᠦᠢᠯᠡᠳᠪᠦᠷᠢᠯᠡᠬᠦ ᠪᠦᠳᠦᠭᠡᠨ ᠪᠠᠶᠢᠭᠤᠯᠤᠯᠳᠠ ᠎ ᠶᠢᠨ ᠬᠦᠷᠢᠶ᠎ᠠ ᠬᠡᠪᠴᠢᠶ᠎ᠠ ᠶᠢ ᠪᠦᠷᠢᠯᠳᠤᠬᠦᠯᠵᠤ᠂ ᠬᠡᠷᠡᠯ ᠸᠤᠯᠲ  ᠤᠨ ᠠᠵᠤ ᠦᠢᠯᠡᠰ  ᠤᠨ ᠰᠠᠭᠤᠷᠢᠨ ᠭᠠᠵᠠᠷ  ᠢ ᠪᠠᠶᠢᠭᠤᠯᠵᠤ᠂ ᠵᠦᠡᠭ ᠰᠢᠩ᠂ ᠱᠢ ᠵᠢᠢ ᠬᠤ᠋ ᠯᠢᠶᠠᠨ ᠤ ᠡᠬᠦᠯᠠᠨ ᠪᠤᠳᠤᠯᠭ᠎ᠠ ᠶᠢᠨ ᠨᠢᠭᠡᠳᠤᠭᠡᠷ ᠬᠤᠭᠤᠴᠠᠭᠠᠨ ᠤ ᠲᠦᠷᠦᠯ ᠵᠦᠢᠯ  ᠢ  ᠪᠠᠶᠢᠭᠤᠯᠤᠨ ᠠᠰᠢᠭᠯᠠᠯᠳᠠ ᠳᠤ ᠤᠷᠤᠭᠤᠯᠤᠨ᠎ᠠ᠃ ᠤᠯᠠᠮᠵᠢᠯᠠᠯᠳᠤ ᠠᠵᠤ ᠦᠢᠯᠡᠰ ᠢ ᠲᠡᠰ ᠲᠡᠪᠰᠢᠬᠦᠯᠤᠨ ᠰᠢᠨᠡᠳᠭᠡᠨ ᠬᠠᠯᠠᠬᠤ ᠶᠢ  ᠲᠦᠷᠭᠡᠳᠭᠡᠵᠤ᠂ ᠦᠵᠦᠬᠦᠷ ᠲᠡᠰ  ᠤᠨ ᠨᠤᠯᠤᠤᠷ  ᠤᠨ ᠨᠡᠭᠡᠮᠠᠯ  ᠤᠨ ᠦᠢᠯᠡᠳᠬᠦᠨ᠂ ᠲᠡᠭᠡᠳᠤ ᠲᠡᠰ ᠤᠨ ᠪᠠᠷᠢᠯᠭ᠎ᠠ ᠶᠢᠨ ᠮᠠᠲ᠋ᠧᠷᠢᠶᠠᠯ᠂ ᠲᠠᠷᠢᠶᠠᠯᠠᠩ ᠮᠠᠯ ᠤᠢ ᠡᠯᠡᠰᠤᠨ  ᠤ ᠦᠢᠯᠡᠳᠬᠦᠨ  ᠢ ᠪᠤᠯᠪᠠᠰᠤᠷᠠᠭᠤᠯᠬᠤ ᠵᠡᠷᠭᠡ ᠠᠵᠤ ᠦᠢᠯᠡᠰ  ᠤᠨ ᠬᠦᠷᠢᠶ᠎ᠠ ᠬᠡᠪᠴᠢᠶ᠎ᠠ ᠶᠢ ᠦᠷᠬᠦᠯᠵᠢᠯᠠᠨ ᠶᠡᠭᠡᠳᠭᠡᠵᠤ᠂ ᠳ᠋ᠦᠡᠭᠱᠸᠡᠭ  ᠤᠨ ᠬᠦᠡᠭᠬᠡᠨ ᠨᠡᠭᠡᠮᠠᠯ  ᠤᠨ ᠠᠵᠤ ᠦᠢᠯᠡᠳᠪᠤᠷᠢ ᠶᠢᠨ ᠬᠦᠷᠢᠶᠠᠯᠠᠩ ᠲᠤᠭᠤᠷᠢᠭ᠂ ᠢᠳᠡᠭᠡᠨ ᠪᠤᠯᠪᠠᠰᠤᠷᠠᠭᠤᠯᠬᠤ ᠬᠦᠷᠢᠶᠠᠯᠠᠩ ᠲᠤᠭᠤᠷᠢᠭ ᠢ ᠪᠠᠶᠢᠭᠤᠯᠤᠨ ᠠᠰᠢᠭᠯᠠᠯᠳᠠ  ᠳᠤ ᠤᠷᠤᠭᠤᠯᠬᠤ ᠶᠢ ᠪᠠᠳᠤᠯᠠᠵᠤ᠂ ᠵᠢᠯ ᠤᠨ ᠲᠤᠳᠤᠷ᠎ᠠ 16 ᠵᠤᠷᠪᠤᠰ ᠱᠠᠭᠠᠵᠠᠩ ᠦᠢᠯᠡᠳᠪᠤᠷᠢᠯᠠᠯ  ᠤᠨ ᠱᠤᠭᠤᠮ  ᠢ ᠰᠢᠨ᠎ᠠ ᠪᠠᠷ ᠨᠡᠮᠡᠭᠳᠡᠬᠦᠯᠵᠤ᠂ PVC ᠵᠢᠴᠢ ᠲᠠᠭᠠᠯᠳᠤᠭᠰᠠᠨ ᠦᠢᠯᠡᠳᠬᠦᠨ  ᠤ ᠦᠢᠯᠡᠳᠪᠤᠷᠢᠯᠠᠯ  ᠤᠨ ᠴᠢᠳᠠᠪᠤᠷᠢ ᠶᠢ 120 ᠲᠦᠮᠠᠨ ᠲᠤᠨ ᠨᠡᠮᠡᠭᠳᠡᠬᠦᠯᠦᠨ᠎ᠠ᠃        ᠤᠳᠤ ᠦᠶ᠎ᠠ ᠶᠢᠨ ᠦᠢᠯᠡᠴᠢᠯᠡᠭᠡᠨ  ᠤ ᠦᠢᠯᠡᠰ  ᠢ ᠶᠡᠭᠡᠪᠠᠷ ᠬᠦᠭᠵᠢᠬᠦᠯᠦᠨ᠎ᠠ᠃ ᠲᠦᠷᠦ ᠶᠢᠨ ᠪᠤᠳᠤᠯᠭ᠎ᠠ ᠶᠢᠨ ᠠᠷᠭ᠎ᠠ ᠪᠠᠷᠢᠯ ᠲᠤᠭᠳᠠᠭᠠᠵᠤ ᠦᠢᠯᠡᠴᠢᠯᠡᠭᠡᠨ ᠎ ᠤ ᠦᠢᠯᠡᠰ ᠢ ᠲᠠᠮᠵᠢᠨ ᠬᠦᠭᠵᠢᠬᠦᠯᠤᠨ᠎ᠠ᠃ ᠪᠤᠳᠠᠰ  ᠤᠨ ᠬᠦᠢᠯᠭᠡᠭᠡ ᠶᠢᠨ ᠦᠢᠯᠡᠰ  ᠢ ᠲᠦᠷᠬᠡᠨ ᠢᠶᠠᠷ ᠬᠦᠭᠵᠢᠬᠦᠯᠵᠤ᠂ ᠨᠡᠬᠦᠷᠡᠰᠤ ᠶᠢ ᠲᠦᠪᠯᠡᠷᠡᠬᠦᠯᠬᠦ ᠲᠠᠷᠬᠠᠭᠠᠬᠤ ᠴᠢᠬᠤᠯᠠ ᠭᠠᠵᠠᠷ ᠲᠤ ᠶᠡᠷᠦᠩᠭᠡᠶᠢᠯᠡᠭᠰᠡᠨ ᠴᠢᠨᠠᠷᠳᠠᠢ ᠨᠡᠬᠦᠷᠡᠰᠤ ᠲᠤᠬᠢᠷᠠᠭᠤᠯᠬᠤ ᠦᠢᠯᠡᠳᠪᠤᠷᠢ ᠪᠠᠶᠢᠭᠤᠯᠵᠤ᠂ ᠭᠤᠤᠯ ᠵᠠᠮ ᠬᠠᠷᠢᠯᠴᠠᠭᠠᠨ ᠤ ᠱᠤᠭᠤᠮ  ᠳᠤ ᠲᠦᠰᠢᠭᠯᠡᠨ ᠨᠡᠬᠦᠷᠡᠰᠦᠨ ᠤ ᠪᠤᠳᠠᠰ  ᠤᠨ ᠬᠦᠢᠯᠭᠡᠭᠡ ᠶᠢᠨ ᠲᠦᠪ  ᠢ ᠵᠤᠬᠢᠰᠳᠠᠢ ᠪᠠᠶᠢᠷᠢᠯᠠᠭᠤᠯᠤᠨ᠎ᠠ᠃ ᠠᠯᠳᠠᠨᠰᠢᠷᠡᠭᠡᠳᠤ ᠬᠢᠶ᠎ᠠ ᠪᠠᠭᠰᠢ᠂ ᠵᠠᠰᠠᠭ ᠵᠡᠷᠭᠡ ᠭᠤᠤᠯᠳᠠᠯᠭ᠎ᠠ ᠎ ᠲᠠᠢ ᠪᠤᠳᠠᠰ ᠤᠨ ᠬᠦᠢᠯᠭᠡᠭᠡ ᠶᠢᠨ ᠬᠦᠷᠢᠶᠠᠯᠠᠩ ᠲᠤᠭᠤᠷᠢᠭ  ᠤᠨ ᠴᠢᠳᠠᠪᠬᠢ ᠶᠢ ᠴᠢᠨᠠᠭᠰᠢᠳᠠ ᠲᠡᠭᠦᠯᠳᠡᠷᠵᠢᠬᠦᠯᠵᠤ᠂ ᠨᠢᠭᠡ ᠪᠦᠯᠦᠭ ᠪᠤᠳᠠᠰ ᠤᠨ ᠬᠦᠢᠯᠭᠡᠭᠡ ᠶᠢᠨ ᠭᠤᠤᠯᠯᠠᠭᠴᠢ ᠠᠵᠤ ᠠᠬᠤᠶᠢᠯᠠᠯ ᠢ ᠤᠷᠤᠭᠤᠯᠬᠤ ᠪᠠ ᠪᠤᠶᠢᠵᠢᠭᠤᠯᠤᠨ ᠪᠤᠵᠠᠭᠠᠶᠢᠷᠠᠭᠤᠯᠤᠨ᠎ᠠ᠃ ᠠᠭᠠᠷ ᠤᠨ ᠠᠶᠠᠯᠠᠯ  ᠤᠨ ᠪᠠᠷᠠᠭ᠎ᠠ ᠲᠡᠭᠡᠭᠡᠪᠤᠷᠢ ᠶᠢᠨ ᠦᠢᠯᠡᠰ ᠢ ᠢᠳᠡᠪᠬᠢᠳᠠᠢ ᠬᠦᠭᠵᠢᠬᠦᠯᠵᠤ᠂ ᠤᠷᠳᠤᠰ ᠤᠨ ᠠᠭᠠᠷ  ᠤᠨ ᠭᠠᠷᠠᠮ ᠤᠨ ᠪᠤᠳᠠᠰ ᠤᠨ ᠬᠦᠢᠯᠭᠡᠭᠡ ᠶᠢᠨ ᠲᠤᠭᠤᠷᠢᠭ  ᠢ ᠪᠦᠳᠦᠭᠡᠨ ᠪᠠᠶᠢᠭᠤᠯᠤᠨ᠎ᠠ᠃ ᠮᠦᠡᠭᠬᠦᠨ ᠬᠦᠢᠯᠭᠡᠭᠡᠨ ᠤ ᠦᠢᠯᠡᠰ ᠤᠨ ᠬᠦᠷᠢᠶ᠎ᠠ ᠬᠡᠪᠴᠢᠶ᠎ᠠ ᠶᠢ ᠦᠷᠭᠡᠳᠭᠡᠵᠤ᠂ ᠰᠢᠨ᠎ᠠ ᠪᠠᠷ ᠨᠢᠭᠡ ᠪᠦᠯᠦᠭ ᠮᠦᠡᠭᠬᠦᠨ ᠬᠦᠢᠯᠭᠡᠭᠡᠨ ᠤ ᠪᠠᠶᠢᠭᠤᠯᠤᠮᠵᠢ ᠶᠢ ᠤᠷᠤᠭᠤᠯᠤᠨ ᠠᠪᠴᠢᠷᠠᠵᠤ᠂ ᠲᠤᠰᠬᠤᠨ ᠪᠠᠯᠭᠠᠰᠤᠨ ᠤ ᠪᠠᠩᠬᠢ ᠪᠠ ᠪᠠᠭ᠎ᠠ ᠲᠤᠭᠠᠨ  ᠤ ᠵᠢᠭᠡᠯᠡᠯᠭᠡ ᠶᠢᠨ ᠺᠤᠮᠫᠠᠨᠢ ᠶᠢ ᠶᠡᠭᠡᠪᠡᠷ ᠬᠦᠭᠵᠢᠬᠦᠯᠵᠤ  ᠂ ᠬᠦᠳᠡᠭᠡ ᠲᠤᠰᠬᠤᠨ ᠤ ᠢᠳᠡᠭᠡᠮᠵᠢᠳᠤ ᠵᠢᠭᠡᠯᠡᠯᠭᠡ ᠶᠢᠨ ᠬᠤᠷᠰᠢᠶ᠎ᠠ ᠶᠢᠨ ᠦᠬᠡᠷᠡᠴᠢᠯᠠᠯᠳᠠ ᠶᠢᠨ ᠠᠯᠬᠤᠴᠠ ᠶᠢ ᠲᠦᠷᠭᠡᠳᠭᠡᠨ᠎ᠠ᠃  ᠬᠤᠪᠢ ᠠᠴᠠ ᠴᠤᠭᠯᠠᠭᠤᠯᠤᠭᠰᠠᠨ ᠰᠲ᠋ᠤᠺ  ᠤᠨ ᠡᠷᠬᠡ ᠎ ᠲᠠᠢ ᠰᠠᠭᠤᠷᠢ ᠮᠦᠡᠭᠬᠦ ᠪᠠᠷ ᠭᠤᠤᠯᠳᠠᠯᠭ᠎ᠠ ᠪᠤᠯᠭᠠᠭᠰᠠᠨ ᠰᠢᠨ᠎ᠠ ᠪᠠᠷ ᠡᠬᠦᠰᠦᠭᠰᠡᠨ ᠮᠦᠡᠭᠬᠦᠨ ᠬᠦᠢᠯᠭᠡᠭᠡᠨ  ᠤ ᠦᠢᠯᠡᠰ  ᠢ ᠢᠳᠡᠪᠬᠢᠳᠠᠢ ᠬᠦᠭᠵᠢᠬᠦᠯᠦᠨ᠎ᠠ᠃ ᠠᠵᠤ ᠠᠬᠤᠶᠢᠯᠠᠯ  ᠤᠨ ᠵᠢᠭᠡᠯᠡᠯᠭᠡ ᠶᠢᠨ ᠲᠡᠮᠳᠡᠭᠳᠤ ᠲᠠᠷᠬᠠᠭᠠᠬᠤ ᠪᠠ ᠪᠠᠷᠢᠮᠳᠠ ᠪᠠᠷ ᠪᠠᠯᠠ ᠴᠤᠭᠯᠠᠭᠤᠯᠬᠤ ᠶᠢ ᠵᠤᠷᠢᠭᠵᠢᠭᠤᠯᠵᠤ᠂ 2᠎ ᠠᠴᠠ 3 ᠠᠵᠤ ᠠᠬᠤᠶᠢᠯᠠᠯ  ᠤᠨ ᠰᠲ᠋ᠤᠺ  ᠢᠶᠠᠨ ᠵᠠᠬ᠎ᠠ ᠲᠡᠯᠭᠡᠬᠦᠷ ᠲᠤ ᠭᠠᠷᠭᠠᠨ ᠪᠠᠯᠠ ᠴᠤᠭᠯᠠᠭᠤᠯᠬᠤ ᠶᠢ ᠪᠠᠶᠡᠯᠡᠬᠦᠯᠬᠦ ᠶᠢ ᠠᠬᠢᠭᠤᠯᠤᠨ᠎ᠠ᠃ ᠤᠷᠤᠨ ᠪᠦᠰᠠ ᠶᠢᠨ ᠵᠢᠭᠤᠯᠴᠢᠯᠠᠯ  ᠤᠨ ᠬᠠᠮᠳᠤᠷᠠᠯᠴᠠᠭ᠎ᠠ ᠎ ᠶᠢ ᠢᠳᠡᠪᠬᠢᠳᠠᠢ ᠦᠷᠨᠢᠬᠦᠯᠵᠤ᠂ ᠬᠠᠳᠤᠨ ᠭᠤᠤᠯ ᠲᠠᠭᠠᠤ ᠵᠢᠭᠤᠯᠴᠢᠯᠠᠯ ᠤᠨ ᠦᠵᠡᠮᠵᠢ ᠶᠢᠨ ᠪᠦᠰᠠ ᠶᠢᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠤ᠂ ᠨᠢᠭᠡ ᠪᠦᠯᠦᠭ ᠰᠤᠳᠤᠨ ᠦᠵᠡᠮᠵᠢ ᠶᠢᠨ ᠤᠷᠤᠨ ᠪᠠ ᠵᠢᠭᠤᠯᠴᠢᠯᠠᠯ  ᠤᠨ ᠱᠤᠭᠤᠮ ᠢ ᠪᠤᠢ ᠪᠤᠯᠭᠠᠵᠤ᠂ ᠤᠷᠳᠤᠰ ᠤᠨ ᠵᠢᠭᠤᠯᠴᠢᠯᠠᠯ ᠤᠨ ᠨᠡᠷᠡᠳᠤ ᠬᠤᠳᠠ ᠶᠢᠨ ᠲᠡᠮᠳᠡᠭ ᠢ ᠡᠬᠦᠳᠤᠨ᠎ᠠ᠃ ᠬᠤᠳᠠ ᠬᠦᠳᠡᠭᠡ ᠶᠢᠨ ᠬᠦᠢᠯᠭᠡᠭᠡ ᠶᠢᠨ ᠰᠢᠰᠲ᠋ᠧᠮᠵᠢ ᠶᠢᠨ ᠪᠠᠶᠢᠭᠤᠯᠤᠯᠳᠠ ᠶᠢ ᠴᠢᠩᠭᠠᠳᠬᠠᠵᠤ᠂ ᠤᠯᠤᠰ  ᠤᠨ ᠲᠤᠳᠤᠭᠠᠳᠤ ᠭᠠᠳᠠᠭᠠᠳᠤ ᠶᠢᠨ ᠨᠡᠷᠡᠳᠤ ᠬᠡᠯᠬᠢᠶᠡᠵᠢᠭᠰᠡᠨ ᠠᠵᠤ ᠠᠬᠤᠶᠢᠯᠠᠯ ᠢ ᠢᠳᠠᠪᠬᠢᠳᠠᠢ ᠤᠷᠤᠭᠤᠯᠵᠤ᠂ ᠤᠷᠤᠨ ᠨᠤᠳᠤᠭ  ᠤᠨ ᠬᠤᠳᠠᠯᠳᠤᠭ᠎ᠠ ᠠᠷᠠᠯᠵᠢᠶᠠᠨ ᠤ ᠠᠵᠤ ᠠᠬᠤᠶᠢᠯᠠᠯ ᠢ ᠲᠠᠮᠵᠢᠨ ᠪᠤᠵᠠᠭᠠᠶᠢᠷᠠᠭᠤᠯᠤᠨ᠎ᠠ᠃ ᠨᠢᠭᠡ ᠪᠦᠯᠦᠭ ᠬᠤᠳᠠ ᠶᠢᠨ ᠬᠤᠳᠠᠯᠳᠤᠭᠠᠨ ᠤ ᠭᠤᠤᠯ ᠲᠤᠭᠤᠷᠢᠭ ᠢ ᠪᠦᠳᠦᠭᠡᠨ ᠪᠠᠶᠢᠭᠤᠯᠵᠤ᠂ ᠰᠤᠶᠤᠯ᠂ ᠵᠢᠭᠤᠯᠴᠢᠯᠠᠯ᠂ ᠪᠡᠶ᠎ᠠ ᠴᠢᠬᠢᠷᠠᠭᠵᠢᠭᠤᠯᠬᠤ ᠵᠡᠷᠭᠡ ᠬᠠᠯᠠᠮᠰᠠᠯ ᠲᠠᠢ ᠬᠡᠷᠡᠭᠯᠡᠭᠡ ᠪᠠ ᠨᠡᠶᠢᠭᠡᠮ ᠲᠤᠭᠤᠷᠢᠭ ᠤᠨ ᠬᠤᠳᠠᠯᠳᠤᠭ᠎ᠠ᠂ ᠠᠳᠠᠯ ᠠᠬᠤᠢ᠂ ᠬᠡᠷ ᠤᠨ ᠶᠠᠪᠤᠳᠠᠯ᠂ ᠨᠠᠰᠤᠳᠠᠨ ᠢ ᠠᠰᠠᠷᠠᠬᠤ ᠵᠡᠷᠭᠡ ᠦᠢᠯᠡᠴᠢᠯᠡᠭᠡᠨ  ᠤ ᠴᠢᠨᠠᠷᠳᠠᠢ ᠬᠡᠷᠭᠯᠡᠭᠡ ᠶᠢ  ᠦᠷᠭᠡᠳᠭᠡᠨ᠎ᠠ᠃ ᠲᠦᠮᠠᠨ ᠲᠤᠰᠬᠤᠨ ᠮᠢᠩᠭᠠᠨ ᠰᠢᠶᠠᠩ  ᠤᠨ ᠵᠠᠬ᠎ᠠ ᠲᠡᠯᠭᠡᠬᠦᠷ ᠤᠨ ᠪᠠᠷᠢᠯᠭ᠎ᠠ ᠶᠢᠨ ᠪᠦᠳᠦᠭᠡᠨ ᠪᠠᠶᠢᠭᠤᠯᠤᠯᠳᠠ ᠶᠢ ᠠᠬᠢᠭᠤᠯᠵᠤ᠂ ᠬᠡᠷ  ᠤᠨ ᠴᠠᠬᠢᠯᠭᠠᠨ ᠬᠡᠷᠡᠭᠰᠡᠯ᠂ ᠮᠠᠰᠢᠨ ᠲᠡᠷᠭᠡ ᠵᠡᠷᠭᠡ ᠬᠦᠳᠡᠭᠡ ᠪᠠᠭᠤᠯᠭᠠᠬᠤ ᠠᠵᠢᠯᠯᠠᠭ᠎ᠠ ᠶᠢ ᠵᠤᠬᠢᠶᠠᠨ ᠪᠠᠶᠢᠭᠤᠯᠤᠨ ᠬᠡᠷᠡᠭᠵᠢᠬᠦᠯᠵᠤ᠂ ᠮᠠᠯᠵᠢᠬᠤ ᠲᠠᠷᠢᠶᠠᠯᠠᠬᠤ ᠤᠷᠤᠨ ᠤ ᠬᠡᠷᠡᠭᠯᠡᠭᠡ ᠶᠢ ᠴᠢᠷᠮᠠᠶᠢᠨ ᠦᠷᠭᠡᠳᠭᠡᠨ᠎ᠠ᠃ ᠵᠠᠬ᠎ᠠ ᠲᠡᠯᠭᠡᠬᠦᠷ  ᠤᠨ ᠦᠨ᠎ᠠ ᠬᠠᠨᠭ᠍ᠰᠢ ᠶᠢᠨ ᠬᠢᠨᠠᠨ ᠬᠠᠮᠢᠶᠠᠷᠤᠯᠳᠠ ᠎ ᠶᠢ ᠴᠢᠩᠭᠠᠳᠬᠠᠵᠤ᠂ ᠦᠨ᠎ᠠ ᠬᠠᠨᠭ᠍ᠰᠢ ᠶᠢᠨ ᠬᠠᠤᠯᠢ ᠶᠢ ᠵᠦᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠤᠷᠢᠯᠠᠵᠤ᠂ ᠬᠡᠷᠡᠭᠯᠡᠭᠡ ᠶᠢᠨ ᠤᠷᠴᠢᠨ ᠲᠤᠭᠤᠷᠢᠨ ᠎ ᠢ ᠴᠢᠨᠠᠭᠰᠢᠳᠠ ᠰᠢᠯᠢᠳᠡᠭᠵᠢᠬᠦᠯᠦᠨ᠎ᠠ᠃     ︵ᠭᠤᠷᠪᠠ︶ ᠠᠷᠠᠳ  ᠤᠨ ᠠᠮᠢᠳᠤᠷᠠᠯ  ᠢ ᠪᠦᠬᠦ ᠬᠦᠴᠤᠨ ᠢᠶᠠᠷ ᠪᠠᠳᠤᠯᠠᠨ ᠰᠠᠶᠢᠵᠢᠷᠠᠭᠤᠯᠤᠨ᠎ᠠ᠃ ᠠᠷᠠᠳ  ᠢᠶᠠᠨ ᠪᠠᠶᠠᠵᠢᠭᠤᠯᠬᠤ ᠪᠠ ᠬᠤᠳᠠ ᠪᠠᠨ ᠬᠦᠴᠦᠷᠭᠡᠭᠵᠢᠬᠦᠯᠬᠦ ᠶᠢ ᠵᠡᠷᠭᠡᠪᠡᠷ ᠴᠢᠬᠤᠯᠠᠴᠢᠯᠠᠬᠤ᠂ ᠠᠷᠠᠳ  ᠢᠶᠠᠨ ᠪᠠᠶᠠᠵᠢᠭᠤᠯᠬᠤ ᠶᠢ ᠤᠷᠢᠳᠠᠪᠠᠷ ᠪᠠᠶᠢᠯᠭᠠᠬᠤ ᠤᠨᠤᠯᠵᠢᠭᠤᠨ  ᠢ ᠪᠠᠷᠢᠮᠳᠠᠯᠠᠵᠤ᠂ ᠨᠡᠩ ᠤᠯᠠᠨ ᠡᠳ᠋ ᠎ ᠤᠨ ᠬᠦᠴᠦ᠂ ᠪᠤᠳᠠᠰ  ᠤᠨ ᠬᠦᠴᠦ ᠶᠢ ᠠᠷᠠᠳ ᠲᠤ ᠬᠠᠷᠠᠭᠠᠯᠵᠠᠯ ᠦᠵᠡᠬᠦᠯᠦᠨ ᠠᠷᠠᠳ ᠢᠶᠠᠨ ᠪᠠᠶᠠᠵᠢᠭᠤᠯᠬᠤ  ᠳᠤ ᠤᠷᠤᠭᠤᠯᠵᠤ᠂ ᠵᠤᠭᠤᠰ ᠮᠦᠡᠭᠬᠦ ᠶᠢ ᠦᠨᠡᠨᠬᠦ ᠠᠷᠠᠳ ᠲᠦᠮᠠᠨ  ᠤ ᠪᠠᠶ᠎ᠠ ᠲᠡᠭᠡᠷ᠎ᠠ ᠵᠠᠷᠤᠵᠤ᠂ ᠤᠯᠠᠨ ᠲᠦᠮᠠᠨ  ᠤ ᠪᠤᠶᠠᠨ  ᠬᠡᠰᠢᠭ  ᠢ ᠲᠠᠰᠤᠷᠠᠯᠳᠠ ᠦᠭᠡᠢ ᠨᠡᠮᠡᠭᠳᠡᠬᠦᠯᠦᠨ᠎ᠠ᠃ ᠠᠷᠭ᠎ᠠ ᠪᠦᠬᠦᠨ  ᠢ ᠰᠦᠪᠡᠭᠴᠢᠯᠠᠨ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠶᠢ ᠨᠡᠮᠡᠭᠳᠡᠬᠦᠯᠵᠤ᠂ ᠪᠡᠯᠴᠢᠭᠡᠷ  ᠤᠨ ᠠᠮᠢ ᠠᠬᠤᠢ ᠶᠢᠨ ᠱᠠᠩᠨᠠᠯ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠬᠢ ᠪᠠᠶᠠᠯᠢᠭ ᠤᠨ ᠨᠡᠭᠡᠭᠡᠯᠳᠠ ᠬᠢᠬᠦ᠂ ᠭᠠᠵᠠᠷ ᠲᠠᠳᠠᠪᠤᠷᠢᠯᠠᠨ ᠨᠤᠷᠠᠭᠠᠨ ᠰᠢᠯᠵᠢᠬᠦᠯᠬᠦ ᠨᠦᠬᠦᠪᠦᠷᠢ ᠶᠢᠨ ᠠᠷᠭ᠎ᠠ ᠶᠢ ᠲᠡᠬᠦᠯᠳᠡᠷᠵᠢᠬᠦᠯᠵᠤ᠂ ᠠᠵᠤ ᠠᠬᠤᠶᠢᠯᠠᠯ  ᠤᠨ ᠬᠠᠮᠤᠭ ᠲᠤᠤᠷ᠎ᠠ ᠴᠠᠯᠢᠩ  ᠤᠨ ᠪᠠᠷᠢᠮᠵᠢᠶ᠎ᠠ ᠶᠢ ᠲᠡᠭᠡᠭᠰᠢᠯᠡᠬᠦᠯᠵᠤ᠂ ᠺᠠᠳ᠋ᠷ ᠠᠵᠢᠯᠳᠠᠳ  ᠤᠨ ᠨᠠᠮᠠᠬᠦᠷᠢ ᠨᠦᠬᠦᠪᠦᠷᠢ ᠶᠢᠨ ᠬᠡᠪ  ᠤᠨ ᠨᠡᠮᠡᠭᠳᠡᠯ  ᠤᠨ ᠲᠤᠭᠳᠠᠴᠠ ᠶᠢ ᠪᠠᠶᠢᠭᠤᠯᠵᠤ᠂ ᠦᠢᠯᠡᠰ ᠪᠦᠳᠦᠭᠡᠬᠦ ᠠᠵᠢᠯ ᠤᠯᠬᠤ ᠱᠠᠩᠨᠠᠨ ᠲᠡᠳᠬᠦᠬᠦ ᠪᠠ ᠪᠦᠳᠦᠴᠠ ᠶᠢᠨ ᠴᠢᠨᠠᠷᠳᠠᠢ ᠭᠠᠶᠢᠯᠢ ᠶᠢ ᠬᠠᠰᠤᠨ ᠬᠡᠯᠳᠤᠷᠢᠬᠦᠯᠬᠦ ᠲᠦᠷᠦ ᠶᠢᠨ ᠪᠤᠳᠤᠯᠭ᠎ᠠ ᠶᠢ ᠬᠡᠷᠡᠭᠵᠢᠬᠦᠯᠵᠤ᠂ ᠬᠤᠪᠢ ᠶᠢᠨ ᠡᠵᠡᠩᠨᠡᠯ  ᠤᠨ ᠡᠷᠦᠭᠡ ᠦᠢᠯᠡᠳᠪᠤᠷᠢ ᠬᠤᠳᠠᠯᠳᠤᠭ᠎ᠠ ᠶᠢᠨ ᠬᠤᠪᠢ ᠡᠷᠦᠭᠡ ᠠᠴᠠ ᠭᠠᠶᠢᠯᠢ ᠲᠡᠳᠠᠪᠤᠷᠢᠯᠠᠬᠤ ᠡᠬᠢᠯᠠᠨ ᠲᠠᠳᠠᠪᠤᠷᠢᠯᠠᠬᠤ ᠴᠡᠭ  ᠢ ᠲᠡᠭᠡᠭᠰᠢᠯᠡᠬᠦᠯᠵᠤ᠂ ᠬᠤᠳᠠ ᠬᠦᠳᠡᠭᠡ ᠶᠢᠨ ᠰᠠᠭᠤᠭᠠᠯᠢ ᠠᠷᠠᠳ  ᠤᠨ ᠤᠷᠤᠯᠭ᠎ᠠ ᠶᠢᠨ ᠨᠡᠮᠡᠭᠳᠡᠯ ᠨᠢ ᠠᠵᠤ ᠠᠬᠤᠢ ᠶᠢᠨ ᠬᠦᠭᠵᠢᠯᠳᠠ ᠲᠠᠢ ᠠᠯᠬᠤᠮ ᠨᠢᠭᠡᠳᠠᠢ ᠪᠠᠶᠢᠬᠤ ᠪᠠ ᠠᠷᠠᠳ ᠲᠦᠮᠠᠨ  ᠤ ᠬᠦᠳᠡᠯᠮᠤᠷᠢ ᠶᠢᠨ ᠤᠯᠭᠤᠮᠵᠢ ᠨᠢ ᠬᠦᠳᠡᠯᠮᠤᠷᠢ ᠦᠢᠯᠡᠳᠪᠤᠷᠢᠯᠠᠯ  ᠤᠨ ᠨᠤᠷᠮ᠎ᠠ ᠶᠢᠨ ᠲᠡᠭᠡᠭᠰᠢᠯᠡᠯᠳᠠ ᠲᠠᠢ ᠠᠯᠬᠤᠮ ᠨᠢᠭᠡᠳᠠᠢ ᠪᠠᠶᠢᠬᠤ ᠶᠢ ᠴᠢᠷᠮᠠᠶᠢᠨ ᠪᠠᠶᠠᠯᠡᠬᠦᠯᠵᠤ᠂ ᠪᠦᠬᠦ ᠬᠤᠳᠠ ᠶᠢᠨ ᠡᠯ᠎ᠠ ᠦᠨᠳᠤᠰᠦᠳᠠᠨ ᠎ ᠨᠦᠭᠦᠳ  ᠤᠨ ᠠᠷᠠᠳ ᠲᠦᠮᠠᠨ  ᠳᠤ  ᠦᠭᠡᠷᠡᠴᠢᠯᠠᠯᠳᠠ ᠬᠦᠭᠵᠢᠯᠳᠠ ᠶᠢᠨ ᠦᠷ᠎ᠠ ᠪᠦᠳᠦᠭᠡᠯ  ᠢ ᠨᠠᠩ ᠤᠯᠠᠨ ᠡᠳ᠋ᠯᠡᠬᠦᠯᠦᠨ᠎ᠠ᠃      ᠡᠨᠡ ᠵᠢᠯ᠂ ᠡᠯ᠎ᠡ ᠱᠠᠲᠤᠨ  ᠤ ᠵᠠᠰᠠᠭ  ᠤᠨ ᠤᠷᠳᠤᠨ ᠬᠦᠴᠦ  ᠪᠠᠨ ᠲᠦᠪᠯᠡᠷᠡᠬᠦᠯᠦᠨ ᠣᠯᠠᠨ ᠲᠦᠮᠡᠨ  ᠳᠤ  12 ᠵᠦᠢᠯ  ᠤᠨ ᠪᠤᠲᠠᠲᠤ ᠶᠠᠪᠤᠳᠠᠯ  ᠢ ᠪᠦᠲᠦᠬᠡᠵᠤ ᠦᠭᠬᠦᠨ᠎ᠡ᠃ ᠨᠢᠬᠡ  ᠳᠤ ᠠᠵᠢᠯ ᠤᠯᠭᠤᠯᠲᠠ  ᠶᠢ ᠦᠷᠭᠡᠳᠭᠡᠭᠦ  ᠪᠠᠷ ᠴᠢᠷᠮᠠᠶᠢᠨ᠎ᠠ᠃ ᠠᠵᠢᠯ ᠤᠯᠭᠤᠯᠲᠠ ᠶᠢᠨ ᠵᠤᠬᠢᠶᠠᠨ ᠪᠠᠶᠢᠭᠤᠯᠤᠴᠢᠯᠠᠯᠳᠠ ᠶᠢᠨ ᠬᠢᠷᠢ ᠬᠡᠮᠵᠢᠶ᠎ᠡ  ᠶᠢ ᠲᠡᠭᠡᠭᠰᠢᠯᠡᠬᠦᠯᠵᠤ᠂ ᠠᠵᠢᠯ ᠤᠯᠭᠤᠯᠲᠠ  ᠶᠢᠨ ᠦᠢᠯᠡᠴᠢᠯᠡᠬᠡᠨ  ᠤ ᠰᠢᠰᠲ᠋ᠧᠮᠵᠢ  ᠶᠢ  ᠲᠡᠭᠦᠯᠳᠡᠷᠵᠢᠬᠦᠯᠦᠨ᠎ᠡ᠃ ᠦᠨ᠎ᠡ ᠲᠦᠯᠦᠪᠦᠷᠢ ᠦᠬᠡᠢ  ᠪᠠᠷ ᠠᠵᠢᠯ ᠤᠯᠭᠤᠬᠤ ᠪᠤᠯᠪᠠᠰᠣᠷᠠᠯ  ᠢ 5 ᠲᠦᠮᠡᠨ ᠬᠦᠮᠦᠨ ᠤᠳᠠᠭ᠎ᠠ ᠪᠡᠶᠡᠯᠡᠬᠦᠯᠵᠤ᠂ ᠬᠤᠲᠠ ᠪᠠᠯᠭᠠᠰᠣᠨ  ᠤ ᠠᠵᠢᠯ ᠤᠯᠤᠭᠰᠠᠳ ᠢ ᠰᠢᠨ᠎ᠡ  ᠪᠠᠷ 3 ᠲᠦᠮᠡ ᠨᠡᠮᠡᠭᠳᠡᠬᠦᠯᠵᠤ  ᠂ ᠡᠬᠦᠨ  ᠳᠤ ᠤᠷᠳᠤᠰ ᠨᠤᠳᠤᠭ ᠲᠠᠢ ᠶᠡᠭᠡ ᠰᠣᠷᠭᠠᠭᠤᠯᠢ  ᠶᠢᠨ ᠤᠶᠤᠳᠠᠨ  ᠢ 1 ᠲᠦᠮᠡ ᠲᠤᠬᠢᠷᠠᠭᠤᠯᠤᠨ᠎ᠠ᠃  ᠬᠤᠶᠠᠷ  ᠲᠤ  ᠪᠠᠷᠠᠭᠠᠨ  ᠤ ᠦᠨ᠎ᠡ  ᠶᠢᠨ ᠬᠢᠷᠢ ᠲᠦᠪᠰᠢᠨ  ᠢ ᠲᠤᠭᠳᠠᠭᠤᠨ ᠢᠶᠠᠷ ᠬᠢᠵᠠᠭᠠᠷᠯᠠᠨ᠎ᠠ᠃ ᠵᠠᠬ᠎ᠠ ᠲᠡᠯᠬᠡᠬᠦᠷ  ᠤᠨ ᠬᠦᠢᠯᠬᠡᠬᠡᠨ  ᠤ ᠰᠢᠰᠲ᠋ᠧᠮᠵᠢ  ᠶᠢ ᠴᠢᠨᠠᠭᠰᠢᠲᠠ ᠲᠡᠭᠦᠯᠳᠡᠷᠵᠢᠬᠦᠯᠵᠤ᠂ ᠪᠠᠷᠢᠮᠵᠢᠶᠠᠵᠢᠭᠤᠯᠤᠭᠰᠠᠨ ᠢᠳᠠᠰᠢᠨ ᠨᠤᠭᠤᠭ᠎ᠠ  ᠶᠢᠨ ᠵᠠᠬ᠎ᠠ ᠲᠡᠯᠬᠡᠬᠦᠷ  ᠢ ᠰᠢᠨ᠎ᠡ  ᠪᠠᠷ 6 ᠪᠠᠶᠢᠭᠤᠯᠵᠤ᠂  ᠭᠡᠮ ᠦᠬᠡᠢ ᠠᠮᠤ ᠪᠤᠳᠠᠭ᠎ᠠ ᠢᠳᠡᠰᠢᠨ ᠲᠤᠰᠤᠨ  ᠤ ᠲᠡᠯᠭᠡᠭᠦᠷ  ᠢ 100 ᠪᠠᠶᠢᠭᠤᠯᠵᠤ᠂ ᠡᠩ  ᠤᠨ ᠦᠨᠡᠲᠦ ᠠᠷᠠᠳ  ᠲᠤ ᠲᠦᠬᠦᠮ ᠦᠵᠡᠬᠦᠯᠬᠦ ᠲᠡᠯᠬᠡᠬᠦᠷ  ᠢ 160 ᠪᠠᠶᠢᠭᠤᠯᠵᠤ  ᠂ ᠲᠠᠸᠠᠷ ᠲᠤᠬᠢᠷᠠᠭᠤᠯᠤᠨ ᠬᠦᠷᠭᠡᠭᠦ ᠲᠦᠪ  ᠢ 2 ᠪᠠᠶᠢᠭᠤᠯᠵᠤ᠂ ᠲᠠᠷᠢᠶᠠᠴᠢᠨ ᠠᠶᠢᠯ  ᠤᠨ ᠲᠡᠯᠬᠡᠬᠦᠷ ᠢ 200 ᠪᠠᠶᠢᠭᠤᠯᠤᠨ᠎ᠠ᠃ ᠭᠤᠷᠪᠠ  ᠳᠤ ᠲᠤᠤᠷ᠎ᠠ  ᠤᠷᠤᠯᠭᠠᠳᠠᠳ ᠤᠨ ᠠᠮᠢᠲᠤᠷᠠᠯ ᠤᠨ ᠬᠢᠷᠢ ᠲᠦᠪᠰᠢᠨ  ᠢ ᠲᠡᠭᠡᠭᠰᠢᠯᠡᠬᠦᠯᠦᠨ᠎ᠡ᠃ ᠬᠤᠲᠠ ᠬᠦᠳᠡᠭᠡ  ᠶᠢᠨ ᠰᠠᠭᠤᠭᠠᠯᠢ ᠠᠷᠠᠳ ᠤᠨ ᠨᠠᠭᠠᠲᠤ ᠵᠠᠬ᠎ᠠ ᠶᠢᠨ ᠠᠮᠢᠲᠤᠷᠠᠯ ᠤᠨ ᠪᠠᠲᠤᠯᠠᠭ᠎ᠠ  ᠶᠢᠨ ᠬᠢᠷᠢ ᠬᠡᠮᠵᠢᠶ᠎ᠡ  ᠶᠢ ᠰᠠᠷ᠎ᠠ ᠪᠦᠷᠢ ᠲᠤᠰᠪᠤᠷᠢ 40 ᠲᠦᠬᠦᠷᠢᠭ ᠲᠡᠭᠡᠭᠰᠢᠯᠡᠬᠦᠯᠦᠨ᠎ᠡ︔ ᠲᠠᠪᠤᠨ ᠪᠠᠲᠤᠯᠭᠠᠲᠤ ᠡᠷᠦᠬᠡ  ᠶᠢ ᠲᠦᠪᠯᠡᠷᠡᠬᠦᠯᠦᠨ ᠪᠤᠶᠤ ᠲᠠᠷᠠᠬᠠᠢ ᠪᠠᠷ ᠠᠰᠠᠷᠠᠨ ᠲᠡᠵᠢᠬᠡᠬᠦ ᠪᠠᠷᠢᠮᠵᠢᠶ᠎ᠠ ᠶᠢ ᠵᠢᠯ ᠪᠤᠯᠭᠠᠨ 1000 ᠲᠦᠬᠦᠷᠢᠭ ᠪᠠ 450 ᠲᠦᠬᠦᠷᠢᠭ ᠲᠡᠭᠡᠭᠰᠢᠯᠡᠬᠦᠯᠦᠨ᠎ᠡ︔ ︽ᠭᠤᠷᠪᠠ ᠦᠬᠡᠢ ᠬᠦᠮᠦᠰ︾ ᠪᠠ ᠦᠨᠦᠴᠢᠨ ᠬᠡᠤᠭᠡᠳ  ᠢ ᠲᠦᠪᠯᠡᠷᠡᠬᠦᠯᠦᠨ ᠪᠤᠶᠤ ᠲᠠᠷᠠᠬᠠᠢ ᠪᠠᠷ ᠠᠰᠠᠷᠠᠨ ᠲᠡᠵᠢᠬᠡᠬᠦ ᠪᠠᠷᠢᠮᠵᠢᠶ᠎ᠠ  ᠶᠢ ᠰᠠᠷ᠎ᠠ ᠪᠤᠯᠭᠠᠨ ᠲᠤᠰᠪᠤᠷᠢ 300 ᠲᠦᠬᠦᠷᠢᠭ ᠲᠡᠭᠡᠭᠰᠢᠯᠡᠬᠦᠯᠵᠤ᠂ ᠭᠤᠤᠯᠳᠠᠯᠭ᠎ᠠ ᠲᠠᠢ ᠬᠠᠷᠠᠭᠠᠯᠵᠠᠬᠤ ᠡᠳᠡᠭᠡᠳ ᠤᠨ ᠠᠮᠢᠲᠤᠷᠠᠯ  ᠤᠨ ᠨᠦᠬᠦᠪᠦᠷᠢ ᠶᠢ ᠰᠠᠷ᠎ᠠ ᠪᠦᠷᠢ 100 ᠲᠦᠬᠦᠷᠢᠭ ᠲᠡᠭᠡᠭᠰᠢᠯᠡᠬᠦᠯᠦᠨ᠎ᠡ︔ ᠠᠵᠤ ᠠᠮᠢᠲᠤᠷᠠᠯ ᠨᠢ ᠬᠦᠴᠢᠷᠳᠠᠯᠳᠡᠢ ᠤᠯᠠᠨ ᠲᠦᠮᠡᠨ ᠨᠠᠰᠣᠵᠢᠯ  ᠤᠨ ᠲᠠᠭᠠᠳᠬᠠᠯ ᠳᠤ  ᠤᠷᠤᠯᠴᠠᠪᠠᠯ ᠨᠦᠬᠦᠪᠦᠷᠢ ᠤᠯᠭᠤᠨ᠎ᠠ᠃ ᠠᠵᠤ ᠠᠬᠤᠶᠢᠯᠠᠯ  ᠤᠨ ᠠᠵᠢᠯ  ᠠᠴᠠ  ᠪᠠᠨ ᠰᠠᠯᠵᠤ ᠠᠮᠠᠷᠠᠭᠰᠠᠨ ᠠᠵᠢᠯᠲᠠᠨ ᠠᠵᠢᠯᠴᠢᠳ ᠲᠤ  ᠬᠦᠮᠦᠨ ᠪᠤᠯᠭᠠᠨ  ᠳᠤ ᠰᠠᠷ᠎ᠠ ᠪᠦᠷᠢ 100 ᠲᠦᠬᠦᠷᠢᠭ ᠤᠨ ᠠᠮᠢᠲᠤᠷᠠᠯ ᠤᠨ ᠨᠦᠬᠦᠪᠦᠷᠢ ᠨᠡᠮᠡᠭᠳᠡᠭᠦᠯᠦᠨ᠎ᠡ᠃ ᠤᠷᠴᠢᠨ ᠠᠬᠤᠢ ᠶᠢᠨ ᠠᠷᠢᠭᠤᠨ ᠴᠠᠪᠠᠷ  ᠢ ᠬᠠᠮᠠᠭᠠᠯᠠᠭᠴᠢ ᠠᠠᠵᠢᠯᠴᠢᠨ  ᠤ ᠤᠷᠤᠨ ᠰᠠᠭᠤᠴᠠ ᠵᠡᠷᠬᠡ ᠠᠮᠢᠲᠤᠷᠠᠯ  ᠤᠨ ᠨᠦᠬᠦᠴᠡᠯ  ᠢ ᠶᠡᠬᠡᠪᠡᠷ ᠰᠠᠶᠢᠵᠢᠷᠠᠭᠤᠯᠵᠤ᠂ ᠬᠤᠲᠠ ᠶᠢᠨ ᠭᠤᠤᠯ ᠲᠤᠭᠤᠷᠢᠭ ᠎ ᠤᠨ ᠠᠵᠢᠯ ᠤᠨ ᠡᠭᠡᠯᠵᠢᠨ  ᠳᠤ ᠪᠠᠶᠢᠬᠤ  ᠤᠷᠴᠢᠨ ᠠᠬᠤᠢ ᠶᠢᠨ ᠠᠷᠢᠭᠤᠨ ᠴᠠᠪᠠᠷ  ᠢ ᠬᠠᠮᠠᠭᠠᠯᠠᠭᠴᠢ ᠠᠵᠢᠯᠴᠢᠳ ᠲᠤ ᠦᠨ᠎ᠡ ᠲᠦᠯᠦᠪᠦᠷᠢ ᠦᠬᠡᠢ  ᠪᠠᠷ ᠦᠷᠯᠦᠬᠡ  ᠶᠢᠨ ᠬᠤᠭᠤᠯᠠ ᠬᠠᠩᠭᠠᠨ᠎ᠠ᠃ ᠲᠦᠷᠪᠡ  ᠳᠤ᠂ ᠡᠮ ᠡᠮᠨᠡᠯᠬᠡ  ᠎ ᠪᠠᠷ ᠠᠷᠠᠳ  ᠲᠤ ᠬᠠᠷᠠᠭᠠᠯᠵᠠᠯ ᠦᠵᠡᠬᠦᠯᠬᠦ ᠢᠨᠵᠧᠨᠧᠷᠢᠩ  ᠢ ᠭᠡᠷᠡᠭᠵᠢᠬᠦᠯᠦᠨ᠎ᠡ᠃ ᠰᠢᠨ᠎ᠠ ᠮᠠᠯᠵᠢᠬᠤ ᠲᠠᠷᠢᠶᠠᠯᠠᠬᠤ ᠤᠷᠤᠨ  ᠤ ᠬᠤᠷᠰᠢᠭᠰᠠᠨ ᠡᠮᠨᠡᠯᠬᠡ  ᠶᠢᠨ ᠪᠡᠯᠡ ᠴᠤᠭᠯᠠᠭᠤᠯᠬᠤ ᠪᠠᠷᠢᠮᠵᠢᠶ᠎ᠠ  ᠶᠢ 292 ᠲᠦᠬᠦᠷᠢᠭ  ᠎ ᠠᠴᠠ ᠲᠡᠬᠡᠭᠰᠢᠯᠠᠬᠦᠯᠤᠨ 412 ᠲᠦᠬᠦᠷᠢᠭ ᠪᠤᠯᠭᠠᠬᠤ ᠶᠢᠨ ᠬᠠᠮᠲᠤ ᠬᠤᠲᠠ  ᠶᠢᠨ ᠱᠠᠲᠤᠨ ᠤ ᠨᠢᠬᠡᠳᠦᠯᠲᠠᠢ ᠲᠦᠯᠦᠪᠵᠢᠬᠦᠯᠬᠡ  ᠶᠢ ᠪᠡᠶᠡᠯᠡᠬᠦᠯᠦᠨ᠎ᠡ︔ ᠬᠤᠲᠠ ᠪᠠᠯᠭᠠᠰᠣᠨ  ᠤ ᠰᠠᠭᠤᠭᠠᠯᠢ ᠠᠷᠠᠳ ᠎ ᠤᠨ ᠨᠠᠰᠣᠨ  ᠳᠤ ᠬᠦᠷᠦᠭᠰᠡᠳ  ᠤᠨ ᠡᠮᠨᠡᠯᠬᠡ  ᠶᠢᠨ ᠲᠠᠭᠠᠳᠬᠠᠯ  ᠤᠨ ᠪᠡᠯᠡ ᠴᠤᠭᠯᠠᠭᠤᠯᠬᠤ ᠪᠠᠷᠢᠮᠵᠢᠶ᠎ᠠ  ᠶᠢ 310 ᠲᠦᠬᠦᠷᠢᠭ ᠠᠴᠠ ᠲᠡᠬᠡᠭᠰᠢᠯᠠᠬᠦᠯᠤᠨ 500 ᠲᠦᠬᠦᠷᠢᠭ ᠪᠤᠯᠭᠠᠵᠤ᠂ ᠨᠠᠰᠣᠨ  ᠳᠤ ᠦᠯᠦ ᠬᠦᠷᠦᠭᠰᠡᠳ  ᠤᠨ ᠪᠡᠯᠡ ᠴᠤᠭᠯᠠᠭᠤᠯᠬᠤ ᠪᠠᠷᠢᠮᠵᠢᠶ᠎ᠠ ᠶᠢ 190 ᠲᠦᠬᠦᠷᠢᠭ  ᠎ ᠠᠴᠠ ᠲᠡᠬᠡᠭᠰᠢᠯᠠᠬᠦᠯᠤᠨ 280 ᠲᠦᠬᠦᠷᠢᠭ ᠪᠤᠯᠭᠠᠨ᠎ᠠ᠃ ᠦᠨᠳᠦᠰᠦᠨ ᠱᠠᠲᠤᠨ  ᠤ ᠡᠮ ᠡᠮᠨᠡᠯᠬᠡ ᠡᠷᠡᠬᠦᠯ ᠬᠠᠮᠠᠭᠠᠯᠠᠯ  ᠤᠨ ᠰᠠᠭᠤᠷᠢ ᠪᠦᠲᠦᠬᠡᠨ ᠪᠠᠶᠢᠭᠤᠯᠤᠯᠲᠠ  ᠶᠢ ᠴᠢᠩᠭᠠᠳᠬᠠᠵᠤ᠂ ᠨᠢᠬᠡ ᠪᠦᠯᠦᠭ ᠰᠢᠶᠠᠩ ᠪᠠᠯᠭᠠᠰᠣ ︵ᠨᠡᠶᠢᠬᠡᠮ ᠲᠤᠭᠤᠷᠢᠭ︶ ᠎ ᠶᠢᠨ ᠭᠤᠤᠯᠳᠠᠯᠭᠠᠲᠤ ᠡᠷᠡᠬᠦᠯ ᠬᠠᠮᠠᠭᠠᠯᠠᠯ  ᠤᠨ ᠬᠤᠷᠢᠶ᠎ᠠ ︵ᠭᠡᠷ︶ ᠎ ᠶᠢ ᠰᠢᠨ᠎ᠡ  ᠪᠠᠷ ᠪᠤᠶᠤ ᠦᠬᠡᠷᠡᠴᠢᠯᠡᠵᠤ ᠦᠷᠭᠡᠳᠭᠡᠨ ᠪᠠᠶᠢᠭᠤᠯᠤᠨ᠎ᠠ᠃ ᠪᠦᠬᠦ ᠬᠤᠲᠠ  ᠶᠢᠨ 65 ᠪᠦᠬᠦᠯᠢ ᠨᠠᠰᠣᠨ  ᠠᠴᠠ ᠲᠡᠭᠡᠭᠰᠢᠬᠢ ᠨᠠᠰᠣᠳᠠᠶᠢᠴᠣᠳ  ᠲᠤ ᠪᠡᠶ᠎ᠡ ᠶᠢᠨ ᠪᠠᠶᠢᠴᠠᠭᠠᠯᠲᠠ  ᠶᠢ ᠦᠨ᠎ᠡ ᠲᠦᠯᠦᠪᠦᠷᠢ ᠦᠬᠡᠢ  ᠪᠠᠷ ᠬᠢᠵᠤ ᠦᠭᠬᠦᠨ᠎ᠡ᠃ ᠲᠠᠪᠤ ᠳᠤ ᠰᠣᠷᠭᠠᠨ ᠬᠦᠮᠦᠵᠢᠯ ᠢᠶᠠᠷ ᠠᠷᠠᠳ ᠲᠤ ᠬᠠᠷᠠᠭᠠᠯᠵᠠᠯ ᠦᠵᠡᠬᠦᠯᠬᠦ ᠡᠷᠴᠢᠮ  ᠢᠶᠠᠨ ᠴᠢᠩᠭᠠᠷᠠᠭᠤᠯᠤᠨ᠎ᠠ᠃ 15 ᠵᠢᠯ  ᠤᠨ ᠰᠦᠢᠳᠬᠡᠯ ᠬᠤᠷᠢᠶᠠᠬᠤ ᠦᠬᠡᠢ ᠰᠣᠷᠭᠠᠨ ᠬᠦᠮᠦᠵᠢᠯ  ᠢ ᠪᠦᠬᠦ ᠲᠠᠯ᠎ᠠ  ᠪᠠᠷ ᠲᠡᠯᠬᠡᠷᠡᠬᠦᠯᠦᠨ᠎ᠡ᠃ ᠲᠤᠮᠳᠠ ᠵᠡᠷᠭᠡ ᠶᠢᠨ ᠠᠵᠢᠯ ᠮᠡᠷᠭᠡᠵᠢᠯ  ᠤᠨ ᠰᠣᠷᠭᠠᠭᠤᠯᠢ  ᠶᠢᠨ ᠰᠣᠷᠣᠭᠴᠢᠳ ᠲᠤ ᠰᠣᠷᠣᠯᠭ᠎ᠠ  ᠶᠢᠨ ᠲᠡᠳᠭᠦᠮᠵᠢ  ᠶᠢᠨ ᠮᠦᠩᠬᠦ ᠤᠯᠭᠤᠬᠤ ᠲᠦᠷᠢᠮ  ᠢ ᠪᠦᠬᠦ ᠲᠠᠯ᠎ᠠ  ᠪᠠᠷ ᠭᠡᠷᠡᠭᠵᠢᠬᠦᠯᠦᠨ᠎ᠡ᠃ ᠰᠣᠷᠬᠤ ᠨᠠᠰᠣᠨ ᠠᠴᠠ ᠡᠮᠦᠨᠡᠬᠢ ᠰᠤᠷᠭᠠᠨ ᠬᠦᠮᠤᠵᠢᠯ  ᠤᠨ ᠰᠠᠭᠤᠷᠢ ᠪᠦᠲᠦᠬᠡᠨ ᠪᠠᠶᠢᠭᠤᠯᠤᠯᠲᠠ  ᠶᠢ ᠴᠢᠩᠭᠠᠳᠬᠠᠵᠤ᠂ ᠰᠣᠮᠣ ᠰᠢᠶᠠᠩ ᠪᠠᠯᠭᠠᠰᠣ ᠨᠢᠬᠡᠪᠦᠷᠢ ᠳᠤ ᠨᠢᠬᠡ ᠪᠠᠷᠢᠮᠵᠢᠶᠠᠵᠢᠭᠤᠯᠤᠭᠰᠠᠨ ᠠᠯᠪᠠᠨ ᠠᠴᠠ ᠡᠷᠬᠢᠯᠡᠭᠰᠡᠨ ᠬᠡᠤᠭᠡᠳ  ᠤᠨ ᠴᠡᠴᠡᠷᠯᠢᠭ  ᠪᠠᠶᠢᠭᠤᠯᠬᠤ  ᠪᠠᠷ ᠴᠢᠷᠮᠠᠶᠢᠨ᠎ᠠ᠃ ᠬᠡᠤᠭᠡᠳ ᠪᠠᠭᠠᠴᠣᠳ  ᠤᠨ ᠰᠢᠮ᠎ᠡ ᠲᠡᠵᠢᠬᠡᠯᠲᠦ  ᠦᠷᠯᠦᠬᠡᠨ  ᠤ ᠬᠤᠭᠤᠯᠠ  ᠶᠢᠨ ᠢᠨᠵᠧᠨᠧᠷᠢᠩ  ᠢ ᠡᠬᠢᠯᠡᠬᠦᠯᠦᠨ ᠭᠡᠷᠡᠭᠵᠢᠬᠦᠯᠵᠤ᠂ ᠬᠤᠲᠠ ᠬᠤᠰᠢᠭᠤ  ᠬᠤᠶᠠᠷ ᠱᠠᠳᠤᠨ  ᠤ ᠡᠳ᠋ ᠤᠨ ᠵᠠᠰᠠᠭ  ᠠᠴᠠ ᠪᠡᠯᠡ ᠤᠷᠤᠭᠤᠯᠤᠨ ᠠᠩᠬᠠᠳᠤᠭᠠᠷ ᠬᠤᠭᠤᠴᠠᠭ᠎ᠠ 300 ᠰᠤᠷᠭᠠᠭᠤᠯᠢ  ᠶᠢᠨ ᠲᠡᠷᠭᠡ  ᠶᠢ ᠲᠦᠬᠦᠷᠵᠢᠬᠦᠯᠦᠨ᠎ᠡ᠃  ᠬᠤᠲᠠ  ᠶᠢᠨ ᠭᠤᠤᠯ ᠲᠤᠭᠤᠷᠢᠭ ᠤᠨ ᠨᠤᠮ ᠤᠨ ᠲᠡᠯᠬᠡᠬᠦᠷ  ᠲᠤ ᠬᠡᠷ ᠪᠠᠶᠢᠰᠢᠩ  ᠤᠨ ᠲᠦᠷᠢᠶᠡᠰᠦᠨ ᠵᠤᠭᠤᠰ  ᠤᠨ ᠨᠦᠬᠦᠪᠤᠷᠢ ᠤᠯᠭᠤᠨ᠎ᠠ᠃   ᠵᠢᠷᠭᠤᠭ᠎ᠠ  ᠳᠤ ᠨᠡᠶᠢᠬᠡᠮ  ᠤᠨ ᠨᠠᠰᠣᠵᠢᠯ ᠪᠤᠯᠤᠨ ᠠᠰᠠᠷᠠᠮᠵᠢ  ᠶᠢᠨ ᠪᠠᠶᠢᠭᠤᠯᠤᠮᠵᠢ ᠶᠢᠨ ᠪᠦᠲᠦᠬᠡᠨ ᠪᠠᠶᠢᠭᠤᠯᠤᠯᠲᠠ ᠶᠢ ᠴᠢᠩᠭᠠᠳᠬᠠᠨ᠎ᠠ᠃ ᠬᠤᠲᠠ ᠶᠢᠨ ᠱᠠᠲᠤᠨ  ᠤ ᠶᠡᠷᠦᠩᠬᠡᠶᠢᠯᠡᠭᠰᠡᠨ ᠠᠰᠠᠷᠠᠮᠵᠢ  ᠶᠢᠨ ᠬᠦᠷᠢᠶᠡᠯᠡᠩ ᠲᠤᠭᠤᠷᠢᠭ  ᠢ ᠰᠢᠨ᠎ᠠ ᠪᠠᠷ 1 ᠪᠠᠶᠢᠭᠤᠯᠵᠤ᠂ ᠬᠤᠰᠢᠭᠤ ᠲᠤᠭᠤᠷᠢᠭ ᠤᠨ ᠶᠡᠷᠦᠩᠬᠡᠶᠢᠯᠡᠭᠰᠡᠨ ᠠᠰᠠᠷᠠᠮᠵᠢ ᠶᠢᠨ ᠲᠦᠪ  ᠢ 6  ᠪᠠᠶᠢᠭᠤᠯᠵᠤ᠂ 9 ᠭᠤᠤᠯᠳᠠᠯᠭᠠᠳᠤ ᠨᠠᠰᠤᠳᠠᠨ  ᠤ ᠬᠦᠷᠢᠶᠠᠯᠠᠩ  ᠢ ᠦᠬᠡᠷᠡᠴᠢᠯᠠᠨ ᠦᠷᠬᠡᠳᠬᠡᠨ ᠪᠠᠶᠢᠭᠤᠯᠵᠤ  ᠂ ᠨᠡᠶᠢᠬᠡᠮ ᠲᠤᠭᠤᠷᠢᠭ  ᠤᠨ ᠡᠳᠦᠷᠵᠢᠨ ᠬᠠᠷᠠᠭᠠᠯᠵᠠᠬᠤ ᠲᠦᠪ  ᠢ 26 ᠪᠠᠶᠢᠭᠤᠯᠵᠤ᠂ ᠰᠢᠶᠠᠩ ᠪᠠᠯᠭᠠᠰᠣᠨ  ᠤ ᠨᠠᠰᠣᠳᠠᠶᠢᠴᠤᠳ ᠤᠨ ᠨᠡᠶᠢᠲᠡ  ᠶᠢᠨ ᠰᠠᠭᠤᠴᠠ ᠶᠢ 14  ᠪᠠᠶᠢᠭᠤᠯᠤᠨ᠎ᠠ᠃ ᠪᠦᠬᠦ ᠬᠤᠲᠠ  ᠶᠢᠨ 75 ᠪᠦᠬᠦᠯᠢ ᠨᠠᠰᠣᠨ  ᠠᠴᠠ ᠲᠡᠭᠡᠭᠰᠢᠬᠢ ᠨᠠᠰᠣᠳᠠᠶᠢᠴᠤᠳ  ᠲᠤ ᠰᠠᠷ᠎ᠠ ᠪᠤᠯᠭᠠᠨ 100 ᠲᠦᠬᠦᠷᠢᠭ ᠤᠨ ᠠᠮᠢᠲᠤᠷᠠᠯ ᠤᠨ ᠨᠦᠬᠦᠪᠦᠷᠢ ᠤᠯᠭᠤᠵᠤ᠂ ᠡᠬᠦᠨ  ᠳᠤ 80 ᠨᠠᠰᠣᠨ  ᠠᠴᠠ ᠲᠡᠭᠡᠭᠰᠢᠬᠢ ᠨᠠᠰᠣᠳᠠᠶᠢᠴᠤᠳ ᠲᠤ ᠰᠠᠷ᠎ᠠ ᠪᠤᠯᠭᠠᠨ 150 ᠲᠦᠬᠦᠷᠢᠭ  ᠤᠨ ᠨᠦᠬᠦᠪᠦᠷᠢ ᠤᠯᠭᠤᠨ᠎ᠠ᠃ ᠲᠤᠯᠤᠭ᠎ᠠ ᠳᠤ ᠬᠦᠴᠢᠷᠳᠠᠯᠳᠡᠢ ᠤᠯᠠᠨ ᠲᠦᠮᠡᠨ  ᠤ ᠤᠷᠤᠨ ᠰᠠᠭᠤᠴᠠ ᠎ ᠶᠢᠨ ᠠᠰᠠᠭᠤᠳᠠᠯ  ᠢ ᠴᠢᠷᠮᠠᠶᠢᠨ ᠰᠢᠢᠳᠪᠦᠷᠢᠯᠡᠨ᠎ᠡ᠃ ᠡᠯ᠎ᠡ ᠲᠦᠷᠦᠯ ᠤᠨ  ᠪᠠᠲᠤᠯᠠᠭ᠎ᠠ  ᠶᠢᠨ ᠴᠢᠨᠠᠷᠲᠠᠢ ᠤᠷᠤᠨ ᠰᠠᠭᠤᠴᠠ  ᠶᠢ ᠰᠢᠨ᠎ᠠ ᠪᠠᠷ 23513 ᠢᠵᠢ ᠪᠠᠶᠢᠭᠤᠯᠬᠤ ᠪᠤᠶᠤ ᠪᠤᠴᠠᠭᠠᠨ ᠬᠤᠳᠠᠯᠳᠤᠨ ᠠᠪᠴᠤ᠂ ᠮᠠᠯᠵᠢᠬᠤ ᠲᠠᠷᠢᠶᠠᠯᠠᠬᠤ ᠤᠷᠤᠨ  ᠤ ᠨᠤᠷᠡᠬᠤ ᠠᠶᠤᠯᠲᠠᠢ 2000 ᠬᠠᠭᠤᠴᠢᠨ ᠬᠡᠷ ᠪᠠᠶᠢᠰᠢᠩ  ᠢ ᠦᠬᠡᠷᠡᠴᠢᠯᠡᠨ ᠵᠠᠰᠠᠨ᠎ᠠ᠃  ᠨᠠᠢᠮᠠ  ᠳᠤ ᠬᠤᠲᠠ ᠬᠦᠳᠡᠭᠡ  ᠶᠢ ᠨᠢᠬᠡᠳᠦᠯᠲᠠᠢ ᠲᠦᠯᠦᠪᠵᠢᠬᠦᠯᠬᠦ ︽ᠲᠦᠷᠪᠡᠨ ᠨᠢᠬᠡ︾᠎ ᠶᠢᠨ ᠢᠵᠢ ᠪᠦᠷᠢᠳᠦᠭᠰᠡᠨ ᠲᠦᠷᠦ  ᠶᠢᠨ ᠪᠤᠳᠤᠯᠭ᠎ᠠ ᠶᠢ ᠲᠡᠬᠦᠯᠳᠡᠷᠵᠢᠬᠦᠯᠵᠤ᠂ ᠮᠠᠯᠵᠢᠬᠤ ᠲᠠᠷᠢᠶᠠᠯᠠᠬᠤ ᠤᠷᠤᠨ  ᠤ ᠬᠦᠮᠦᠨ ᠠᠮᠠ ᠶᠢ 4.7 ᠲᠦᠮᠡ ᠰᠢᠯᠵᠢᠬᠦᠯᠦᠨ᠎ᠡ᠃ ᠶᠢᠰᠦ  ᠳᠤ ᠶᠠᠳᠠᠭᠤ  ᠶᠢ ᠲᠡᠳᠬᠦᠬᠦ ᠪᠠᠷᠢᠮᠵᠢᠶ᠎ᠠ  ᠶᠢ ᠲᠡᠭᠡᠭᠰᠢᠯᠡᠬᠦᠯᠵᠤ᠂ ᠪᠡᠯᠡ ᠮᠦᠩᠬᠦᠨ  ᠤ ᠤᠷᠤᠭᠤᠯᠤᠯᠲᠠ  ᠪᠠᠨ ᠨᠡᠮᠡᠭᠳᠡᠬᠦᠯᠵᠤ᠂ ᠬᠦᠴᠦ  ᠪᠠᠨ ᠲᠦᠪᠯᠡᠷᠡᠬᠦᠯᠦᠨ ᠪᠠᠬᠢᠯᠡᠯᠲᠡ ᠲᠠᠭᠠᠷᠢᠵᠤ᠂ 4 ᠲᠦᠮᠡᠨ ᠬᠦᠮᠦᠨ  ᠢ ᠲᠤᠭᠳᠠᠭᠤᠨ  ᠢᠶᠠᠷ ᠶᠠᠳᠠᠭᠤ  ᠠᠴᠠ ᠠᠩᠬᠢᠵᠢᠷᠠᠭᠤᠯᠬᠤ  ᠶᠢ ᠪᠡᠶᠡᠯᠡᠬᠦᠯᠦᠨ᠎ᠡ᠃  ᠠᠷᠪᠠ  ᠳᠤ ᠪᠦᠬᠦ ᠬᠤᠲᠠ  ᠶᠢᠨ ᠵᠡᠮᠳᠡᠭ ᠬᠦᠮᠦᠨ  ᠢ ᠬᠠᠪᠰᠤᠷᠤᠨ ᠲᠡᠳᠬᠦᠬᠦ ᠡᠷᠴᠢᠮ  ᠢᠶᠠᠨ ᠴᠢᠩᠭᠠᠷᠠᠭᠤᠯᠤᠨ᠎ᠠ᠃ ᠵᠡᠮᠳᠡᠭᠴᠦᠳ  ᠤᠨ ᠲᠤᠭᠳᠠᠭᠰᠠᠨ ᠲᠤᠭᠠᠨ  ᠤ ᠨᠦᠬᠦᠪᠦᠷᠢ  ᠶᠢ ᠪᠠᠭᠤᠯᠭᠠᠵᠤ᠂ ᠡᠬᠦᠨ ᠳᠤ ᠬᠤᠲᠠ ᠪᠠᠯᠭᠠᠰᠣ ᠪᠤᠯᠤᠨ ᠬᠦᠳᠡᠭᠡ ᠲᠤᠰᠬᠤᠨ  ᠤ ᠨᠢᠬᠡᠳᠦᠭᠡᠷ᠂ ᠬᠤᠶᠠᠳᠤᠭᠠᠷ ᠲᠡᠰ ᠤᠨ ᠵᠡᠮᠳᠡᠭᠴᠦᠳ ᠲᠤ ᠬᠦᠮᠦᠨ ᠪᠦᠷᠢ  ᠳᠤ ᠵᠢᠯ ᠪᠤᠯᠭᠠᠨ 4000 ᠲᠦᠬᠦᠷᠢᠭ ᠪᠤᠯᠤᠨ 3000 ᠲᠦᠬᠦᠷᠢᠭ  ᠎ ᠤᠨ ᠨᠦᠬᠦᠪᠦᠷᠢ ᠤᠯᠭᠤᠨ᠎ᠠ︔  ᠭᠤᠷᠪᠠᠳᠣᠭᠠᠷ᠂ ᠲᠦᠷᠪᠡᠳᠦᠬᠡᠷ ᠲᠡᠰ  ᠤᠨ ᠵᠡᠮᠳᠡᠭᠴᠣᠳ ᠤᠨ ᠲᠤᠳᠤᠷᠠᠬᠢ ᠤᠶᠤᠨ ᠤᠬᠠᠭᠠᠨ ᠤᠢ ᠪᠢᠯᠢᠭ ᠳᠤᠨᠢ  ᠬᠡᠮ ᠲᠠᠢ ᠬᠦᠮᠦᠰ ᠲᠤ 3000 ᠲᠦᠬᠦᠷᠢᠭ  ᠪᠤᠯᠤᠨ 2000 ᠲᠦᠬᠦᠷᠢᠭ  ᠤᠨ ᠨᠦᠬᠦᠪᠦᠷᠢ ᠤᠯᠭᠤᠨ᠎ᠠ᠃ ᠬᠤᠲᠠ  ᠶᠢᠨ ᠵᠡᠮᠳᠡᠭᠴᠣᠳ ᠎ ᠤᠨ ᠡᠷᠡᠬᠦᠯᠵᠢᠯ  ᠤᠨ ᠲᠦᠪ  ᠢ ᠪᠠᠷᠢᠯᠭ᠎ᠠ ᠡᠬᠢᠯᠡᠬᠦᠯᠦᠨ ᠪᠦᠲᠦᠬᠡᠨ ᠪᠠᠶᠢᠭᠤᠯᠤᠨ᠎ᠠ᠃ ᠠᠷᠪᠠᠨ ᠨᠢᠬᠡ  ᠳᠤ ᠬᠤᠲᠠ ᠭᠦᠳᠡᠭᠡ  ᠶᠢᠨ ᠰᠠᠭᠤᠭᠠᠯᠢ ᠠᠷᠠᠳ  ᠤᠨ ᠦᠢᠯᠡᠳᠪᠦᠷᠢᠯᠡᠯ ᠠᠮᠢᠲᠤᠷᠠᠯ ᠤᠨ ᠨᠦᠬᠦᠴᠡᠯ  ᠢ ᠰᠠᠶᠢᠵᠢᠷᠠᠭᠤᠯᠤᠨ᠎ᠠ᠃ ᠭᠠᠴᠠᠭ᠎ᠠ ᠲᠤᠰᠬᠤᠨ  ᠳᠤ ᠨᠡᠪᠳᠡᠷᠡᠬᠦ ᠵᠠᠰᠠᠮᠠᠯ ᠵᠠᠮ  ᠢ 700 ᠺᠢᠯᠤᠮᠧᠲᠷ ᠰᠢᠨ᠎ᠡ  ᠪᠠᠷ ᠪᠤᠶᠤ ᠦᠬᠡᠷᠡᠴᠢᠯᠡᠨ ᠪᠠᠶᠢᠭᠤᠯᠵᠤ᠂ ᠬᠢᠶ᠎ᠠ ᠪᠠᠭᠰᠢ ᠰᠢᠨ᠎ᠡ ᠲᠤᠭᠤᠷᠢᠭ  ᠤᠨ ᠮᠠᠰᠢᠨ ᠲᠡᠷᠭᠡᠨ ᠤ ᠦᠷᠳᠡᠭᠡ ᠶᠢ ᠪᠠᠷᠢᠯᠭ᠎ᠠ ᠡᠬᠢᠯᠡᠬᠦᠯᠦᠨ ᠪᠦᠲᠦᠬᠡᠨ ᠪᠠᠶᠢᠭᠤᠯᠵᠤ᠂ ᠬᠤᠲᠠ  ᠶᠢᠨ ᠭᠤᠤᠯ ᠲᠤᠭᠤᠷᠢᠭ ᠤᠨ ᠨᠡᠶᠢᠲᠡ  ᠶᠢᠨ ᠮᠠᠰᠢᠨ ᠲᠡᠷᠭᠡ ᠶᠢ ᠰᠢᠨ᠎ᠡ  ᠪᠠᠷ 50  ᠨᠡᠮᠡᠭᠳᠡᠬᠦᠯᠦᠨ᠎ᠡ᠃ ᠮᠠᠯᠵᠢᠬᠤ ᠲᠠᠷᠢᠶᠠᠯᠠᠬᠤ ᠤᠷᠤᠨ  ᠤ 4.3 ᠲᠦᠮᠡᠨ ᠬᠦᠮᠦᠨ ᠤ  ᠲᠦᠬᠡᠬᠡᠯ ᠣᠰᠣ  ᠤᠤᠭᠤᠬᠤ᠂ 5 ᠲᠦᠮᠡᠨ ᠡᠷᠦᠬᠡ ᠮᠠᠯᠴᠢᠨ ᠲᠠᠷᠢᠶᠠᠴᠢᠨ ᠤ ᠤᠳᠠᠰᠣᠲᠣ ᠲᠧᠯᠸᠢᠰ ᠰᠣᠨᠢᠷᠬᠠᠬᠤ᠂ 4.5 ᠲᠦᠮᠡᠨ ᠡᠷᠦᠬᠡ ᠮᠠᠯᠴᠢᠨ ᠲᠠᠷᠢᠶᠠᠴᠢᠨ  ᠤ ᠬᠦᠳᠡᠯᠭᠡᠭᠴᠢ ᠬᠦᠴᠦᠨ  ᠤ ᠴᠠᠬᠢᠯᠭᠠᠨ ᠭᠡᠷᠡᠭᠯᠡᠬᠦ ᠠᠰᠠᠭᠤᠳᠠᠯ  ᠢ ᠰᠢᠢᠳᠪᠦᠷᠢᠯᠡᠨ᠎ᠡ᠃ ᠠᠷᠪᠠᠨ ᠬᠤᠶᠠᠷ ᠲᠤ ᠨᠡᠶᠢᠬᠡᠮ  ᠤᠨ ᠬᠠᠮᠢᠶᠠᠷᠤᠯᠲᠠ ᠎ ᠶᠢᠨ ᠰᠠᠭᠤᠷᠢ ᠪᠦᠲᠦᠬᠡᠨ ᠪᠠᠶᠢᠭᠤᠯᠤᠯᠲᠠ  ᠶᠢ ᠴᠢᠩᠭᠠᠳᠬᠠᠨ᠎ᠠ᠃ ᠵᠢᠯ  ᠤᠨ ᠲᠤᠳᠤᠷ᠎ᠠ ᠪᠠᠯᠭᠠᠰᠣ ᠪᠦᠷᠢ  ᠳᠤ ᠰᠤᠷᠤᠯᠴᠠᠯᠭ᠎ᠠ ᠪᠤᠯᠪᠠᠰᠣᠷᠠᠯ᠂ ᠰᠤᠶᠤᠯ ᠪᠡᠶ᠎ᠡ  ᠶᠢᠨ ᠲᠠᠮᠢᠷ  ᠤᠨ ᠬᠦᠳᠡᠯᠬᠡᠬᠡᠨ᠂ ᠵᠦᠷᠢᠴᠡᠯ  ᠢ ᠡᠶᠡᠳᠠᠬᠦᠯᠤᠨ ᠰᠢᠢᠳᠪᠤᠷᠢᠯᠡᠬᠦ᠂ ᠵᠠᠰᠠᠭ  ᠤᠨ ᠶᠠᠪᠤᠳᠠᠯ  ᠤᠨ ᠦᠢᠯᠡᠴᠢᠯᠡᠭᠡ ᠵᠡᠷᠭᠡ  ᠴᠢᠳᠠᠪᠬᠢ ᠶᠢ ᠴᠤᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠢ ᠨᠡᠶᠢᠬᠡᠮ  ᠤᠨ ᠬᠠᠮᠢᠶᠠᠷᠤᠯᠲᠠ  ᠶᠢᠨ ᠦᠢᠯᠡᠴᠢᠯᠡᠬᠡᠨ  ᠤ ᠲᠦᠪ  ᠢ ᠪᠠᠶᠢᠭᠤᠯᠤᠨ᠎ᠠ᠃     ︵ᠲᠦᠷᠪᠡ︶ ᠤᠷᠤᠰᠢᠨ ᠰᠠᠭᠤᠵᠤ ᠠᠵᠢᠯᠯᠠᠬᠤ  ᠳᠤ ᠲᠤᠬᠢᠷᠠᠮᠵᠢᠲᠠᠢ ᠤᠳᠤᠬᠢᠴᠢᠯᠠᠭᠰᠠᠨ ᠬᠤᠲᠠ ᠶᠢ ᠨᠠᠷᠢᠯᠢᠭ ᠢᠶᠠᠷ ᠪᠦᠳᠤᠬᠡᠨ ᠪᠠᠶᠢᠭᠤᠯᠤᠨ᠎ᠠ᠃ ᠬᠤᠲᠠ ᠎ ᠶᠢᠨ ᠪᠦᠲᠦᠬᠡᠨ ᠪᠠᠶᠢᠭᠤᠯᠤᠯᠲᠠ ᠶᠢᠨ ᠭᠤᠤᠯᠳᠠᠯᠭ᠎ᠠ  ᠶᠢ ᠪᠠᠶᠢᠷᠢᠰᠢᠭᠤᠯᠤᠯᠲᠠ ᠶᠢ ᠰᠢᠯᠢᠳᠡᠭᠵᠢᠬᠦᠯᠬᠦ᠂ ᠴᠢᠳᠠᠪᠬᠢ ᠶᠢ ᠲᠡᠬᠦᠯᠳᠡᠷᠵᠢᠬᠦᠯᠬᠦ᠂ ᠤᠨᠴᠠᠯᠢᠭ ᠢ ᠲᠤᠪᠤᠶᠢᠯᠭᠠᠬᠤ᠂ ᠴᠢᠨᠠᠷ ᠲᠡᠰ ᠢ  ᠲᠡᠬᠡᠭᠰᠢᠯᠠᠬᠦᠯᠬᠦ᠂ ᠬᠠᠮᠢᠶᠠᠷᠤᠯᠲᠠ ᠶᠢ ᠴᠢᠩᠭᠠᠳᠬᠠᠬᠤ ᠲᠡᠭᠡᠷ᠎ᠡ ᠲᠠᠯᠪᠢᠵᠤ᠂  ᠬᠤᠳᠠᠵᠢᠭᠤᠯᠤᠯᠲᠠ  ᠶᠢᠨ ᠠᠬᠢᠴᠠ  ᠶᠢ ᠠᠬᠢᠭᠤᠯᠤᠨ᠎ᠠ᠃      ᠬᠤᠲᠠ  ᠶᠢᠨ ᠦᠬᠡᠷᠡᠴᠢᠯᠡᠨ ᠵᠠᠰᠠᠬᠤ ᠪᠦᠲᠦᠬᠡᠨ ᠪᠠᠶᠢᠭᠤᠯᠤᠯᠲᠠ  ᠶᠢ ᠰᠢᠨᠵᠢᠯᠡᠬᠦ ᠤᠬᠠᠭᠠᠨᠴᠢ ᠪᠦᠬᠡᠳ ᠤᠶᠤᠨᠴᠢ  ᠪᠠᠷ ᠠᠬᠢᠭᠤᠯᠤᠨ᠎ᠠ᠃ ᠲᠦᠯᠦᠪᠵᠢᠬᠦᠯᠬᠡ ᠎ ᠶᠢᠨ ᠬᠦᠲᠦᠯᠦᠨ ᠲᠠᠭᠠᠭᠤᠯᠬᠤ ᠦᠢᠯᠡᠳᠦᠯ  ᠢ ᠲᠤᠪᠤᠶᠢᠯᠭᠠᠵᠤ᠂  ᠪᠦᠯᠦᠭᠵᠢᠬᠦᠯᠬᠦ ᠮᠠᠶ᠋ᠢᠭ ᠤᠨ ᠭᠦᠭᠵᠢᠯᠲᠡ  ᠶᠢᠨ ᠱᠠᠭᠠᠷᠳᠠᠯᠭ᠎ᠠ ᠶᠤᠰᠤᠭᠠᠷ᠂ ᠳ᠋ᠦᠩᠱᠧᠩ ᠪᠤᠯᠤᠨ ᠠᠯᠳᠠᠨᠰᠢᠷᠡᠬᠡᠳᠤ ᠬᠢᠶ᠎ᠠ ᠪᠠᠭᠰᠢ ᠰᠢᠨ᠎ᠡ ᠲᠤᠭᠤᠷᠢᠭ ᠢ ᠦᠬᠡᠳᠠ ᠴᠢᠭᠯᠡᠯ ᠢᠶᠠᠷ ᠬᠦᠭᠵᠢᠬᠦᠯᠬᠦ ᠶᠢ ᠠᠬᠢᠭᠤᠯᠵᠤ᠂ ᠠᠯᠳᠠᠨᠰᠢᠷᠡᠭᠡᠲᠦ ᠬᠢᠶ᠎ᠠ ᠪᠠᠭᠰᠢ  ᠶᠢᠨ ᠴᠤᠭᠴᠠᠵᠢᠭᠰᠠᠨ ᠠᠬᠢᠴᠠ  ᠶᠢ ᠪᠦᠬᠦ ᠲᠠᠯ᠎ᠠ  ᠪᠠᠷ ᠲᠦᠷᠭᠡᠳᠭᠡᠨ᠎ᠡ᠃ ᠬᠢᠶ᠎ᠠ ᠪᠠᠭᠰᠢ  ᠪᠤᠯᠤᠨ᠂ ᠠᠯᠳᠠᠨᠰᠢᠷᠡᠬᠡᠲᠦ  ᠶᠢᠨ ᠤᠮᠠᠷᠠᠲᠤ ᠲᠤᠭᠤᠷᠢᠭ᠂ ᠳ᠋ᠦᠩᠱᠧᠩ ᠤᠨ ᠡᠮᠦᠨ᠎ᠡ ᠬᠡᠰᠡᠭ ᠤᠨ ᠠᠮᠢ ᠠᠬᠤᠢ  ᠶᠢᠨ ᠰᠢᠨ᠎ᠡ ᠬᠤᠲᠠ ᠪᠠ ᠤᠷᠳᠤᠰ ᠤᠨ ᠲᠤᠨᠤᠭᠯᠠᠯ ᠦᠢᠯᠡᠳᠬᠦ ᠰᠠᠭᠤᠷᠢᠨ ᠭᠠᠵᠠᠷ᠂ ᠲᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠤᠭᠤᠷᠢᠭ᠂ ᠬᠤᠲᠠ ᠬᠦᠳᠡᠭᠡ  ᠶᠢ ᠨᠢᠬᠡᠳᠦᠯᠲᠠᠢ ᠲᠦᠯᠦᠪᠵᠢᠬᠦᠯᠦᠨ ᠬᠦᠭᠵᠢᠬᠦᠯᠬᠦ ᠵᠢᠱᠢᠶ᠎ᠡ ᠦᠵᠡᠬᠦᠯᠬᠦ ᠲᠤᠭᠤᠷᠢᠭ᠂ ᠠᠯᠳᠠᠨᠰᠢᠷᠡᠭᠡᠲᠦ ᠬᠢᠶ᠎ᠠ ᠪᠠᠭᠰᠢ  ᠶᠢᠨ ᠪᠤᠳᠠᠰ ᠎ ᠤᠨ ᠬᠦᠢᠯᠭᠡᠭᠡᠨ  ᠤ ᠬᠦᠷᠢᠶᠡᠯᠡᠩ ᠲᠤᠭᠤᠷᠢᠭ ᠵᠡᠷᠭᠡ ᠭᠡᠳᠦᠨ ᠲᠤᠮᠤ ᠭᠡᠰᠡᠭ ᠤᠷᠤᠨ  ᠤ ᠰᠠᠭᠤᠷᠢ ᠲᠦᠬᠦᠬᠡᠷᠦᠮᠵᠢ  ᠶᠢᠨ ᠪᠦᠲᠦᠬᠡᠨ ᠪᠠᠶᠢᠭᠤᠯᠤᠯᠲᠠ  ᠶᠢ ᠦᠷᠬᠦᠯᠵᠢᠯᠡᠨ ᠲᠦᠷᠬᠡᠳᠬᠡᠵᠦ᠂ ᠡᠯ᠎ᠡ ᠪᠦᠯᠦᠭᠯᠡᠯ  ᠤᠨ ᠤᠷᠤᠨ ᠵᠠᠢ  ᠎ ᠶᠢ ᠵᠦᠢ ᠵᠤᠬᠢᠰᠲᠠᠢ ᠪᠠᠶᠢᠷᠢᠯᠠᠭᠤᠯᠬᠤ ᠶᠢ ᠪᠡᠶᠡᠯᠡᠬᠦᠯᠵᠤ᠂ ᠠᠵᠤ ᠦᠢᠯᠡᠰ  ᠤᠨ  ᠬᠠᠷᠢᠯᠴᠠᠨ ᠠᠬᠢᠭᠤᠯᠤᠯᠴᠠᠭᠰᠠᠨ ᠬᠦᠭᠵᠢᠯᠲᠡ  ᠶᠢ ᠪᠤᠢ ᠪᠤᠯᠭᠠᠨ᠎ᠠ᠃ ᠬᠤᠰᠢᠭᠤ ᠵᠠᠰᠠᠭ  ᠤᠨ ᠤᠷᠳᠤᠨ ᠤ ᠪᠠᠶᠢᠭ᠎ᠠ ᠭᠠᠵᠠᠷ ᠪᠤᠯᠤᠨ ᠠᠵᠤ ᠦᠢᠯᠡᠰ  ᠤᠨ ᠭᠤᠤᠯᠳᠠᠯᠭ᠎ᠠ ᠲᠠᠢ ᠪᠠᠯᠭᠠᠰᠣ  ᠶᠢᠨ ᠶᠡᠷᠦᠩᠬᠡᠢ ᠲᠦᠯᠦᠪᠵᠢᠬᠦᠯᠬᠡ᠂ ᠡᠵᠡᠮᠰᠢᠯ  ᠤᠨ ᠴᠢᠨᠠᠷᠲᠠᠢ ᠨᠠᠷᠢᠨ ᠲᠦᠯᠦᠪᠵᠢᠬᠦᠯᠬᠡ  ᠶᠢ ᠵᠠᠰᠠᠵᠤ ᠨᠠᠶᠢᠷᠠᠭᠤᠯᠬᠤ ᠠᠵᠢᠯ  ᠢ ᠰᠠᠶᠢᠲᠤᠷ ᠬᠢᠨ᠎ᠡ᠃  ᠬᠦᠮᠦᠨ ᠠᠮᠠ  ᠶᠢᠨ ᠦᠰᠦᠯᠲᠡ ᠪᠤᠯᠤᠨ ᠠᠵᠤ ᠦᠢᠯᠡᠰ  ᠤᠨ ᠬᠦᠭᠵᠢᠯᠲᠡ ᠵᠡᠷᠬᠡ ᠬᠦᠴᠤᠨ ᠵᠦᠢᠯ  ᠢ ᠨᠢᠬᠡᠳᠤᠯᠳᠡᠢ ᠲᠦᠯᠦᠪᠵᠢᠬᠦᠯᠤᠨ ᠪᠤᠳᠤᠯᠬᠢᠯᠠᠵᠤ᠂ ᠲᠤᠮᠳᠠ ᠵᠢᠵᠢᠭ ᠬᠤᠲᠠ ᠪᠠᠯᠭᠠᠰᠣᠨ  ᠤ ᠪᠦᠲᠦᠬᠡᠨ ᠪᠠᠶᠢᠭᠤᠯᠤᠯᠲᠠ  ᠶᠢᠨ ᠪᠠᠭᠳᠠᠭᠠᠮᠵᠢ  ᠶᠢ ᠵᠤᠬᠢᠰᠲᠠᠢ ᠲᠤᠭᠳᠠᠭᠠᠨ᠎ᠠ  ᠃  ᠬᠤᠲᠠ ᠪᠠᠯᠭᠠᠰᠣ ᠬᠢᠭᠡᠳ ᠬᠦᠷᠢᠶᠡᠯᠡᠩ ᠲᠤᠭᠤᠷᠢᠭ  ᠤᠨ ᠪᠦᠲᠦᠬᠡᠨ ᠪᠠᠶᠢᠭᠤᠯᠤᠯᠲᠠ ᠯᠤᠭ᠎ᠠ  ᠶᠢᠨ ᠣᠷᠣᠨ ᠵᠠᠢ  ᠶᠢᠨ ᠪᠠᠶᠢᠷᠢᠯᠠᠭᠤᠯᠤᠯᠳᠠ ᠶᠢᠨ ᠬᠠᠷᠢᠴᠠᠭ᠎ᠠ  ᠶᠢ ᠰᠠᠶᠢᠲᠤᠷ ᠰᠢᠢᠳᠪᠦᠷᠢᠯᠡᠵᠤ᠂ ᠬᠤᠲᠠ ᠪᠠᠯᠭᠠᠰᠣ ᠬᠢᠭᠡᠳ ᠬᠦᠷᠢᠶᠡᠯᠡᠩ ᠲᠤᠭᠤᠷᠢᠭ ᠤᠨ ᠵᠤᠬᠢᠴᠠᠩᠭᠤᠢ ᠬᠦᠭᠵᠢᠯᠲᠡ  ᠶᠢ ᠪᠠᠶᠠᠯᠠᠬᠦᠯᠤᠨ᠎ᠠ᠃ ᠭᠡᠷ ᠪᠠᠶᠢᠰᠢᠩ ᠭᠠᠵᠠᠷ ᠬᠦᠷᠦᠩᠬᠡ  ᠶᠢᠨ ᠵᠠᠬ᠎ᠠ ᠲᠡᠯᠬᠡᠬᠦᠷ  ᠤᠨ ᠲᠤᠬᠢᠷᠠᠭᠤᠯᠭ᠎ᠠ ᠡᠵᠡᠮᠰᠢᠯ ᠤᠨ ᠲᠦᠷᠦ  ᠶᠢᠨ ᠪᠤᠳᠤᠯᠭ᠎ᠠ  ᠎ ᠶᠢ ᠨᠠᠷᠢᠨ ᠬᠢᠨᠠᠮᠠᠭᠠᠢ ᠨᠠᠶᠢᠲᠠᠪᠤᠷᠢᠵᠢᠭᠤᠯᠵᠤ᠂ ᠪᠦᠬᠦ ᠬᠤᠲᠠ ᠢᠯᠠᠩᠭᠤᠶ᠎ᠠ ᠬᠤᠲᠠ  ᠶᠢᠨ ᠭᠤᠤᠯ ᠲᠤᠭᠤᠷᠢᠭ ᠤᠨ ᠭᠡᠷ ᠪᠠᠶᠢᠰᠢᠩ ᠭᠠᠵᠠᠷ ᠬᠦᠷᠦᠩᠬᠡ ᠶᠢᠨ ᠨᠡᠬᠡᠬᠡᠨ ᠬᠦᠭᠵᠢᠬᠦᠯᠬᠦ ᠬᠡᠪᠴᠢᠶ᠎ᠡ  ᠶᠢ ᠲᠤᠬᠢᠷᠠᠮᠵᠢᠲᠠᠢ ᠡᠵᠡᠮᠰᠢᠵᠤ᠂ ᠬᠠᠳᠠᠭᠠᠯᠠᠵᠤ ᠪᠠᠶᠢᠭ᠎ᠠ ᠲᠠᠸᠠᠷ  ᠤᠨ ᠭᠡᠷ ᠪᠠᠶᠢᠰᠢᠩ  ᠤᠨ ᠪᠤᠷᠤᠯᠠᠭᠤᠯᠤᠯᠲᠠ ᠶᠢ ᠲᠦᠷᠭᠡᠳᠭᠡᠵᠤ᠂ ᠭᠡᠷ ᠪᠠᠶᠢᠰᠢᠩ ᠭᠠᠵᠠᠷ ᠬᠦᠷᠦᠩᠬᠡ  ᠶᠢᠨ ᠦᠢᠯᠡᠰ ᠤᠨ ᠡᠷᠡᠬᠦᠯ  ᠎ ᠢᠶᠠᠷ ᠬᠦᠭᠵᠢᠬᠦ  ᠶᠢ  ᠠᠬᠢᠭᠤᠯᠤᠨ᠎ᠠ᠃      ᠬᠤᠲᠠ  ᠶᠢᠨ ᠢᠵᠢ ᠪᠦᠷᠢᠳᠤᠬᠦᠯᠦᠭᠰᠡᠨ ᠦᠢᠯᠡᠴᠢᠯᠡᠬᠡᠨ  ᠤ ᠲᠦᠬᠦᠬᠡᠷᠦᠮᠵᠢ  ᠶᠢ ᠪᠦᠬᠦ ᠲᠠᠯ᠎ᠠ  ᠪᠠᠷ ᠲᠡᠬᠦᠯᠳᠡᠷᠵᠢᠬᠦᠯᠦᠨ᠎ᠡ᠃ ᠬᠤᠲᠠ  ᠶᠢᠨ ᠲᠤᠭᠤᠷᠢᠭ ᠤᠨ ᠪᠡᠶ᠎ᠡ  ᠪᠤᠯᠪᠠᠰᠣᠷᠠᠭᠤᠯᠬᠤ ᠠᠭᠤᠳᠠᠮ ᠲᠠᠯᠠᠪᠤᠷ᠂ ᠴᠡᠴᠡᠷᠯᠢᠭ ᠤᠨ ᠨᠤᠭᠤᠭᠠᠨ ᠭᠠᠵᠠᠷ ᠪᠤᠯᠤᠨ ᠬᠡᠤᠭᠡᠳ  ᠤᠨ ᠴᠡᠴᠡᠷᠯᠢᠭ᠂ ᠡᠷᠡᠬᠦᠯ ᠬᠠᠮᠠᠭᠠᠯᠠᠯ  ᠤᠨ ᠭᠡᠷ᠂ ᠴᠢᠯᠦᠬᠡᠳᠤ ᠲᠡᠯᠭᠡᠭᠦᠷ ᠵᠡᠷᠭᠡ ᠠᠷᠠᠳ ᠲᠤ ᠲᠦᠬᠦᠮ ᠦᠵᠡᠬᠦᠯᠬᠦ ᠦᠢᠯᠡᠴᠢᠯᠡᠬᠡᠨ  ᠤ ᠲᠦᠬᠦᠬᠡᠷᠦᠮᠵᠢ  ᠶᠢ ᠨᠡᠮᠡᠭᠳᠡᠬᠦᠯᠵᠤ᠂ ᠨᠢᠬᠡ ᠪᠦᠯᠦᠭ ᠨᠤᠮ ᠰᠤᠨᠢᠨ ᠰᠡᠳᠬᠦᠯ ᠬᠤᠳᠠᠯᠳᠣᠬᠤ ᠮᠤᠬᠤᠯᠠᠭ᠂ ᠨᠡᠶᠢᠲᠡ  ᠶᠢᠨ ᠳ᠋ᠢᠶᠠᠩᠬᠤᠸᠠ ᠶᠢᠨ ᠮᠤᠬᠤᠯᠠᠭ ᠪᠠ᠂ ᠵᠡᠮᠳᠡᠭᠴᠣᠳ  ᠤᠨ ᠲᠤᠰᠬᠠᠢ ᠬᠡᠷᠡᠭᠯᠡᠬᠡᠨ  ᠤ ᠲᠦᠬᠦᠬᠡᠷᠦᠮᠵᠢ ᠪᠤᠯᠤᠨ ᠲᠡᠷᠭᠡᠨ ᠵᠤᠭᠰᠤᠭᠠᠯ᠂ ᠵᠡᠬᠡᠯᠢ ᠭᠠᠲᠤᠯᠬᠤ ᠱᠠᠲᠤᠲᠤ ᠬᠦᠬᠦᠷᠭᠡ᠂ ᠭᠠᠵᠠᠷ ᠲᠤᠤᠷᠠᠬᠢ ᠵᠠᠮ ᠨᠡᠪᠳᠡᠷᠡᠯᠬᠡ ᠵᠡᠷᠭᠡ ᠲᠦᠬᠦᠭᠡᠷᠦᠮᠵᠢ  ᠶᠢ ᠲᠦᠯᠦᠪᠵᠢᠬᠦᠯᠦᠨ ᠪᠠᠶᠢᠭᠤᠯᠵᠤ᠂ ᠬᠤᠲᠠ ᠶᠢᠨ ᠲᠦᠬᠦᠮ ᠲᠦᠳᠡ ᠴᠢᠨᠠᠷ ᠪᠤᠯᠤᠨ ᠲᠠᠭᠠᠯᠠᠮᠵᠢᠲᠦ ᠬᠡᠮᠵᠢᠶ᠎ᠡ  ᠶᠢ ᠲᠡᠭᠡᠭᠰᠢᠯᠡᠬᠦᠯᠦᠨ᠎ᠡ᠃ ᠳ᠋ᠦᠩᠱᠧᠩ  ᠠᠴᠠ ᠬᠢᠶ᠎ᠠ ᠪᠠᠭᠰᠢ ᠬᠦᠷᠬᠦ ᠵᠠᠮ ᠱᠣᠭᠤᠮ  ᠢ ᠦᠬᠡᠷᠡᠴᠢᠯᠡᠨ ᠦᠷᠬᠡᠳᠬᠡᠨ ᠪᠦᠲᠦᠬᠡᠨ ᠪᠠᠶᠢᠭᠤᠯᠬᠤ᠂ ᠳ᠋ᠦᠩᠱᠧᠩ  ᠠᠴᠠ ᠨᠢᠰᠭᠡᠯ  ᠤᠨ ᠪᠠᠭᠤᠳᠠᠯ ᠬᠦᠷᠬᠦ ᠠᠶᠠᠨᠴᠢᠳ ᠤᠨ ᠵᠦᠬᠡᠬᠡᠪᠦᠷᠢ  ᠶᠢᠨ ᠲᠡᠮᠦᠷ ᠵᠠᠮ᠂ ᠬᠢᠶ᠎ᠠ ᠪᠠᠭᠰᠢ  ᠠᠴᠠ ᠴᠢᠩᠬᠢᠰ  ᠤᠨ ᠤᠩᠭᠤᠨ ᠬᠦᠷᠬᠦ ᠵᠢᠭᠤᠯᠴᠢᠯᠠᠯ  ᠤᠨ ᠲᠤᠰᠬᠠᠢ ᠱᠣᠭᠤᠮ᠂ ᠤᠷᠳᠤᠰ  ᠤᠨ ᠭᠠᠯᠲᠤ ᠲᠡᠷᠭᠡᠨ ᠦᠷᠳᠡᠭᠡ᠂ ᠬᠤᠲᠠ  ᠶᠢᠨ ᠪᠡᠶ᠎ᠡ  ᠶᠢᠨ ᠲᠠᠮᠢᠷ  ᠤᠨ ᠲᠦᠪ᠂ ᠬᠤᠲᠠ  ᠶᠢᠨ ᠲᠦᠯᠦᠪᠵᠢᠬᠦᠯᠬᠡ  ᠶᠢᠨ ᠲᠡᠯᠬᠡᠨ ᠦᠵᠡᠬᠦᠯᠦᠯᠬᠡ  ᠶᠢᠨ ᠤᠷᠳᠤᠨ ᠵᠡᠷᠭᠡ ᠭᠤᠤᠯᠳᠠᠯᠭ᠎ᠠ ᠲᠠᠢ ᠪᠠᠷᠢᠯᠭ᠎ᠠ  ᠶᠢᠨ ᠪᠦᠲᠦᠬᠡᠨ ᠪᠠᠶᠢᠭᠤᠯᠤᠯᠲᠠ  ᠶᠢ ᠲᠦᠷᠭᠡᠳᠭᠡᠵᠤ᠂ ᠬᠠᠳᠣᠨ ᠭᠤᠤᠯ  ᠤᠨ ᠤᠰᠤ  ᠶᠢ ᠲᠠᠳᠠᠨ ᠠᠪᠴᠢᠷᠠᠵᠤ ᠳ᠋ᠦᠩᠱᠧᠩ ᠳᠤ ᠤᠰᠤ ᠬᠠᠩᠭᠠᠬᠤ ᠪᠠᠷᠢᠯᠭ᠎ᠠ  ᠶᠢᠨ ᠲᠠᠭᠠᠯᠲᠠ ᠱᠣᠭᠤᠮ᠂ ᠬᠠᠳᠠᠭᠤ ᠴᠠᠶᠢᠳᠠᠮ  ᠤᠨ ᠣᠰᠣᠨ ᠰᠣᠷᠪᠤᠯᠵᠢ  ᠶᠢᠨ ᠭᠠᠵᠠᠷ᠂ ᠬᠢᠶ᠎ᠠ ᠪᠠᠭᠰᠢ  ᠶᠢᠨ ᠢᠯᠴᠢ ᠴᠠᠬᠢᠯᠭᠠᠨ  ᠤ ᠦᠢᠯᠡᠳᠪᠦᠷᠢ᠂ ᠣᠯᠠᠭᠠᠨᠮᠦ᠋ᠷᠡᠨ  ᠤ 4 ᠳ᠋ᠤᠬᠡᠷ ᠨᠤᠮᠧᠷᠲᠦ ᠬᠦᠬᠦᠷᠭᠡ᠂ ᠠᠯᠳᠠᠨᠰᠢᠷᠡᠭᠡᠲᠦ ᠬᠢᠶ᠎ᠠ ᠪᠠᠭᠰᠢ  ᠶᠢᠨ ᠪᠤᠬᠢᠷ ᠤᠰᠤ  ᠶᠢ ᠰᠢᠢᠳᠪᠦᠷᠢᠯᠡᠬᠦ ᠦᠢᠯᠡᠳᠪᠦᠷᠢ ᠵᠡᠷᠭᠡ ᠪᠠᠷᠢᠯᠭ᠎ᠠ  ᠶᠢ ᠵᠢᠯ  ᠤᠨ ᠲᠤᠳᠤᠷ᠎ᠠ ᠪᠦᠳᠤᠬᠡᠨ ᠪᠠᠶᠢᠭᠤᠯᠵᠤ ᠲᠠᠭᠤᠰᠬᠠᠨ᠎ᠠ᠃ ᠲᠤᠮᠳᠠ ᠵᠢᠵᠢᠭ ᠬᠤᠲᠠ ᠪᠠᠯᠭᠠᠰᠣᠨ ᠤ ᠤᠰᠤ᠂ ᠴᠠᠬᠢᠯᠭᠠᠨ᠂ ᠢᠯᠴᠢ ᠪᠤᠯᠤᠨ ᠭᠡᠢ ᠬᠠᠩᠭᠠᠬᠤ᠂ ᠪᠤᠬᠢᠷᠳᠤᠯ  ᠢ ᠭᠠᠳᠠᠭᠰᠢᠯᠠᠭᠤᠯᠬᠤ ᠵᠡᠷᠭᠡ ᠲᠦᠬᠦᠬᠡᠷᠦᠮᠵᠢ  ᠶᠢ ᠴᠢᠨᠠᠭᠰᠢᠳᠠ ᠲᠡᠭᠦᠯᠳᠡᠷᠵᠢᠬᠦᠯᠵᠤ᠂  ᠲᠤᠮᠳᠠ ᠵᠢᠵᠢᠭ ᠬᠤᠲᠠ ᠪᠠᠯᠭᠠᠰᠣᠨ  ᠤ ᠶᠡᠷᠦᠩᠬᠡᠶᠢᠯᠡᠭᠰᠡᠨ ᠲᠠᠭᠠᠭᠠᠴᠠ ᠶᠢᠨ ᠴᠢᠳᠠᠪᠤᠷᠢ  ᠶᠢ ᠲᠡᠭᠡᠭᠰᠢᠯᠡᠬᠦᠯᠦᠨ᠎ᠡ᠃      ᠬᠤᠲᠠ  ᠶᠢᠨ ᠲᠤᠳᠤᠭᠠᠲᠤ ᠠᠭᠤᠯᠬᠤᠨ ᠪᠠ ᠴᠢᠨᠠᠷ ᠲᠡᠰ  ᠢ ᠲᠠᠰᠣᠷᠠᠯᠲᠠ ᠦᠬᠡᠢ ᠲᠡᠭᠡᠭᠰᠢᠯᠡᠬᠦᠯᠦᠨ᠎ᠡ᠃ ᠮᠠᠨ ᠤ ᠬᠤᠲᠠ  ᠶᠢᠨ ᠤᠷᠤᠨ ᠪᠦᠰᠡ  ᠶᠢᠨ ᠤᠨᠴᠠᠯᠢᠭ ᠪᠤᠯᠤᠨ ᠦᠨᠳᠦᠰᠦᠲᠡᠨ  ᠤ ᠣᠨᠴᠠᠯᠢᠭ ᠲᠤ ᠰᠠᠭᠤᠷᠢᠯᠠᠵᠤ᠂ ᠲᠡᠤᠬᠡ ᠰᠣᠶᠣᠯ ᠪᠤᠯᠤᠨ ᠤᠳᠤ ᠦᠶ᠎ᠡ  ᠶᠢᠨ ᠤᠨᠴᠠᠯᠢᠭ ᠰᠢᠨᠵᠢ ᠲᠠᠢ  ᠠᠭᠤᠰᠠᠯᠴᠠᠭᠤᠯᠤᠨ ᠂ ᠨᠢᠬᠡ ᠪᠦᠯᠦᠭ  ᠰᠤᠶᠤᠯ  ᠤᠨ ᠲᠤᠳᠤᠭᠠᠳᠤ ᠠᠭᠤᠯᠬᠤᠨ ᠪᠠ ᠴᠢᠨᠡᠷ ᠲᠡᠰ ᠲᠠᠢ ᠰᠤᠳᠤᠨ ᠪᠦᠳᠤᠬᠡᠯ  ᠤᠨ ᠢᠨᠵᠧᠨᠧᠷᠢᠩ  ᠢ ᠡᠬᠦᠳᠤᠨ᠎ᠠ᠃ ᠬᠤᠲᠠ  ᠶᠢᠨ ᠲᠤᠭᠤᠷᠢᠭ  ᠤᠨ ᠨᠤᠭᠤᠭᠠᠷᠠᠭᠤᠯᠤᠯᠳᠠ ᠶᠢᠨ ᠪᠠᠷᠢᠯᠭ᠎ᠠ  ᠶᠢ ᠶᠡᠬᠡᠪᠡᠷ ᠠᠬᠢᠭᠤᠯᠵᠤ᠂ 2800 ᠲᠦᠮᠡᠨ ᠲᠡᠭᠰᠢ ᠲᠦᠷᠪᠡᠯᠵᠢᠨ ᠮᠧᠲᠷ ᠤᠨ ᠨᠤᠭᠤᠭᠠᠨ ᠭᠠᠵᠠᠷ  ᠢ ᠰᠢᠨ᠎ᠡ  ᠪᠠᠷ ᠨᠡᠮᠡᠭᠳᠡᠬᠦᠯᠦᠨ᠎ᠡ᠃ ᠲᠤᠬᠠᠢ  ᠶᠢᠨ ᠭᠠᠵᠠᠷ ᠲᠤᠨᠢ ᠲᠤᠬᠢᠷᠠᠭᠰᠠᠨ ᠮᠤᠳᠤᠨ ᠲᠦᠷᠦᠯ  ᠢ ᠲᠠᠷᠢᠬᠤ ᠪᠠ  ᠲᠤᠷᠤᠭ ᠮᠤᠳᠤ᠂ ᠪᠤᠲᠠ ᠮᠤᠳᠤ᠂ ᠡᠪᠡᠰᠦ᠂ ᠬᠤᠸᠠᠷ ᠴᠡᠴᠡᠭ  ᠢ ᠬᠠᠷᠢᠯᠴᠠᠨ ᠤᠶᠠᠯᠳᠤᠭᠤᠯᠬᠤ  ᠶᠢ ᠪᠠᠷᠢᠮᠲᠠᠯᠠᠵᠤ᠂ ᠤᠳᠤ ᠪᠠᠶᠢᠬᠤ ᠴᠡᠴᠡᠷᠯᠢᠭ᠂ ᠨᠤᠭᠤᠭᠠᠨ ᠭᠠᠵᠠᠷ  ᠢ ᠴᠡᠴᠡᠷᠯᠢᠭᠵᠢᠬᠦᠯᠦᠨ ᠦᠬᠡᠷᠡᠴᠢᠯᠡᠨ ᠵᠠᠰᠠᠵᠤ᠂ ᠬᠤᠲᠠ  ᠶᠢᠨ ᠨᠤᠭᠤᠭᠠᠷᠠᠭᠤᠯᠤᠯᠲᠠ  ᠶᠢᠨ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠬᠤᠲᠠ ᠶᠢᠨ ᠭᠤᠤᠯ ᠲᠤᠭᠤᠷᠢᠭ  ᠤᠨ ᠵᠠᠭᠤᠨ ᠲᠦᠮᠡᠨ ᠮᠤ᠋  ᠶᠢᠨ ᠬᠠᠯᠬᠠᠪᠴᠢ ᠤᠢ  ᠶᠢᠨ ᠠᠮᠢ ᠠᠬᠤᠢ ᠶᠢᠨ ᠲᠤᠭᠤᠷᠢᠭ ᠤᠨ ᠪᠦᠲᠦᠬᠡᠨ ᠪᠠᠶᠢᠭᠤᠯᠤᠯᠲᠠ ᠶᠢᠨ ᠪᠠᠷᠢᠯᠭ᠎ᠠ ᠶᠢ ᠡᠬᠢᠯᠡᠬᠦᠯᠦᠨ᠎ᠡ᠃ ᠳ᠋ᠦᠩᠱᠧᠩ ᠤᠨ ︽ᠭᠤᠷᠪᠠᠨ ᠭᠤᠤᠯ ᠭᠤᠷᠪᠠᠨ ᠬᠦᠷᠢᠶᠠᠯᠠᠩ︾᠂ ᠤᠯᠠᠭᠠᠨᠮᠦᠷᠡᠨ ᠭᠤᠤᠯ ᠳᠤ ᠵᠠᠰᠠᠯᠲᠠ ᠬᠢᠬᠦ᠂ ᠵᠡᠬᠦᠨ ᠪᠠᠷᠠᠭᠤᠨ ᠤᠯᠠᠭᠠᠨ ᠨᠠᠭᠤᠷ  ᠤᠨ ᠨᠤᠶᠢᠲᠠᠨ ᠭᠠᠵᠠᠷ  ᠤᠨ ᠴᠡᠴᠡᠷᠯᠢᠭ ᠵᠡᠷᠭᠡ ᠲᠦᠷᠦᠯ ᠵᠦᠢᠯ ᠤᠨ ᠪᠦᠲᠦᠬᠡᠨ ᠪᠠᠶᠢᠭᠤᠯᠤᠯᠲᠠ ᠶᠢᠨ ᠠᠯᠬᠤᠴᠠ  ᠶᠢ ᠲᠦᠷᠭᠡᠳᠭᠡᠵᠤ᠂ ᠬᠤᠲᠠ  ᠶᠢᠨ ᠪᠦᠯᠦᠭᠯᠡᠯ ᠤᠨ ᠬᠤᠭᠤᠷᠤᠨᠲᠦ ᠤᠰᠤᠨ ᠰᠢᠰᠲ᠋ᠧᠮ᠂ ᠨᠤᠭᠤᠭᠠᠷᠠᠭᠤᠯᠤᠯᠲᠠ  ᠶᠢᠨ ᠪᠦᠰᠡ ᠪᠠᠷ ᠲᠤᠭᠤᠷᠢᠯᠠᠭᠤᠯᠤᠨ ᠲᠤᠰᠭᠠᠷᠯᠠᠭᠤᠯᠤᠭᠰᠠᠨ ᠲᠤᠮᠤ ᠠᠮᠢ ᠠᠬᠤᠢ ᠶᠢᠨ ᠪᠦᠲᠦᠴᠡ ᠪᠠᠶᠢᠷᠢᠯᠠᠭᠤᠯᠤᠯᠲᠠ  ᠶᠢ ᠪᠤᠢ ᠪᠤᠯᠭᠠᠨ᠎ᠠ᠃ ᠬᠤᠲᠠ ᠶᠢᠨ ᠬᠡᠷᠡᠯᠳᠤᠬᠦᠯᠬᠡ᠂ ᠭᠤᠶᠤᠵᠢᠭᠤᠯᠤᠯᠲᠠ  ᠶᠢᠨ ᠪᠠᠷᠢᠯᠭ᠎ᠠ ᠶᠢ ᠨᠢᠮᠪᠠᠢ ᠪᠠᠶᠢᠭᠤᠯᠵᠤ᠂ ᠵᠢᠯ  ᠤᠨ ᠲᠤᠳᠤᠷ᠎ᠠ 18 ᠰᠣᠳᠣᠨ ᠵᠡᠬᠡᠯᠢ ᠲᠤᠭᠤᠷᠢᠭ  ᠢ ᠪᠦᠳᠤᠬᠡᠨ ᠪᠠᠶᠢᠭᠤᠯᠤᠨ ᠲᠠᠭᠤᠰᠬᠠᠨ᠎ᠠ  ᠃      ᠬᠤᠲᠠ  ᠶᠢᠨ ᠬᠠᠮᠢᠶᠠᠷᠤᠯᠲᠠ  ᠶᠢᠨ ᠬᠢᠷᠢ ᠲᠦᠪᠰᠢᠨ  ᠢ ᠴᠢᠷᠮᠠᠶᠢᠨ ᠲᠡᠭᠡᠭᠰᠢᠯᠡᠬᠦᠯᠨ᠎ᠡ᠃ ᠲᠤᠭᠠᠴᠠᠯᠠᠭᠰᠠᠨ ᠬᠤᠲᠠ  ᠶᠢᠨ ᠪᠦᠲᠦᠬᠡᠨ ᠪᠠᠶᠢᠭᠤᠯᠤᠯᠲᠠ  ᠶᠢ ᠠᠬᠢᠭᠤᠯᠵᠤ᠂ ᠬᠢᠨᠠᠨ ᠡᠵᠡᠮᠰᠢᠵᠤ ᠬᠤᠷᠢᠶᠠᠨ ᠴᠤᠭᠯᠠᠭᠤᠯᠬᠤ᠂ ᠵᠢᠯᠤᠭᠤᠳᠤᠨ ᠡᠵᠡᠮᠰᠢᠬᠦ ᠪᠠ ᠴᠢᠮᠡᠭᠡ ᠵᠠᠩᠬᠢ  ᠶᠢᠨ ᠦᠢᠯᠡᠴᠢᠯᠡᠭᠡ ᠶᠢ ᠴᠤᠭᠴᠠᠵᠢᠭᠤᠯᠤᠭᠰᠠᠨ ᠬᠤᠲᠠ ᠎ ᠶᠢᠨ ᠤᠶᠤᠨᠴᠢᠯᠠᠭᠰᠠᠨ ᠬᠠᠮᠢᠶᠠᠷᠤᠯᠲᠠ  ᠶᠢᠨ ᠰᠢᠰᠲ᠋ᠧᠮ  ᠢ ᠲᠦᠷᠭᠡᠳᠭᠡᠨ ᠪᠠᠶᠢᠭᠤᠯᠵᠤ᠂ ᠬᠤᠲᠠ  ᠶᠢᠨ ᠭᠤᠤᠯ ᠲᠤᠭᠤᠷᠢᠭ ᠪᠤᠯᠤᠨ ᠡᠯ᠎ᠡ ᠭᠤᠤᠯᠳᠠᠯᠭ᠎ᠠ ᠲᠠᠢ ᠬᠤᠲᠠ ᠪᠠᠯᠭᠠᠰᠣᠨ ᠲᠤᠭᠤᠷᠢᠭ  ᠤᠨ ᠭᠡᠪᠴᠢᠶᠡᠨ ᠳᠤ ᠦᠵᠡᠭᠳᠡᠮᠡᠯ ᠬᠠᠮᠢᠶᠠᠷᠤᠯᠲᠠ ᠶᠢ ᠲᠦᠬᠡᠮᠠᠯᠵᠢᠬᠦᠯᠬᠦ ᠶᠢ ᠪᠡᠶᠡᠯᠡᠬᠦᠯᠦᠨ᠎ᠡ᠃ ᠬᠤᠲᠠ ᠵᠢᠴᠢ ᠪᠠᠯᠭᠠᠰᠣᠨ ᠲᠤᠭᠤᠷᠢᠭ ᠤᠨ ᠡᠷᠬᠢᠨ ᠲᠤᠭᠤᠷᠢᠨ  ᠤ ᠭᠠᠵᠠᠷ ᠤᠷᠤᠨ  ᠤ ᠤᠷᠴᠢᠨ ᠲᠤᠭᠤᠷᠢᠨ  ᠢ ᠶᠡᠷᠦᠩᠬᠡᠶᠢᠯᠡᠨ ᠵᠠᠰᠠᠬᠤ ᠡᠷᠴᠢᠮ  ᠢ ᠴᠢᠩᠭᠠᠷᠠᠭᠤᠯᠵᠤ᠂ ᠨᠢᠬᠡ ᠪᠦᠯᠦᠭ  ᠤᠰᠤ  ᠪᠠᠷ ᠵᠠᠶᠢᠯᠠᠨ ᠤᠬᠢᠶᠠᠬᠤ ᠨᠡᠶᠢᠲᠡ  ᠶᠢᠨ ᠵᠤᠷᠯᠤᠩ᠂ ᠬᠤᠭ  ᠤᠨ ᠬᠠᠶᠢᠷᠴᠠᠭ᠂ ᠪᠤᠬᠢᠷ ᠤᠰᠤ ᠬᠤᠭ ᠯᠠᠭ  ᠢ ᠬᠤᠷᠢᠶᠠᠨ ᠴᠤᠭᠯᠠᠭᠤᠯᠵᠤ ᠰᠢᠯᠵᠢᠬᠦᠯᠦᠨ ᠵᠦᠬᠡᠬᠡᠪᠦᠷᠢᠯᠡᠬᠦ ᠵᠡᠷᠭᠡ ᠤᠷᠴᠢᠨ ᠲᠤᠭᠤᠷᠢᠨ ᠤ ᠡᠷᠡᠬᠦᠯ ᠬᠠᠮᠠᠭᠠᠯᠠᠯ  ᠤᠨ ᠲᠦᠬᠦᠬᠡᠷᠦᠮᠵᠢ  ᠶᠢ ᠨᠡᠮᠡᠨ ᠲᠤᠬᠢᠷᠠᠭᠤᠯᠵᠤ᠂ ᠬᠡᠷ  ᠤᠨ ᠭᠠᠳᠠᠨᠠᠬᠢ ᠵᠠᠷ ᠮᠡᠳᠡᠭᠡ᠂ ᠨᠡᠭᠦᠳᠡᠯ ᠲᠡᠯᠬᠡᠬᠦᠷ ᠴᠡᠭ᠂  ᠪᠠᠷᠢᠯᠭ᠎ᠠ  ᠶᠢᠨ ᠭᠠᠵᠠᠷ᠂ ᠤᠯᠠᠨ ᠨᠠᠶᠢᠳᠠ ᠶᠢᠨ ᠲᠡᠯᠡᠪᠤᠷ ᠭᠠᠵᠠᠷ᠂ ᠵᠢᠵᠢᠭ ᠵᠡᠬᠡᠯᠢ ᠭᠤᠳᠤᠮᠵᠢ ᠵᠡᠷᠭᠡ ᠭᠤᠤᠯᠳᠠᠯᠭ᠎ᠠ ᠲᠠᠢ ᠤᠷᠤᠨ ᠪᠦᠰᠡ ᠶᠢᠨ ᠡᠷᠡᠬᠦᠯ ᠬᠠᠮᠠᠭᠠᠯᠠᠯ ᠤᠷᠴᠢᠨ ᠲᠤᠭᠤᠷᠢᠨ ᠳᠤ ᠲᠤᠰᠬᠠᠢ ᠵᠦᠢᠯ  ᠢᠶᠠᠷ ᠴᠡᠭᠴᠡᠯᠡᠨ ᠵᠠᠰᠠᠯᠳᠠ ᠬᠢᠬᠦ ᠠᠵᠢᠯᠯᠠᠭ᠎ᠠ  ᠶᠢ ᠢᠳᠡᠪᠬᠢᠲᠠᠢ ᠦᠷᠨᠢᠬᠦᠯᠦᠨ᠎ᠡ᠃ ᠨᠡᠶᠢᠬᠡᠮ ᠲᠤᠭᠤᠷᠢᠭ  ᠤᠨ ᠬᠠᠮᠢᠶᠠᠷᠤᠯᠲᠠ  ᠶᠢᠨ ᠦᠢᠯᠡᠴᠢᠯᠡᠬᠡᠨ  ᠤ ᠬᠢᠷᠢ ᠲᠦᠪᠰᠢᠨ  ᠢ ᠲᠠᠰᠣᠷᠠᠯᠲᠠ ᠦᠬᠡᠢ ᠲᠡᠭᠡᠭᠰᠢᠯᠡᠬᠦᠯᠵᠤ᠂  60 ᠪᠠᠷᠢᠮᠵᠢᠶᠠᠵᠢᠭᠤᠯᠤᠭᠰᠠᠨ ᠨᠡᠶᠢᠬᠡᠮ ᠲᠤᠭᠤᠷᠢᠭ ᠤᠨ ᠦᠢᠯᠡᠴᠢᠯᠡᠬᠡᠨ  ᠤ ᠲᠦᠪ  ᠢ ᠰᠢᠨ᠎ᠡ  ᠪᠠᠷ ᠪᠤᠶᠤ ᠦᠬᠡᠷᠡᠴᠢᠯᠡᠵᠤ ᠦᠷᠭᠡᠳᠭᠡᠨ ᠪᠠᠶᠢᠭᠤᠯᠤᠨ᠎ᠠ᠃      ︵ᠲᠠᠪᠤ︶ ᠬᠤᠲᠠ ᠬᠦᠳᠡᠭᠡ  ᠶᠢ ᠨᠢᠬᠡᠳᠦᠯᠲᠠᠢ ᠲᠦᠯᠦᠪᠵᠢᠬᠦᠯᠦᠨ ᠬᠦᠭᠵᠢᠬᠦᠯᠬᠦ ᠠᠯᠬᠤᠴᠠ  ᠶᠢ ᠲᠦᠷᠭᠡᠳᠭᠡᠨ᠎ᠡ᠃ ᠦᠪᠡᠷᠳᠡᠭᠡᠨ ᠵᠠᠰᠠᠬᠤ ᠤᠷᠤᠨ  ᠤ ᠬᠤᠲᠠ ᠬᠦᠳᠡᠭᠡ  ᠎ ᠶᠢ ᠨᠢᠬᠡᠳᠤᠯᠳᠡᠢ  ᠲᠦᠯᠦᠪᠵᠢᠬᠦᠯᠬᠦ ᠶᠡᠷᠦᠩᠬᠡᠶᠢᠯᠡᠭᠰᠡᠨ ᠲᠦᠬᠦᠷᠵᠢᠬᠦᠯᠦᠯᠲᠡ ᠶᠢᠨ ᠲᠤᠷᠰᠢᠯᠲᠠ  ᠶᠢᠨ ᠴᠡᠭ  ᠤᠨ ᠪᠦᠲᠦᠬᠡᠨ ᠪᠠᠶᠢᠭᠤᠯᠤᠯᠲᠠ  ᠶᠢ ᠪᠦᠬᠦ ᠲᠠᠯ᠎ᠠ  ᠪᠠᠷ ᠠᠬᠢᠭᠤᠯᠵᠤ᠂ ᠬᠤᠲᠠ ᠬᠦᠳᠡᠭᠡ  ᠶᠢ ᠴᠤᠭᠴᠠᠵᠢᠭᠤᠯᠤᠨ᠂ ᠤᠷᠤᠨ ᠪᠦᠰᠡ ᠶᠢ ᠨᠢᠬᠡᠳᠦᠯᠲᠠᠢ  ᠲᠦᠯᠦᠪᠵᠢᠬᠦᠯᠵᠤ᠂ ᠵᠤᠬᠢᠴᠠᠩᠭᠤᠢ  ᠪᠠᠷ ᠬᠦᠭᠵᠢᠬᠦᠯᠦᠭᠰᠡᠨ ᠰᠢᠨ᠎ᠡ ᠪᠦᠲᠦᠴᠡ ᠮᠠᠶ᠋ᠢᠭ  ᠢ ᠲᠦᠷᠭᠡᠳᠭᠡᠨ ᠪᠠᠶᠢᠭᠤᠯᠤᠨ᠎ᠠ᠃      ᠰᠢᠨ᠎ᠡ ᠮᠠᠯᠵᠢᠬᠤ ᠲᠠᠷᠢᠶᠠᠯᠠᠬᠤ ᠤᠷᠤᠨ  ᠤ ᠪᠦᠲᠦᠬᠡᠨ ᠪᠠᠶᠢᠭᠤᠯᠤᠯᠲᠠ  ᠶᠢ ᠴᠢᠩᠭᠠᠳᠬᠠᠨ᠎ᠠ᠃ ᠮᠠᠯᠵᠢᠬᠤ ᠲᠠᠷᠢᠶᠠᠯᠠᠬᠤ ᠤᠷᠤᠨ  ᠤ ᠭᠠᠴᠠᠭ᠎ᠠ ᠲᠤᠰᠬᠠᠤᠨ᠂ ᠠᠵᠤ ᠦᠢᠯᠡᠰ ᠪᠤᠯᠤᠨ ᠬᠦᠮᠦᠨ ᠠᠮᠠ ᠶᠢᠨ ᠪᠠᠶᠢᠷᠢᠯᠠᠭᠤᠯᠤᠯᠳᠠ ᠶᠢ ᠴᠢᠨᠠᠭᠰᠢᠲᠠ ᠲᠤᠬᠢᠷᠠᠭᠤᠯᠵᠤ᠂ ᠭᠠᠴᠠᠭ᠎ᠠ ᠲᠤᠰᠬᠤᠨ  ᠢ ᠡᠮᠬᠢᠯᠡᠨ ᠨᠡᠶᠢᠯᠡᠬᠦᠯᠭᠦ ᠠᠵᠢᠯ  ᠢ ᠠᠬᠢᠭᠤᠯᠵᠤ᠂ ᠰᠤᠮᠤ ᠰᠢᠶᠠᠩ ᠪᠠᠯᠭᠠᠰᠣ ᠶᠢᠨ ᠪᠠᠶᠢᠭ᠎ᠠ ᠭᠠᠵᠠᠷ ᠢᠶᠠᠷ ᠭᠤᠤᠯᠳᠠᠯᠭ᠎ᠠ ᠪᠤᠯᠭᠠᠨ᠂ ᠭᠤᠤᠯ ᠰᠠᠭᠤᠭᠠᠯᠢ ᠠᠷᠠᠳ  ᠤᠨ ᠴᠡᠭ  ᠢᠶᠠᠷ ᠲᠤᠯᠭᠠᠭᠤᠷᠢ ᠪᠤᠯᠭᠠᠵᠤ ᠂ ᠡᠩ  ᠤᠨ ᠰᠠᠭᠤᠭᠠᠯᠢ ᠠᠷᠠᠳ  ᠤᠨ ᠴᠡᠭ᠂ ᠲᠠᠷᠬᠠᠢ ᠰᠠᠭᠤᠷᠢᠰᠢᠵᠤ ᠪᠠᠶᠢᠭ᠎ᠠ ᠮᠠᠯᠴᠢᠨ ᠡᠷᠦᠬᠡ ᠪᠠᠷ ᠨᠦᠬᠦᠪᠦᠷᠢ ᠪᠤᠯᠭᠠᠭᠰᠠᠨ ᠭᠤᠷᠪᠠᠨ ᠱᠠᠲᠤᠨ ᠤ ᠭᠠᠴᠠᠭ᠎ᠠ ᠲᠤᠰᠬᠤᠨ  ᠤ ᠪᠦᠲᠦᠴᠡ ᠪᠠᠶᠢᠷᠢᠯᠠᠭᠤᠯᠤᠯᠲᠠ  ᠶᠢ ᠪᠠᠶᠢᠭᠤᠯᠤᠨ᠎ᠠ᠃ ᠨᠢᠬᠡᠨᠳᠡ ᠪᠠᠷᠢᠯᠭ᠎ᠠ ᠡᠬᠢᠯᠡᠭᠰᠡᠨ 21  ᠭᠤᠤᠯᠳᠠᠯᠭᠠᠳᠤ ᠰᠠᠭᠤᠭᠠᠯᠢ ᠠᠷᠠᠳ  ᠤᠨ ᠴᠡᠭ  ᠤᠨ ᠪᠦᠲᠦᠬᠡᠨ ᠪᠠᠶᠢᠭᠤᠯᠤᠯᠲᠠ  ᠶᠢᠨ ᠠᠬᠢᠴᠠ  ᠶᠢ ᠲᠦᠷᠭᠡᠳᠭᠡᠵᠤ᠂ 18 ᠰᠣᠳᠣᠨ ᠨᠡᠬᠦᠳᠡᠯ ᠠᠷᠠᠳ ᠤᠨ ᠵᠢᠵᠢᠭ ᠲᠤᠭᠤᠷᠢᠭ  ᠤᠨ ᠢᠵᠢ ᠪᠦᠷᠢᠳᠦᠭᠰᠡᠨ ᠲᠦᠬᠦᠬᠡᠷᠦᠮᠵᠢ ᠶᠢ ᠪᠦᠬᠦ ᠲᠡᠯ᠎ᠠ ᠪᠠᠷ ᠲᠡᠬᠦᠯᠳᠡᠷᠵᠢᠬᠦᠯᠵᠤ᠂ ᠰᠢᠯᠵᠢᠵᠤ ᠢᠷᠡᠬᠦ ᠮᠠᠯᠴᠢᠨ ᠲᠠᠷᠢᠶᠠᠴᠢᠳ ᠢ ᠲᠦᠷᠭᠡᠭᠡᠨ ᠨᠡᠬᠦᠯᠬᠡᠨ ᠠᠪᠴᠢᠷᠠᠵᠤ ᠰᠠᠭᠤᠯᠭᠠᠨ᠎ᠠ᠃ ᠰᠢᠯᠵᠢᠵᠤ ᠭᠠᠷᠬᠤ ᠮᠠᠯᠴᠢᠨ ᠲᠠᠷᠢᠶᠠᠴᠢᠳ  ᠤᠨ ᠠᠵᠢᠯ ᠤᠯᠭᠤᠯᠲᠠ  ᠶᠢᠨ ᠠᠰᠠᠭᠤᠳᠠᠯ  ᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠤ᠂ ᠠᠵᠢᠯ ᠮᠡᠷᠭᠡᠵᠢᠯ ᠎ ᠤᠨ ᠪᠤᠯᠪᠠᠰᠣᠷᠠᠯ᠂ ᠨᠡᠶᠢᠲᠡ  ᠶᠢᠨ ᠠᠰᠠᠷᠠᠮᠵᠢ  ᠶᠢᠨ ᠴᠢᠨᠠᠷᠲᠠᠢ ᠠᠵᠢᠯ  ᠤᠨ ᠪᠠᠶᠢᠷᠢ ᠭᠠᠷᠭᠠᠬᠤ᠂ ᠠᠵᠤ ᠦᠢᠯᠡᠰ  ᠤᠨ ᠰᠠᠭᠤᠷᠢᠨ ᠭᠠᠵᠠᠷ ᠪᠠᠶᠢᠭᠤᠯᠬᠤ᠂ ᠪᠡᠶ᠎ᠡ ᠎ ᠪᠠᠨ ᠲᠠᠭᠠᠭᠠᠵᠤ ᠠᠳᠠᠯ ᠪᠤᠰᠬᠠᠬᠤ ᠶᠢ ᠲᠡᠮᠵᠢᠬᠦ ᠵᠡᠷᠭᠡ ᠠᠷᠭ᠎ᠠ ᠬᠡᠮᠵᠢᠶ᠎ᠡ ᠠᠪᠬᠤ  ᠪᠠᠷ ᠲᠠᠮᠵᠢᠨ᠂ ᠬᠦᠳᠡᠯᠮᠦᠷᠢᠯᠡᠬᠦ ᠴᠢᠳᠠᠪᠤᠷᠢ ᠲᠠᠢ ᠰᠢᠯᠵᠢᠵᠤ ᠭᠠᠷᠤᠭᠰᠠᠨ ᠮᠠᠯᠴᠢᠨ ᠲᠠᠷᠢᠶᠠᠴᠢᠨ ᠪᠦᠬᠦᠨ  ᠳᠤ ᠲᠤᠭᠳᠠᠭᠤᠨ  ᠢᠶᠠᠷ ᠠᠵᠢᠯ ᠤᠯᠭᠤᠨ᠎ᠠ᠃ ᠮᠠᠯᠵᠢᠬᠤ ᠲᠠᠷᠢᠶᠠᠯᠠᠬᠤ ᠤᠷᠤᠨ ᠤ ᠰᠠᠭᠤᠷᠢ ᠲᠦᠬᠦᠬᠡᠷᠦᠮᠵᠢ  ᠶᠢᠨ ᠪᠦᠲᠦᠬᠡᠨ ᠪᠠᠶᠢᠭᠤᠯᠤᠯᠲᠠ ᠎ ᠶᠢᠨ ᠦᠬᠡᠷᠡᠴᠢᠯᠡᠯᠲᠡ  ᠶᠢᠨ ᠡᠷᠴᠢᠮ ᠢ ᠴᠢᠩᠭᠠᠷᠠᠭᠤᠯᠵᠤ᠂ ᠲᠠᠷᠢᠶᠠᠨ ᠭᠠᠵᠠᠷ ᠣᠰᠣᠨ ᠠᠰᠢᠭᠯᠠᠯᠲᠠ᠂ ᠬᠦᠳᠡᠭᠡ ᠲᠤᠰᠬᠤᠨ  ᠤ ᠵᠠᠮ᠂ ᠠᠶᠤᠯ ᠦᠬᠡᠢ ᠤᠰᠣ ᠣᠮᠳᠠ᠂ ᠴᠠᠬᠢᠯᠭᠠᠨ ᠲᠤᠤᠷ  ᠤᠨ ᠦᠬᠡᠷᠡᠴᠢᠯᠡᠯᠲᠡ᠂ ᠴᠢᠮᠡᠭᠡ ᠨᠡᠪᠳᠡᠷᠯᠡᠭᠡ ᠵᠡᠷᠭᠡ ᠰᠠᠭᠤᠷᠢ ᠲᠦᠬᠦᠬᠡᠷᠦᠮᠵᠢ ᠶᠢᠨ ᠪᠦᠲᠦᠬᠡᠨ ᠪᠠᠶᠢᠭᠤᠯᠤᠯᠲᠠ ᠶᠢ ᠠᠬᠢᠭᠤᠯᠤᠨ᠎ᠠ᠃ ᠲᠤᠰᠬᠤᠨ ᠤ ᠦᠩᠬᠡ ᠲᠦᠷᠰᠦ  ᠶᠢ ᠴᠡᠭᠴᠡᠯᠡᠨ ᠵᠠᠰᠠᠬᠤ ᠠᠵᠢᠯ  ᠢ ᠬᠦᠨᠵᠡᠬᠡᠢ ᠠᠬᠢᠭᠤᠯᠵᠤ᠂ ᠮᠠᠯᠴᠢᠨ ᠲᠠᠷᠢᠶᠠᠴᠢᠳ  ᠤᠨ ᠦᠢᠯᠡᠳᠪᠦᠷᠢᠯᠡᠯ ᠠᠮᠢᠲᠤᠷᠠᠯ ᠤᠨ ᠨᠦᠬᠦᠴᠡᠯ ᠪᠤᠯᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠴᠢᠨᠠᠭᠰᠢᠳᠠ ᠰᠠᠶᠢᠵᠢᠷᠠᠭᠤᠯᠤᠨ᠎ᠠ᠃ ᠤᠳᠤᠭ ᠤᠨ ᠡᠮᠤᠨᠠᠳᠤ ᠬᠤᠰᠢᠭᠤᠨ  ᠤ ᠬᠤᠲᠠ ᠬᠦᠳᠡᠭᠡ ᠎ ᠶᠢ ᠨᠢᠬᠡᠳᠦᠯᠲᠠᠢ ᠲᠦᠯᠦᠪᠵᠢᠬᠦᠯᠬᠦ ᠲᠤᠷᠰᠢᠯᠲᠠ ᠶᠢᠨ ᠴᠡᠭ ᠤᠨ ᠪᠦᠲᠦᠬᠡᠨ ᠪᠠᠶᠢᠭᠤᠯᠤᠯᠲᠠ ᠶᠢ ᠲᠦᠷᠭᠡᠳᠭᠡᠵᠤ᠂ ᠬᠤᠲᠠ ᠶᠢᠨ ᠡᠳ᠋ ᠤᠨ ᠵᠠᠰᠠᠭ  ᠠᠴᠠ 5 ᠳ᠋ᠦᠩᠰᠢᠭᠤᠷ ᠲᠦᠬᠦᠷᠢᠭ ᠤᠨ ᠲᠤᠰᠬᠠᠢ ᠵᠦᠢᠯ ᠤᠨ ᠪᠡᠯᠡ ᠮᠦᠩᠬᠦ ᠲᠤᠬᠢᠷᠠᠭᠤᠯᠤᠨ᠂ ᠤᠳᠤᠭ ᠤᠨ ᠡᠮᠦᠨᠡᠲᠦ ᠬᠤᠰᠢᠭᠤᠨ ᠤ ᠠᠵᠤ ᠦᠢᠯᠡᠰ  ᠤᠨ ᠨᠡᠬᠡᠬᠡᠨ ᠬᠦᠭᠵᠢᠬᠦᠯᠦᠯᠲᠡ᠂ ᠰᠠᠭᠤᠷᠢ ᠲᠦᠬᠦᠬᠡᠷᠦᠮᠵᠢ᠂ ᠨᠠᠬᠦᠯᠬᠡᠨ ᠰᠢᠯᠵᠢᠬᠦᠯᠦᠭᠰᠡᠨ ᠮᠠᠯᠴᠢᠨ  ᠲᠡᠷᠢᠶᠠᠴᠢᠳ ᠤᠨ ᠤᠷᠤᠨ ᠰᠠᠭᠤᠴᠠ᠂ ᠰᠢᠨ᠎ᠡ ᠮᠠᠶ᠋ᠢᠭ  ᠤᠨ ᠭᠠᠴᠠᠭ᠎ᠠ ᠲᠤᠰᠬᠤᠨ ᠵᠡᠷᠭᠡ ᠪᠦᠲᠦᠬᠡᠨ ᠪᠠᠶᠢᠭᠤᠯᠤᠯᠲᠠ  ᠳᠤ ᠲᠦᠪᠯᠡᠷᠡᠬᠦᠯᠦᠨ ᠭᠡᠷᠡᠭᠯᠡᠵᠤ᠂ ᠮᠠᠯᠵᠢᠬᠤ ᠲᠠᠷᠢᠶᠠᠯᠠᠬᠤ ᠤᠷᠤᠨ ᠤ ᠬᠦᠮᠦᠨ ᠠᠮᠠ  ᠶᠢ ᠰᠢᠨ᠎ᠡ  ᠪᠠᠷ 1.2  ᠲᠦᠮᠠ ᠬᠦᠮᠦᠨ ᠰᠢᠯᠵᠢᠬᠦᠯᠦᠨ᠎ᠡ᠃      ᠤᠳᠤ ᠦᠶ᠎ᠠ ᠶᠢᠨ ᠲᠠᠷᠢᠶᠠᠯᠠᠩ ᠮᠠᠯ ᠠᠵᠤ ᠠᠬᠤᠢ ᠶᠢ ᠶᠡᠬᠡᠪᠡᠷ ᠬᠦᠭᠵᠢᠬᠦᠯᠤᠨ᠎ᠠ᠃ ᠤᠳᠤ ᠦᠶ᠎ᠠ ᠶᠢᠨ ᠲᠡᠷᠢᠶᠠᠯᠠᠩ ᠮᠠᠯ ᠠᠵᠤ ᠠᠬᠤᠢ ᠶᠢᠨ ᠬᠦᠭᠵᠢᠯᠳᠠ ᠎ ᠶᠢᠨ ᠲᠦᠯᠦᠪᠵᠢᠬᠦᠯᠬᠡ ᠶᠢ ᠨᠠᠶᠢᠷᠡᠭᠤᠯᠤᠨ ᠵᠤᠬᠢᠶᠠᠵᠤ᠂ ᠤᠳᠤ ᠦᠶ᠎ᠠ ᠶᠢᠨ ᠲᠠᠷᠢᠶᠠᠯᠠᠩ ᠮᠠᠯ ᠠᠵᠤ ᠠᠬᠤᠢ  ᠶᠢ ᠬᠠᠲᠤᠨ ᠭᠤᠤᠯ ᠲᠠᠭᠠᠤ ᠵᠡᠷᠭᠡ ᠲᠠᠪᠠᠭᠤᠯᠢᠭ ᠭᠠᠵᠠᠷ ᠤᠷᠤᠨ ᠵᠦᠭ ᠲᠦᠪᠯᠡᠷᠡᠬᠦᠯᠬᠦ ᠶᠢ ᠠᠬᠢᠭᠤᠯᠵᠤ᠂ ᠰᠢᠨ᠎ᠡ  ᠪᠠᠷ 33 ᠲᠦᠮᠡᠨ ᠮᠤ᠋ ᠶᠢᠨ ᠭᠠᠵᠠᠷ ᠰᠢᠷᠤᠢ  ᠶᠢᠨ ᠬᠡᠪᠴᠢᠶᠠᠵᠢᠭ᠍ᠰᠡᠨ ᠡᠵᠡᠩᠨᠡᠯᠲᠡ  ᠶᠢᠨ ᠲᠠᠯᠠᠪᠠᠢ ᠎ ᠶᠢ ᠨᠡᠮᠡᠭᠳᠡᠬᠦᠯᠵᠤ᠂  2 ᠲᠦᠮᠡᠨ ᠮᠤ᠋ ᠶᠢᠨ ᠲᠦᠬᠦᠬᠡᠷᠦᠮᠵᠢᠲᠦ ᠲᠠᠷᠢᠶᠠᠯᠠᠩ  ᠤᠨ ᠰᠠᠭᠤᠷᠢᠨ ᠭᠠᠵᠠᠷ ᠢ ᠰᠢᠨ᠎ᠡ  ᠪᠠᠷ ᠪᠠᠶᠢᠭᠤᠯᠵᠤ᠂ ᠨᠢᠬᠡ ᠪᠦᠯᠦᠭ ᠣᠳᠣ ᠦᠶ᠎ᠡ ᠎ ᠶᠢᠨ ᠨᠤᠳᠤᠭ ᠪᠡᠯᠴᠢᠬᠡᠷ  ᠤᠨ ᠮᠠᠯ ᠠᠵᠤ ᠠᠬᠤᠢ ᠶᠢᠨ ᠵᠢᠱᠢᠶ᠎ᠡ ᠦᠵᠡᠬᠦᠯᠬᠦ ᠡᠷᠦᠬᠡ  ᠶᠢ ᠬᠦᠭᠵᠢᠬᠦᠯᠵᠤ᠂ 12 ᠲᠦᠮᠡᠨ ᠮᠤ᠋  ᠶᠢᠨ ᠲᠡᠵᠢᠬᠡᠯ ᠡᠪᠡᠰᠦ ᠪᠤᠷᠳᠤᠭᠠᠨ ᠎ ᠤ ᠰᠠᠭᠤᠷᠢᠨ ᠭᠠᠵᠠᠷ  ᠢ ᠲᠦᠬᠦᠷᠵᠢᠬᠦᠯᠦᠨ ᠪᠠᠶᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ  ᠶᠢᠨ ᠪᠦᠲᠦᠴᠡ  ᠳᠤ ᠲᠤᠬᠢᠷᠠᠭᠤᠯᠤᠯᠲᠠ ᠬᠢᠵᠤ᠂ ᠤᠨᠴᠠᠯᠢᠭᠲᠤ ᠲᠠᠷᠢᠮᠠᠯ ᠲᠡᠵᠢᠬᠡᠪᠦᠷᠢ  ᠶᠢᠨ ᠦᠢᠯᠡᠰ  ᠢ ᠶᠡᠬᠡᠪᠡᠷ ᠭᠦᠭᠵᠢᠬᠦᠯᠵᠤ᠂ ᠴᠢᠨᠠᠷ ᠰᠠᠶᠢᠲᠠᠢ ᠲᠠᠷᠢᠶᠠᠯᠠᠩ ᠮᠠᠯ  ᠤᠨ ᠠᠰᠢᠭ ᠰᠢᠮ᠎ᠡ  ᠶᠢᠨ ᠪᠦᠲᠦᠬᠡᠭᠳᠡᠬᠦᠨ  ᠦᠢᠯᠡᠳᠪᠦᠷᠢᠯᠡᠯ ᠎ ᠤᠨ ᠰᠠᠭᠤᠷᠢᠨ ᠭᠠᠵᠠᠷ  ᠢ ᠪᠠᠶᠢᠭᠤᠯᠤᠨ᠎ᠠ᠃ ᠪᠦᠬᠦ ᠬᠤᠲᠠ ᠳᠤ  ᠠᠯᠠᠰᠢᠨ ᠬᠤᠨᠢ ᠢᠮᠠᠭ᠎ᠠ᠂ ᠠᠯᠠᠰᠢᠨ ᠦᠬᠡᠷ᠂ ᠠᠮᠢᠲᠤ ᠭᠠᠭ᠋ᠠᠢ  ᠶᠢᠨ ᠡᠷᠴᠢᠮᠵᠢᠬᠦᠯᠦᠭᠰᠡᠨ ᠲᠡᠵᠢᠬᠡᠪᠦᠷᠢ  ᠶᠢᠨ ᠬᠦᠷᠢᠶᠡᠯᠡᠩ ᠲᠤᠭᠤᠷᠢᠭ  ᠂ 1270 ᠵᠢᠱᠢᠶ᠎ᠡ ᠦᠵᠡᠬᠦᠯᠬᠦ ᠲᠡᠵᠢᠬᠡᠪᠦᠷᠢ ᠶᠢᠨ ᠲᠤᠮᠤ ᠡᠷᠦᠬᠡ  ᠂ 3.5 ᠲᠦᠮᠡᠨ ᠮᠤ᠋ ᠶᠢᠨ ᠦᠨᠳᠦᠷ ᠦᠷ᠎ᠡ ᠠᠰᠢᠭᠲᠤ ᠵᠢᠭᠠᠰᠣᠨ  ᠤ ᠦᠢᠯᠡᠰ  ᠤᠨ ᠲᠡᠵᠢᠬᠡᠪᠦᠷᠢ  ᠶᠢᠨ ᠲᠠᠯᠠᠪᠠᠢ᠂ 8 ᠲᠦᠮᠡᠨ ᠮᠤ᠋  ᠶᠢᠨ ᠴᠢᠨᠠᠷ ᠰᠠᠶᠢᠲᠠᠢ ᠭᠤᠸᠠ ᠵᠢᠮᠢᠰ ᠨᠠᠪᠴᠢ ᠨᠤᠭᠤᠭᠠᠨ  ᠤ ᠰᠠᠭᠤᠷᠢᠨ ᠭᠠᠵᠠᠷ  ᠢ ᠰᠢᠨ᠎ᠠ ᠪᠠᠷ ᠪᠤᠶᠤ ᠦᠷᠬᠡᠳᠬᠡᠨ ᠪᠠᠶᠢᠭᠤᠯᠤᠨ᠎ᠠ᠃ ᠲᠠᠷᠢᠶᠠᠯᠠᠩ ᠮᠠᠯ  ᠤᠨ ᠠᠰᠢᠭ ᠰᠢᠮ᠎ᠡ  ᠶᠢᠨ ᠪᠦᠲᠦᠬᠡᠭᠳᠡᠬᠦᠨ  ᠤ ᠪᠠᠷᠢᠮᠵᠢᠶᠠᠲᠦ ᠦᠢᠯᠡᠳᠪᠦᠷᠢᠯᠡᠯ᠂ ᠬᠦᠨ ᠡᠳ᠋ᠰᠢᠬᠦᠯᠦᠨ ᠪᠤᠯᠪᠠᠰᠣᠷᠠᠭᠤᠯᠬᠤ᠂ ᠰᠢᠷᠢᠰ ᠪᠦᠲᠦᠬᠡᠭᠳᠡᠬᠦᠨ  ᠢ ᠨᠡᠬᠡᠬᠡᠨ ᠬᠦᠭᠵᠢᠬᠦᠯᠬᠦ᠂ ᠬᠤᠪᠢᠷᠠᠭᠤᠯᠤᠨ ᠦᠷᠳᠡᠭ  ᠢ ᠨᠢ ᠨᠡᠮᠡᠭᠳᠡᠬᠦᠯᠬᠦ ᠠᠵᠢᠯ ᠢ ᠠᠬᠢᠭᠤᠯᠵᠤ᠂ ᠤᠷᠤᠨ ᠪᠦᠰᠡ  ᠶᠢᠨ ᠨᠢᠬᠡᠳᠦᠯᠲᠠᠢ ᠨᠡᠷᠡᠲᠦ ᠲᠡᠮᠳᠡᠭ  ᠢ ᠡᠬᠦᠳᠦᠨ᠎ᠡ᠃ ᠵᠠᠬ᠎ᠠ ᠲᠡᠯᠬᠡᠬᠦᠷ ᠤᠨ ᠬᠦᠢᠯᠬᠡᠬᠡᠨ  ᠤ ᠰᠢᠰᠲ᠋ᠧᠮᠵᠢ  ᠶᠢᠨ ᠪᠠᠶᠢᠭᠤᠯᠤᠯᠲᠠ ᠎ ᠶᠢ ᠴᠢᠩᠭᠠᠳᠬᠠᠵᠤ᠂ 1 ᠲᠤᠮᠤ ᠭᠡᠯᠪᠡᠷᠢ  ᠶᠢᠨ ᠠᠮᠢᠲᠤ ᠮᠠᠯ  ᠤᠨ ᠠᠷᠠᠯᠵᠢᠶᠠᠨ  ᠤ ᠵᠠᠬ᠎ᠠ ᠲᠡᠯᠬᠡᠬᠦᠷ  ᠂  10 ᠲᠤᠮᠤ ᠬᠡᠯᠪᠡᠷᠢ  ᠶᠢᠨ ᠲᠠᠷᠢᠶᠠᠯᠠᠩ  ᠮᠠᠯ  ᠤᠨ ᠠᠰᠢᠭ ᠰᠢᠮ᠎ᠡ ᠶᠢ ᠪᠦᠲᠦᠬᠡᠭᠳᠡᠬᠦᠨ  ᠢ ᠬᠦᠮᠦᠷᠭᠡᠯᠡᠨ ᠬᠠᠳᠠᠭᠠᠯᠠᠬᠤ ᠪᠤᠳᠠᠰ  ᠤᠨ ᠬᠦᠢᠯᠬᠡᠬᠡᠨ ᠤ ᠲᠦᠪ  ᠢ ᠪᠠᠶᠢᠭᠤᠯᠵᠤ᠂ ᠲᠠᠷᠢᠶᠠᠯᠠᠩ ᠮᠠᠯ  ᠤᠨ ᠠᠰᠢᠭ ᠰᠢᠮ᠎ᠡ ᠎ ᠶᠢᠨ ᠪᠦᠲᠦᠭᠡᠭᠳᠡᠬᠦᠨ ᠢ ᠬᠤᠳᠠᠯᠳᠤᠬᠤ  ᠳᠤ ᠬᠦᠴᠢᠷ ᠪᠠᠶᠢᠬᠤ ᠠᠰᠠᠭᠤᠳᠠᠯ ᠢ ᠦᠨᠡᠨᠬᠦ ᠰᠢᠢᠳᠪᠦᠷᠢᠯᠡᠨ᠎ᠡ᠃     ᠶᠠᠳᠠᠭᠤ  ᠶᠢ ᠲᠡᠳᠭᠦᠵᠤ ᠨᠡᠬᠡᠬᠡᠯᠲᠡ ᠬᠢᠬᠦ ᠡᠷᠴᠢᠮ  ᠢᠶᠠᠨ ᠦᠨᠡᠨᠬᠦ ᠴᠢᠩᠭᠠᠷᠠᠭᠤᠯᠤᠨ᠎ᠠ᠃ ᠶᠠᠳᠠᠭᠤ  ᠶᠢ ᠲᠡᠳᠬᠦᠬᠦ ᠠᠵᠢᠯ  ᠢ ᠠᠷᠠᠳ  ᠤᠨ ᠠᠮᠢᠲᠤᠷᠠᠯ  ᠤᠨ ᠲᠡᠷᠢᠬᠦᠨ ᠴᠢᠬᠤᠯᠠ ᠢᠨᠵᠧᠨᠧᠷᠢᠩ ᠪᠤᠯᠭᠠᠵᠤ᠂ ᠰᠢᠨ᠎ᠡ ᠨᠢᠬᠡᠨ ᠡᠬᠡᠯᠵᠢ  ᠶᠢᠨ ᠶᠠᠳᠠᠭᠤ  ᠶᠢ ᠲᠡᠳᠭᠦᠵᠤ ᠨᠡᠬᠡᠬᠡᠯᠲᠡ ᠬᠢᠬᠦ ᠠᠵᠢᠯ  ᠢ ᠪᠦᠬᠦ ᠲᠠᠯ᠎ᠠ  ᠪᠠᠷ  ᠡᠬᠢᠯᠠᠬᠦᠯᠤᠨ᠎ᠠ᠃ ᠶᠠᠳᠠᠭᠤ  ᠶᠢ ᠲᠡᠳᠬᠦᠵᠤ ᠨᠡᠬᠡᠬᠡᠯᠲᠡ ᠬᠢᠬᠦ ᠠᠵᠢᠯ  ᠢ ᠤᠲᠤ ᠦᠶ᠎ᠡ  ᠶᠢᠨ ᠲᠠᠷᠢᠶᠠᠯᠠᠩ ᠮᠠᠯ ᠠᠵᠤ ᠠᠬᠤᠢ ᠶᠢ ᠬᠦᠭᠵᠢᠬᠦᠯᠬᠦ  ᠎ ᠯᠦᠭᠡ ᠬᠠᠷᠢᠯᠴᠠᠨ ᠤᠶᠠᠯᠳᠤᠭᠤᠯᠬᠤ  ᠶᠢ ᠪᠠᠷᠢᠮᠲᠠᠯᠠᠵᠤ᠂ ᠭᠠᠵᠠᠷ ᠤᠷᠤᠨ ᠳᠤᠨᠢ ᠲᠤᠬᠢᠷᠠᠭᠤᠯᠤᠨ ᠲᠠᠪᠠᠭᠤᠯᠢᠭ ᠤᠨᠴᠠᠯᠢᠭᠲᠤ ᠠᠵᠤ ᠦᠢᠯᠡᠰ  ᠢ ᠪᠤᠶᠢᠵᠢᠭᠤᠯᠤᠨ ᠬᠦᠭᠵᠢᠬᠦᠯᠵᠤ᠂  ᠬᠦᠴᠢᠷᠳᠡᠯᠳᠡᠢ ᠮᠠᠯᠴᠢᠨ ᠲᠠᠷᠢᠶᠠᠴᠢᠳ  ᠤᠨ ᠦᠢᠯᠡᠳᠪᠦᠷᠢᠯᠡᠯ ᠡᠵᠡᠩᠨᠡᠯᠲᠡ  ᠶᠢᠨ ᠴᠢᠨᠠᠷᠲᠠᠢ ᠤᠷᠤᠯᠭ᠎ᠠ  ᠶᠢ ᠲᠤᠭᠳᠠᠭᠤᠨ  ᠢᠶᠠᠷ ᠨᠡᠮᠡᠭᠳᠡᠬᠦᠯᠦᠨ᠎ᠡ᠃ ᠪᠦᠬᠦᠯᠢ ᠲᠤᠰᠬᠤᠨ ᠢᠶᠠᠷ ᠶᠠᠳᠠᠭᠤ  ᠶᠢ ᠲᠡᠳᠬᠦᠵᠤ ᠨᠡᠭᠡᠭᠡᠯᠲᠡ ᠬᠢᠬᠦ ᠢᠨᠵᠧᠨᠧᠷᠢᠩ  ᠢ ᠭᠡᠷᠡᠭᠵᠢᠬᠦᠯᠵᠤ᠂ ᠡᠯ᠎ᠡ ᠲᠦᠷᠦᠯ  ᠤᠨ ᠮᠠᠯ ᠲᠠᠷᠢᠶᠠᠯᠠᠩ  ᠳᠤ ᠬᠤᠯᠪᠤᠭᠳᠠᠬᠤ ᠪᠡᠯᠡ ᠮᠦᠩᠬᠦ ᠪᠤᠯᠤᠨ ᠨᠡᠶᠢᠬᠡᠮ  ᠤᠨ ᠲᠤᠰᠠᠯᠠᠮᠵᠢ  ᠶᠢᠨ ᠪᠡᠯᠡ ᠮᠦᠩᠬᠦ  ᠶᠢ ᠡᠮᠬᠢᠯᠡᠨ ᠨᠡᠶᠢᠯᠡᠬᠦᠯᠵᠤ᠂ ᠬᠦᠭᠵᠢᠬᠦᠯᠬᠦ ᠨᠦᠬᠦᠴᠡᠯ  ᠢ ᠪᠦᠷᠢᠯᠳᠦᠬᠦᠯᠦᠭᠰᠡᠨ ᠶᠠᠳᠠᠭᠤ  ᠬᠦᠴᠢᠷᠳᠠᠯᠳᠡᠢ ᠭᠠᠴᠠᠭ᠎ᠠ ᠲᠤᠰᠬᠤᠨ  ᠳᠤ ᠲᠦᠪᠯᠡᠷᠡᠩᠬᠦᠢ  ᠪᠠᠷ ᠪᠡᠯᠡ ᠤᠷᠤᠭᠤᠯᠤᠨ᠂ ᠪᠦᠬᠦᠯᠢ ᠲᠤᠰᠬᠤᠨ ᠢᠶᠠᠷ ᠶᠠᠳᠠᠭᠤ  ᠠᠴᠠ ᠠᠩᠬᠢᠵᠢᠷᠠᠭᠤᠯᠬᠤ ᠶᠢ ᠪᠡᠶᠡᠯᠡᠬᠦᠯᠦᠨ᠎ᠡ᠃ ᠨᠡᠬᠡᠬᠡᠨ ᠬᠦᠭᠵᠢᠬᠦᠯᠬᠦ  ᠶᠢ ᠴᠠᠭᠠᠵᠠᠯᠠᠭᠰᠠᠨ ᠤᠷᠤᠨ  ᠤ  ᠬᠦᠴᠢᠷᠳᠠᠯᠳᠡᠢ ᠭᠠᠴᠠᠭ᠎ᠠ ᠲᠤᠰᠬᠤᠨ  ᠢ ᠠᠭᠠᠵᠢᠮ ᠢᠶᠠᠷ ᠪᠦᠬᠦᠯᠢ  ᠴᠤᠭᠴᠠ ᠪᠠᠷ ᠨᠡᠬᠦᠯᠬᠡᠨ ᠰᠢᠯᠵᠢᠬᠦᠯᠵᠤ᠂  ᠬᠦᠴᠢᠷᠳᠠᠯᠳᠡᠢ ᠮᠠᠯᠴᠢᠨ ᠲᠠᠷᠢᠶᠠᠴᠢᠳ  ᠢ ᠲᠡᠮᠵᠢᠨ ᠬᠤᠲᠠ ᠪᠠᠯᠭᠠᠰᠣ ᠪᠤᠯᠤᠨ ᠬᠤᠶᠠᠳᠣᠭᠠᠷ ᠭᠤᠷᠪᠠᠳᠣᠭᠠᠷ ᠠᠵᠤ ᠦᠢᠯᠡᠰ ᠵᠦᠭ  ᠰᠢᠯᠵᠢᠬᠦᠯᠵᠤ᠂ ᠲᠡᠳᠠᠨᠠᠷ  ᠤᠨ ᠪᠤᠯᠪᠠᠰᠣᠷᠠᠯ ᠬᠦᠷᠳᠡᠵᠤ ᠠᠵᠢᠯ ᠤᠯᠬᠤ᠂ ᠤᠷᠤᠨ ᠰᠠᠭᠤᠴᠠ᠂  ᠨᠡᠶᠢᠬᠡᠮ  ᠤᠨ ᠪᠠᠲᠤᠯᠠᠭ᠎ᠠ᠂ ᠦᠷ᠎ᠡ ᠬᠡᠤᠭᠡᠳ  ᠤᠨ ᠰᠣᠷᠭᠠᠭᠤᠯᠢ ᠎ ᠳᠤ ᠰᠠᠭᠤᠬᠤ  ᠵᠡᠷᠭᠡ ᠠᠰᠠᠭᠤᠳᠠᠯ  ᠢ ᠲᠤᠬᠢᠲᠠᠢ ᠰᠢᠢᠳᠪᠦᠷᠢᠯᠡᠵᠤ᠂ ᠡᠳᠡᠭᠡᠷ ᠬᠦᠮᠦᠰ ᠢ ᠰᠢᠯᠵᠢᠬᠦᠯᠤᠨ ᠭᠠᠷᠭᠠᠨ ᠲᠤᠭᠳᠠᠪᠤᠷᠢᠵᠢᠭᠤᠯᠬᠤ ᠪᠠ ᠪᠠᠶᠠᠵᠢᠭᠤᠯᠬᠤ  ᠶᠢ ᠦᠨᠡᠨᠬᠦ  ᠪᠠᠳᠤᠯᠠᠨ᠎ᠠ᠃ ᠬᠦᠴᠢᠷᠳᠠᠯᠳᠡᠢ ᠬᠡᠷ ᠪᠦᠯᠢ ᠶᠢᠨ ᠶᠡᠭᠡ ᠰᠣᠷᠭᠠᠭᠤᠯᠢ  ᠶᠢᠨ ᠤᠶᠤᠳᠠᠳ  ᠢ ᠲᠦᠪᠬᠢᠨᠡᠬᠦᠯᠦᠨ ᠠᠵᠢᠯ ᠤᠯᠭᠤᠬᠤ ᠡᠷᠴᠢᠮ  ᠢ ᠴᠢᠩᠭᠠᠳᠬᠠᠵᠤ ᠂ ᠪᠦᠬᠦᠳᠠ ᠳᠤᠨᠢ ᠠᠵᠢᠯ ᠤᠯᠭᠤᠬᠤ  ᠶᠢ ᠦᠨᠡᠨᠬᠦ ᠪᠠᠲᠤᠯᠠᠨ᠎ᠠ᠃ ᠭᠤᠤᠯᠳᠠᠯᠭ᠎ᠠ ᠲᠠᠢ ᠪᠠᠷ ᠰᠢᠪᠲᠤᠯᠤᠯᠲᠠ ᠬᠢᠬᠦ  ᠶᠢ ᠪᠠᠷᠢᠮᠲᠠᠯᠠᠵᠤ᠂ ᠬᠠᠩᠬᠢᠨ ᠬᠤᠰᠢᠭᠤ ᠪᠦᠬᠦ ᠬᠤᠲᠠ ᠶᠢᠨ ᠶᠠᠳᠠᠭᠤ  ᠶᠢ ᠲᠡᠳᠬᠦᠵᠤ ᠨᠡᠭᠡᠭᠡᠯᠲᠡ ᠬᠢᠬᠦ ᠵᠢᠱᠢᠶ᠎ᠡ ᠦᠵᠡᠬᠦᠯᠬᠦ ᠤᠷᠤᠨ ᠪᠤᠯᠤᠭᠰᠠᠨ  ᠤ ᠬᠤᠪᠢ ᠳᠤ᠂ ᠬᠤᠲᠠ  ᠶᠢᠨ ᠡᠳ᠋  ᠤᠨ ᠵᠠᠰᠠᠭ  ᠠᠴᠠ 4 ᠳ᠋ᠦᠩᠰᠢᠭᠤᠷ ᠲᠦᠬᠦᠷᠢᠭ  ᠤᠨ ᠲᠤᠰᠬᠠᠢ ᠵᠦᠢᠯ ᠤᠨ ᠪᠡᠯᠡ ᠮᠦᠩᠬᠦ ᠲᠤᠬᠢᠷᠠᠭᠤᠯᠤᠨ᠂ ᠬᠠᠩᠬᠢᠨ ᠬᠤᠰᠢᠭᠤᠨ  ᠤ ᠶᠠᠳᠠᠭᠤ  ᠶᠢ ᠲᠡᠳᠬᠦᠵᠤ ᠨᠡᠭᠡᠭᠡᠯᠲᠡ ᠬᠢᠬᠦ ᠠᠵᠢᠯ ᠎ ᠳᠤ ᠲᠦᠪᠯᠡᠷᠡᠬᠦᠯᠦᠨ ᠬᠡᠷᠡᠭᠯᠡᠵᠤ᠂ ᠬᠠᠩᠬᠢᠨ ᠬᠤᠰᠢᠭᠤᠨ  ᠤ ᠶᠠᠳᠠᠭᠤ ᠬᠦᠴᠢᠷᠳᠠᠯᠳᠡᠢ ᠭᠠᠵᠠᠷ ᠤᠷᠤᠨ ᠤ ᠶᠠᠳᠠᠭᠤ  ᠠᠴᠠ ᠠᠩᠬᠢᠵᠢᠷᠠᠨ ᠪᠠᠶᠠᠵᠢᠯ ᠤᠨ ᠵᠠᠮ  ᠳᠠᠭᠠᠨ ᠤᠷᠤᠬᠤ ᠠᠬᠢᠴᠠ  ᠶᠢ ᠪᠦᠬᠦ ᠲᠠᠯ᠎ᠠ  ᠪᠠᠷ ᠲᠦᠷᠭᠡᠳᠬᠡᠨ᠎ᠡ᠃      ᠨᠢᠬᠡᠳᠦᠯᠲᠠᠢ ᠲᠦᠯᠦᠪᠵᠢᠬᠦᠯᠦᠨ ᠬᠦᠭᠵᠢᠬᠦᠯᠬᠦ  ᠪᠠᠶᠢᠭᠤᠯᠤᠯ  ᠤᠨ ᠲᠤᠭᠳᠠᠴᠠ  ᠶᠢᠨ ᠰᠢᠨ᠎ᠡ  ᠶᠢ ᠡᠬᠦᠳᠦᠨ᠎ᠡ᠃ ᠭᠠᠵᠠᠷ ᠰᠢᠷᠤᠢ ᠨᠤᠳᠤᠭ ᠪᠡᠯᠴᠢᠭᠡᠷ  ᠤᠨ ᠡᠵᠡᠩᠨᠡᠯᠲᠡ  ᠶᠢᠨ ᠲᠦᠷᠢᠮ  ᠤᠨ ᠦᠬᠡᠷᠡᠴᠢᠯᠡᠯᠲᠡ  ᠶᠢ ᠬᠦᠨᠵᠡᠬᠡᠶᠢᠷᠡᠬᠦᠯᠵᠤ᠂ ᠮᠠᠯᠴᠢᠨ ᠲᠡᠷᠢᠶᠠᠴᠢᠳ  ᠢ ᠵᠤᠷᠢᠭᠵᠢᠭᠤᠯᠤᠨ ᠲᠦᠷᠢᠶᠡᠰᠦᠯᠡᠬᠦᠯᠬᠦ᠂ ᠬᠤᠪᠢ ᠤᠷᠤᠭᠤᠯᠬᠤ᠂ ᠬᠤᠪᠢᠷᠠᠭᠤᠯᠬᠤ  ᠵᠡᠷᠭᠡ ᠠᠷᠭ᠎ᠠ ᠮᠠᠶ᠋ᠢᠭ  ᠢᠶᠠᠷ ᠭᠠᠵᠠᠷ ᠰᠢᠷᠤᠢ ᠪᠠ ᠨᠤᠳᠤᠭ ᠪᠡᠯᠴᠢᠭᠡᠷ  ᠎ ᠤᠨ ᠡᠷᠴᠢᠮᠵᠢᠭᠰᠡᠨ᠂ ᠬᠡᠪᠴᠢᠶᠠᠵᠢᠭ᠍ᠰᠡᠨ ᠡᠵᠡᠩᠨᠡᠯᠲᠡ  ᠳᠤ  ᠤᠷᠤᠯᠴᠠᠭᠤᠯᠤᠨ᠎ᠠ᠃ ᠮᠠᠯᠵᠢᠬᠤ ᠲᠠᠷᠢᠶᠠᠯᠠᠬᠤ ᠤᠷᠤᠨ  ᠤ ᠭᠠᠵᠠᠷ ᠰᠢᠷᠤᠢ ᠶᠢᠨ ᠡᠷᠬᠡ ᠶᠢ ᠵᠦᠪᠰᠢᠶᠠᠷᠡᠨ ᠲᠡᠩᠰᠠᠯᠠᠬᠤ ᠪᠤᠯᠤᠨ ᠦᠨᠡᠮᠯᠡᠯ ᠤᠯᠭᠤᠬᠤ ᠠᠵᠢᠯ  ᠢ ᠦᠷᠨᠢᠬᠦᠯᠵᠤ᠂ ᠮᠠᠯᠵᠢᠬᠤ ᠲᠠᠷᠢᠶᠠᠯᠠᠬᠤ ᠤᠷᠤᠨ  ᠤ  ᠭᠠᠵᠠᠷ ᠰᠢᠷᠤᠢ  ᠶᠢᠨ ᠡᠵᠡᠩᠨᠡᠯᠲᠡ  ᠶᠢᠨ ᠡᠷᠭᠡ ᠪᠤᠯᠤᠨ ᠤᠷᠤᠨ ᠰᠠᠭᠤᠴᠠ ᠶᠢ ᠪᠠᠷᠢᠴᠠᠭᠠᠯᠠᠭᠰᠠᠨ ᠵᠢᠬᠡᠯᠡᠯᠬᠡ ᠵᠡᠷᠭᠡ ᠪᠠᠶᠢᠭᠤᠯᠤᠯ  ᠤᠨ ᠦᠬᠡᠷᠡᠴᠢᠯᠡᠯᠲᠡ  ᠶᠢ ᠠᠬᠢᠭᠤᠯᠵᠤ᠂ ᠬᠠᠮᠲᠤ  ᠶᠢᠨ ᠤᠢ ᠮᠤᠳᠤᠨ  ᠤ ᠡᠷᠭᠡ  ᠶᠢᠨ ᠲᠦᠷᠢᠮ  ᠤᠨ ᠦᠬᠡᠷᠡᠴᠢᠯᠡᠯᠲᠡ  ᠶᠢᠨ ᠡᠬᠦᠷᠭᠡ  ᠶᠢ  ᠪᠡᠶᠡᠯᠡᠬᠦᠯᠦᠨ᠎ᠡ᠃ ᠬᠤᠲᠠ ᠬᠦᠳᠡᠭᠡ  ᠶᠢᠨ ᠴᠤᠭᠴᠠᠵᠢᠭᠰᠠᠨ ᠡᠷᠦᠬᠡ ᠠᠮᠠ ᠶᠢᠨ ᠬᠠᠮᠢᠶᠠᠷᠤᠯᠲᠠ  ᠶᠢᠨ ᠲᠦᠷᠢᠮ ᠢ ᠠᠯᠬᠤᠮ ᠠᠯᠬᠤᠮ  ᠢᠶᠠᠷ ᠪᠠᠶᠢᠭᠤᠯᠵᠤ᠂ ᠰᠢᠯᠵᠢᠵᠤ ᠭᠠᠷᠤᠭᠰᠠᠨ ᠮᠠᠯᠴᠢᠨ ᠲᠡᠷᠢᠶᠠᠴᠢᠳ ᠤᠨ ᠲᠠᠭᠠᠭᠠᠴᠢᠯᠠᠭᠰᠠᠨ ᠭᠠᠵᠠᠷ ᠰᠢᠷᠤᠢ᠂ ᠨᠤᠳᠤᠭ ᠪᠡᠯᠴᠢᠬᠡᠷ᠂ ᠪᠠᠶᠢᠰᠢᠩ  ᠤᠨ ᠰᠠᠭᠤᠷᠢ ᠭᠠᠵᠠᠷ ᠵᠢᠴᠢ ᠬᠠᠮᠲᠤ ᠎ ᠶᠢᠨ ᠠᠵᠤ ᠠᠬᠤᠢ  ᠶᠢᠨ ᠭᠡᠷᠡᠭᠯᠡᠯᠲᠡ  ᠶᠢᠨ ᠡᠷᠭᠡ ᠪᠤᠯᠤᠨ ᠠᠰᠢᠭ ᠤᠯᠵᠠᠪᠤᠷᠢ ᠤᠯᠬᠤ ᠡᠷᠭᠡ ᠶᠢ ᠵᠤᠬᠢᠬᠤ ᠬᠤᠭᠤᠴᠠᠭᠠᠨ ᠲᠤᠳᠤᠷ᠎ᠠ ᠦᠯᠡᠳᠡᠬᠡᠵᠤ ᠡᠬᠦᠨ  ᠤ ᠵᠡᠷᠬᠡᠪᠡᠷ ᠬᠤᠲᠠ ᠪᠠᠯᠭᠠᠰᠣᠨ  ᠤ ᠰᠠᠭᠤᠭᠠᠯᠢ ᠠᠷᠠᠳ ᠲᠠᠢ ᠠᠳᠠᠯᠢ ᠲᠡᠭᠰᠢ ᠨᠡᠶᠢᠬᠡᠮ  ᠤᠨ ᠪᠠᠲᠤᠯᠠᠭ᠎ᠠ ᠪᠤᠯᠤᠨ ᠤᠯᠠᠨ ᠨᠡᠶᠢᠲᠡ  ᠶᠢᠨ ᠦᠢᠯᠡᠴᠢᠯᠡᠭᠡ ᠶᠢ ᠡᠳ᠋ᠯᠠᠨ᠎ᠠ᠃      ︵ ᠵᠢᠷᠭᠤᠭ᠎ᠠ︶ ᠰᠠᠭᠤᠷᠢ ᠲᠦᠬᠦᠬᠡᠷᠦᠮᠵᠢ ᠪᠤᠯᠤᠨ ᠠᠮᠢ ᠠᠬᠤᠢ  ᠶᠢᠨ ᠪᠦᠲᠦᠬᠡᠨ ᠪᠠᠶᠢᠭᠤᠯᠤᠯᠲᠠ  ᠶᠢᠨ ᠡᠷᠴᠢᠮ  ᠢᠶᠠᠨ ᠲᠠᠰᠣᠷᠠᠯᠲᠠ ᠦᠬᠡᠢ ᠴᠢᠩᠭᠠᠳᠬᠠᠨ᠎ᠠ᠃ ᠠᠵᠤ  ᠦᠢᠯᠡᠳᠪᠦᠷᠢᠵᠢᠯᠲᠡ᠂ ᠬᠤᠲᠠᠵᠢᠭᠤᠯᠤᠯᠲᠠ  ᠶᠢᠨ ᠬᠦᠭᠵᠢᠯᠲᠠ  ᠶᠢᠨ ᠪᠠᠶᠢᠳᠠᠯ ᠪᠤᠯᠤᠨ ᠢᠷᠡᠭᠡᠳᠦᠢ  ᠶᠢᠨ ᠬᠦᠭᠵᠢᠯᠲᠡ  ᠶᠢᠨ ᠱᠠᠭᠠᠷᠳᠠᠯᠭ᠎ᠠ ᠯᠤᠭ᠎ᠠ ᠲᠤᠬᠢᠷᠠᠯᠴᠠᠬᠤ ᠰᠠᠭᠤᠷᠢ ᠲᠦᠬᠦᠬᠡᠷᠦᠮᠵᠢ  ᠶᠢᠨ ᠲᠤᠯᠭᠠᠭᠤᠷᠢᠯᠠᠬᠤ ᠰᠢᠰᠲ᠋ᠧᠮᠵᠢ ᠪᠤᠯᠤᠨ ᠰᠠᠶᠢᠨ ᠰᠠᠶᠢᠬᠠᠨ ᠠᠮᠢ ᠠᠬᠤᠢ  ᠶᠢᠨ ᠤᠷᠴᠢᠨ ᠲᠤᠭᠤᠷᠢᠨ  ᠢ ᠢᠳᠡᠪᠬᠢᠲᠠᠢ ᠪᠠᠶᠢᠭᠤᠯᠵᠤ᠂ ᠭᠠᠵᠠᠷ ᠤᠷᠤᠨ  ᠤ ᠦᠷᠬᠦᠯᠵᠢᠯᠡᠭᠰᠡᠨ ᠬᠦᠭᠵᠢᠯᠲᠡ  ᠶᠢᠨ ᠴᠢᠳᠠᠪᠤᠷᠢ  ᠶᠢ ᠲᠠᠰᠤᠷᠠᠯᠲᠠ ᠦᠬᠡᠢ ᠴᠢᠩᠭᠠᠳᠬᠠᠨ᠎ᠠ᠃      ᠰᠠᠭᠤᠷᠢ ᠲᠦᠬᠦᠬᠡᠷᠦᠮᠵᠢ  ᠶᠢᠨ ᠪᠠᠲᠤᠯᠠᠭ᠎ᠠ  ᠶᠢᠨ ᠴᠢᠳᠠᠪᠤᠷᠢ  ᠶᠢ ᠴᠢᠩᠭᠠᠳᠬᠠᠨ᠎ᠠ᠃ ᠵᠡᠬᠦᠨ ᠪᠠᠷᠠᠭᠤᠨ ᠬᠤᠶᠠᠷ ᠱᠣᠭᠤᠮ  ᠤᠨ ᠠᠵᠤ ᠦᠢᠯᠡᠳᠪᠦᠷᠢ  ᠶᠢᠨ ᠬᠦᠷᠢᠶᠡᠯᠡᠩ ᠲᠤᠭᠤᠷᠢᠭ ᠤᠨ ᠤᠰᠤ ᠬᠠᠩᠭᠠᠬᠤ ᠪᠠᠷᠢᠯᠭ᠎ᠠ  ᠶᠢᠨ ᠪᠦᠲᠦᠬᠡᠨ ᠪᠠᠶᠢᠭᠤᠯᠤᠯᠲᠠ  ᠶᠢ ᠪᠦᠬᠦ ᠲᠠᠯ᠎ᠠ  ᠪᠠᠷ ᠠᠬᠢᠭᠤᠯᠵᠤ᠂  ᠪᠦᠬᠦ ᠬᠤᠲᠠ ᠳᠤ ᠳ᠋ᠦᠩᠰᠢᠭᠤᠷ ᠪᠤᠰᠤᠭ᠎ᠠ ᠲᠦᠷᠪᠡᠯᠵᠢᠨ ᠮᠧᠲᠷ ᠤᠨ ᠣᠰᠣ ᠬᠠᠩᠭᠠᠬᠤ ᠴᠢᠳᠠᠪᠤᠷᠢ  ᠶᠢ ᠰᠢᠨ᠎ᠡ ᠪᠠᠷ ᠨᠡᠮᠡᠭᠳᠡᠬᠦᠯᠦᠨ᠎ᠡ᠃ ᠤᠰᠤᠨ  ᠤ ᠡᠷᠬᠡ  ᠶᠢ ᠬᠤᠪᠢᠷᠠᠭᠤᠯᠬᠤ ᠡᠷᠴᠢᠮ  ᠢ ᠴᠢᠩᠭᠠᠷᠠᠭᠤᠯᠵᠤ᠂ ᠤᠰᠤᠨ ᠤ ᠡᠷᠭᠡ  ᠶᠢ ᠬᠤᠪᠢᠷᠠᠭᠤᠯᠬᠤ ᠬᠤᠶᠠᠳᠤᠭᠠᠷ ᠬᠤᠭᠤᠴᠠᠭᠠᠨ  ᠤ ᠡᠬᠦᠷᠭᠡ  ᠶᠢ ᠪᠡᠶᠡᠯᠡᠬᠦᠯᠵᠤ᠂ ᠭᠠᠵᠠᠷ ᠤᠷᠤᠨ ᠠᠯᠤᠰᠯᠠᠭᠤᠯᠤᠨ ᠤᠰᠤᠨ ᠎ ᠤ ᠡᠷᠭᠡ  ᠶᠢ ᠬᠤᠪᠢᠷᠠᠭᠤᠯᠬᠤ ᠪᠠᠷᠢᠯᠭ᠎ᠠ  ᠶᠢ ᠴᠢᠷᠮᠠᠶᠢᠨ ᠡᠬᠢᠯᠡᠬᠦᠯᠦᠨ᠎ᠡ᠃ ᠵᠡᠬᠦᠨᠭᠠᠷ  ᠠᠴᠠ ᠱᠦᠸᠧᠵᠸᠦ᠂ ᠡᠮᠦᠨ᠎ᠡ ᠭᠡᠰᠡᠭ᠂ ᠬᠠᠲᠤᠨ ᠭᠤᠤᠯ ᠲᠠᠭᠠᠣ᠂ ᠬᠦᠬᠡᠬᠤᠲᠠ ᠠᠴᠠ ᠵᠡᠬᠦᠨᠭᠠᠷ ᠳ᠋ᠦᠩᠱᠧᠩ ᠬᠦᠷᠬᠦ ᠲᠡᠮᠦᠷ ᠵᠠᠮ ᠵᠡᠷᠭᠡ ᠭᠤᠤᠯᠳᠠᠯᠭ᠎ᠠ ᠲᠠᠢ ᠲᠦᠷᠦᠯ ᠵᠦᠢᠯ  ᠢ ᠲᠦᠷᠬᠡᠬᠡᠨ ᠪᠦᠲᠦᠬᠡᠨ ᠪᠠᠶᠢᠭᠤᠯᠵᠤ᠂ ᠵᠢᠯ  ᠤᠨ ᠲᠤᠳᠤᠷ᠎ᠠ 247 ᠺᠢᠯᠤᠮᠧᠲᠷ  ᠤᠨ ᠲᠡᠮᠦᠷ ᠵᠠᠮ  ᠢ ᠪᠠᠶᠢᠭᠤᠯᠤᠨ ᠲᠠᠭᠤᠰᠬᠠᠨ᠎ᠠ︔ ᠤᠷᠳᠤᠰ ᠠᠴᠠ ᠼᠣᠣ ᠹᠸᠢ ᠳ᠋ᠢᠶᠠᠨ᠂ ᠲᠤᠮᠳᠠᠳᠣ ᠣᠷᠤᠨ  ᠳᠤ ᠬᠦᠷᠬᠦ ᠲᠡᠮᠦᠷ ᠵᠠᠮ ᠤᠨ ᠨᠡᠬᠦᠷᠡᠰᠦ ᠵᠦᠬᠡᠬᠡᠪᠦᠷᠢᠯᠡᠬᠦ  ᠱᠤᠭᠤᠮ ᠤᠨ ᠪᠦᠲᠦᠬᠡᠨ ᠪᠠᠶᠢᠭᠤᠯᠤᠯᠲᠠ ᠶᠢᠨ  ᠡᠮᠤᠨ᠎ᠠ ᠬᠤᠭᠤᠴᠠᠭᠠᠨ  ᠤ ᠠᠵᠢᠯ  ᠢ ᠰᠠᠶᠢᠲᠤᠷ ᠬᠢᠨ᠎ᠡ᠃ ᠳ᠋ᠦᠩᠱᠧᠩ ᠎ ᠠᠴᠠ ᠪᠤᠭᠤᠲᠤ ᠬᠦᠷᠬᠦ ᠬᠤᠶᠠᠳᠤᠭᠠᠷ ᠵᠤᠷᠪᠤᠰ ᠲᠡᠭᠡᠳᠦ ᠬᠤᠷᠳᠤᠴᠠᠲᠤ ᠵᠠᠰᠠᠮᠠᠯ ᠵᠠᠮ᠂ ᠴᠠᠭᠠᠨᠨᠠᠭᠤᠷ  ᠠᠴᠠ ᠶᠠᠨ ‍ᠤᠤᠢ ᠬᠦᠷᠬᠦ ᠨᠢᠬᠡᠳᠦᠭᠡᠷ ᠲᠡᠰ ᠤᠨ ᠵᠠᠰᠠᠮᠠᠯ ᠵᠠᠮ᠂ ᠳ᠋ᠦᠩᠱᠧᠩ ᠬᠢᠶ᠎ᠠ ᠪᠠᠭᠰᠢ ᠠᠯᠳᠠᠨᠰᠢᠷᠡᠭᠡᠲᠦ  ᠶᠢᠨ ᠬᠤᠲᠠ ᠲᠤᠭᠤᠷᠢᠭᠰᠠᠨ ᠲᠡᠭᠡᠳᠦ ᠬᠤᠷᠳᠤᠴᠠᠲᠤ ᠵᠠᠰᠠᠮᠠᠯ ᠵᠠᠮ ᠵᠡᠷᠭᠡ ᠭᠤᠤᠯᠳᠠᠯᠭ᠎ᠠ ᠲᠠᠢ ᠵᠠᠰᠠᠮᠠᠯ ᠵᠠᠮ ᠤᠨ ᠲᠦᠷᠦᠯ ᠵᠦᠢᠯ  ᠢ ᠪᠠᠷᠢᠯᠭ᠎ᠠ ᠡᠬᠢᠯᠡᠬᠦᠯᠦᠨ ᠪᠦᠲᠦᠬᠡᠨ ᠪᠠᠶᠢᠭᠤᠯᠵᠤ᠂ ᠰᠢᠨ᠎ᠡ  ᠪᠠᠷ 306 ᠺᠢᠯᠤᠮᠧᠲᠷ  ᠤᠨ ᠲᠡᠭᠡᠳᠦ ᠲᠡᠰ  ᠤᠨ ᠵᠠᠰᠠᠮᠠᠯ ᠵᠠᠮ  ᠢ ᠪᠦᠳᠤᠬᠡᠨ ᠪᠠᠶᠢᠭᠤᠯᠤᠨ᠎ᠠ᠃ ᠨᠢᠰᠭᠡᠯ  ᠤᠨ ᠪᠠᠭᠤᠳᠠᠯ  ᠢ ᠦᠬᠡᠷᠡᠴᠢᠯᠡᠵᠤ ᠦᠷᠭᠡᠳᠭᠡᠨ ᠪᠠᠶᠢᠭᠤᠯᠬᠤ ᠪᠠᠷᠢᠯᠭ᠎ᠠ  ᠶᠢ ᠪᠦᠬᠦ ᠲᠠᠯ᠎ᠠ  ᠪᠠᠷ ᠪᠡᠶᠡᠯᠡᠬᠦᠯᠵᠤ᠂ ᠤᠯᠤᠰ  ᠤᠨ ᠲᠤᠳᠤᠭᠠᠲᠤ ᠳᠠᠬᠢ  ᠠᠭᠠᠷ ᠤᠨ ᠠᠶᠠᠯᠠᠯ  ᠤᠨ ᠱᠣᠭᠤᠮ  ᠢ ᠨᠢᠭᠲᠠ ᠪᠤᠯᠭᠠᠵᠤ᠂ ᠤᠯᠠᠨ ᠤᠯᠤᠰ ᠤᠨ ᠠᠭᠠᠷ  ᠤᠨ ᠠᠶᠠᠯᠠᠯ  ᠤᠨ ᠱᠣᠭᠤᠮ  ᠢ ᠨᠡᠪᠳᠡᠷᠡᠬᠦᠯᠵᠤ᠂ ᠤᠯᠠᠨ ᠤᠯᠤᠰ  ᠤᠨ ᠬᠢᠯᠢ  ᠶᠢᠨ ᠪᠤᠭᠤᠮᠲᠠ ᠶᠢᠨ ᠨᠢᠰᠭᠡᠯ  ᠤᠨ ᠪᠠᠭᠤᠳᠠᠯ  ᠢ ᠪᠠᠶᠢᠭᠤᠯᠤᠨ᠎ᠠ᠃ ᠤᠷᠳᠤᠰ ᠠᠴᠠ ᠴᠠᠩᠱᠠ᠂ ᠵᠢᠶᠠᠩᠰᠣ᠂ ᠭᠤᠸᠠᠩᠳᠦ᠋ᠩ  ᠤᠨ ᠣᠮᠠᠷᠠᠲᠤ ᠭᠡᠰᠡᠭ ᠵᠡᠷᠭᠡ ᠭᠠᠵᠠᠷ ᠤᠷᠤᠨ  ᠳᠤ ᠬᠦᠷᠬᠦ ᠤᠨᠴᠠ ᠦᠨᠳᠦᠷ  ᠬᠦᠴᠤᠳᠠᠯᠳᠤ ᠴᠠᠬᠢᠯᠭᠠᠨ ᠬᠦᠴᠦᠨ  ᠤ ᠵᠦᠬᠡᠬᠡᠪᠦᠷᠢ  ᠶᠢᠨ ᠵᠠᠮ  ᠢ ᠪᠠᠷᠢᠯᠭ᠎ᠠ ᠡᠬᠢᠯᠡᠬᠦᠯᠦᠨ ᠪᠦᠲᠦᠬᠡᠨ ᠪᠠᠶᠢᠭᠤᠯᠬᠤ  ᠪᠠᠷ ᠴᠢᠷᠮᠠᠶᠢᠵᠤ᠂ ᠬᠤᠲᠠ  ᠶᠢᠨ ᠤᠷᠤᠨ ᠪᠦᠰᠡ ᠲᠤᠳᠤᠷᠠᠬᠢ ᠴᠠᠬᠢᠯᠭᠠᠨ ᠲᠤᠤᠷ ᠢ  ᠤᠶᠤᠨᠴᠢᠯᠠᠬᠤ ᠦᠬᠡᠷᠡᠴᠢᠯᠡᠯᠲᠡ  ᠶᠢ ᠠᠬᠢᠭᠤᠯᠤᠨ᠎ᠠ᠃ ᠮᠠᠨ  ᠤ ᠬᠤᠲᠠ  ᠠᠴᠠ ᠵᠢᠩ ᠶᠢᠨ ᠲᠠᠩ ᠭᠠᠷᠠᠮ᠂  ᠲᠤᠮᠳᠠᠳᠣ ᠣᠷᠤᠨ ᠵᠡᠷᠭᠡ ᠭᠠᠵᠠᠷ ᠤᠷᠤᠨ ᠳᠤ ᠬᠦᠷᠬᠦ ᠰᠢᠩᠬᠡᠨ ᠪᠡᠶᠡᠲᠦ ᠪᠤᠯᠤᠨ ᠬᠡᠢ ᠪᠡᠶᠡᠲᠦ  ᠦᠢᠯᠡᠳᠬᠦᠨ  ᠢ ᠲᠠᠮᠵᠢᠭᠤᠯᠤᠨ ᠵᠦᠬᠡᠬᠡᠪᠤᠷᠢᠯᠡᠬᠦ ᠬᠤᠭᠤᠯᠠᠢ ᠵᠠᠮ  ᠤᠨ ᠪᠦᠲᠦᠬᠡᠨ ᠪᠠᠶᠢᠭᠤᠯᠤᠯᠲᠠ ᠶᠢᠨ ᠡᠮᠤᠨ᠎ᠠ ᠬᠤᠭᠤᠴᠠᠭᠠᠨ  ᠤ ᠠᠵᠢᠯ  ᠢ  ᠰᠠᠶᠢᠳᠤᠷ ᠬᠢᠨ᠎ᠠ᠃      ᠠᠮᠢ ᠠᠬᠤᠢ  ᠶᠢᠨ ᠪᠤᠯᠪᠠᠰᠣᠨ  ᠤ ᠪᠠᠶᠢᠭᠤᠯᠤᠯᠲᠠ  ᠶᠢᠨ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ︽ᠭᠤᠷᠪᠠᠨ ᠤᠷᠤᠨ︾ ᠎ ᠤ ᠲᠦᠯᠦᠪᠵᠢᠬᠦᠯᠬᠡ ᠶᠢ ᠴᠢᠩᠭ᠎ᠠ ᠭᠡᠷᠡᠭᠵᠢᠬᠦᠯᠵᠤ᠂  ᠠᠮᠢ ᠠᠬᠤᠢ  ᠶᠢᠨ ᠠᠶᠠᠨᠳᠠᠭᠠᠨ ᠰᠡᠷᠬᠦᠬᠦ ᠤᠷᠤᠨ ᠢ ᠰᠢᠨ᠎ᠡ  ᠪᠠᠷ 6563 ᠲᠡᠭᠰᠢ ᠲᠦᠷᠪᠡᠯᠵᠢᠨ ᠺᠢᠯᠤᠮᠧᠲᠷ ᠪᠠᠶᠢᠭᠤᠯᠵᠤ᠂ 120 ᠲᠦᠮᠡᠨ ᠮᠤ᠋  ᠶᠢᠨ ᠤᠢ ᠰᠢᠭᠤᠢ ᠶᠢᠨ ᠪᠦᠲᠦᠬᠡᠨ ᠪᠠᠶᠢᠭᠤᠯᠤᠯᠲᠠ ᠶᠢ ᠪᠡᠶᠡᠯᠡᠬᠦᠯᠵᠤ᠂ 340 ᠲᠦᠮᠡᠨ ᠮᠤ᠋ ᠪᠡᠯᠴᠢᠬᠡᠷ ᠢ ᠰᠣᠯᠠᠳᠬᠠᠨ ᠡᠪᠡᠰᠦ ᠲᠠᠷᠢᠨ᠎ᠠ᠃ ᠦᠨᠳᠦᠷ ᠪᠠᠷᠢᠮᠵᠢᠶᠠᠲᠤ  ᠰᠤᠶᠤᠭ᠎ᠠ ᠮᠤᠳᠤᠨ  ᠤ ᠰᠠᠭᠤᠷᠢᠨ ᠭᠠᠵᠠᠷ  ᠢ 1.5 ᠲᠦᠮᠡᠨ ᠮᠤ᠋ ᠲᠦᠯᠦᠪᠵᠢᠬᠦᠯᠦᠨ ᠪᠠᠶᠢᠭᠤᠯᠤᠨ᠎ᠠ᠃ ᠮᠠᠯ ᠪᠡᠯᠴᠢᠬᠡᠷᠯᠡᠬᠦᠯᠬᠦ  ᠶᠢ ᠬᠤᠷᠢᠭᠯᠠᠬᠤ᠂ ᠰᠡᠯᠬᠦᠨ ᠮᠠᠯᠵᠢᠬᠤ᠂ ᠡᠭᠡᠯᠵᠢᠯᠡᠨ ᠮᠠᠯᠵᠢᠬᠤ ᠲᠦᠷᠦ  ᠶᠢᠨ ᠪᠤᠳᠤᠯᠭ᠎ᠠ ᠶᠢ  ᠴᠢᠩᠭ᠎ᠠ ᠭᠡᠷᠡᠭᠵᠢᠬᠦᠯᠵᠤ᠂ ᠨᠤᠳᠤᠭ ᠪᠡᠯᠴᠢᠭᠡᠷ  ᠤᠨ ᠬᠠᠮᠠᠭᠠᠯᠠᠯᠲᠠ ᠪᠤᠯᠤᠨ ᠪᠦᠲᠦᠬᠡᠨ ᠪᠠᠶᠢᠭᠤᠯᠤᠯᠲᠠ  ᠶᠢ ᠴᠢᠩᠭᠠᠳᠬᠠᠨ᠎ᠠ᠃ ᠬᠦᠷᠦᠰᠦ ᠰᠢᠷᠤᠢ ᠶᠢᠨ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠵᠤ᠂ ᠬᠠᠲᠤᠨ ᠭᠤᠤᠯ  ᠤᠨ ᠲᠤᠮᠤ ᠬᠡᠯᠪᠡᠷᠢ  ᠶᠢᠨ ᠡᠯᠡᠰᠦ  ᠶᠢ ᠬᠤᠷᠢᠭᠯᠠᠬᠤ ᠬᠠᠰᠢᠯᠭ᠎ᠠ᠂ ᠠᠷᠪᠠᠨ ᠶᠡᠭᠡ ᠬᠦᠨᠳᠡᠢ ᠶᠢ ᠵᠠᠰᠠᠬᠤ ᠪᠤᠯᠤᠨ ᠬᠦᠷᠦᠰᠦ ᠰᠢᠷᠤᠢ ᠶᠢᠨ ᠢᠳᠡᠭᠳᠡᠯ ᠢ ᠵᠠᠰᠠᠭᠰᠠᠨ ᠬᠡᠮᠵᠢᠶ᠎ᠡ  ᠪᠠᠷ ᠣᠰᠣ ᠦᠭᠬᠦ ᠲᠦᠷᠦᠯ ᠵᠦᠢᠯ  ᠢ ᠭᠡᠷᠡᠭᠵᠢᠬᠦᠯᠵᠤ᠂ 160 ᠲᠦᠮᠡᠨ ᠮᠤ᠋  ᠶᠢᠨ ᠴᠡᠭᠴᠡᠯᠡᠨ ᠵᠠᠰᠠᠯᠲᠠ ᠶᠢ ᠪᠡᠶᠡᠯᠡᠬᠦᠯᠦᠨ᠎ᠡ᠃ ᠲᠠᠪᠤᠨ ᠲᠤᠮᠤ ᠲᠦᠷᠤᠯ ᠬᠡᠯᠪᠡᠷᠢ ᠶᠢᠨ ᠤᠷᠤᠨ ᠤ ᠠᠮᠢ ᠠᠬᠤᠢ  ᠶᠢᠨ ᠬᠢᠨᠠᠨ ᠬᠡᠮᠵᠢᠯᠳᠠ ᠪᠤᠯᠤᠨ ᠬᠤᠷᠠᠮᠠᠯ ᠵᠢᠱᠢᠶ᠎ᠡ ᠦᠵᠡᠬᠦᠯᠬᠦ ᠲᠦᠷᠦᠯ ᠵᠦᠢᠯ  ᠤᠨ ᠪᠦᠲᠦᠬᠡᠨ ᠪᠠᠶᠢᠭᠤᠯᠤᠯᠲᠠ  ᠶᠢ ᠪᠦᠬᠦ ᠲᠠᠯ᠎ᠠ  ᠪᠠᠷ ᠠᠬᠢᠭᠤᠯᠵᠤ᠂ ᠪᠦᠬᠦ ᠤᠯᠤᠰ  ᠤᠨ ᠬᠦᠷᠦᠰᠦ ᠰᠢᠷᠤᠢ  ᠶᠢᠨ ᠬᠠᠮᠠᠭᠠᠯᠠᠯᠲᠠ  ᠶᠢᠨ ᠠᠮᠢ ᠠᠬᠤᠢ  ᠶᠢᠨ ᠤᠷᠴᠢᠨ ᠲᠤᠭᠤᠷᠢᠨ  ᠤ ᠪᠦᠲᠦᠬᠡᠨ ᠪᠠᠶᠢᠭᠤᠯᠤᠯᠲᠠ  ᠶᠢᠨ ᠵᠢᠱᠢᠶ᠎ᠡ ᠦᠵᠡᠬᠦᠯᠬᠦ ᠬᠤᠲᠠ ᠶᠢ ᠡᠬᠦᠳᠤᠨ ᠪᠠᠶᠢᠭᠤᠯᠤᠨ᠎ᠠ᠃ ᠠᠭᠤᠷᠬᠠᠢ  ᠶᠢᠨ ᠤᠷᠤᠨ  ᠢ ᠴᠡᠭᠴᠡᠯᠡᠨ ᠵᠠᠰᠠᠬᠤ ᠡᠷᠴᠢᠮ  ᠢ ᠴᠢᠩᠭᠠᠷᠠᠭᠤᠯᠵᠤ᠂  ᠮᠠᠯᠳᠠᠵᠤ ᠬᠤᠭᠤᠰᠤᠷᠠᠭᠤᠯᠤᠭᠰᠠᠨ ᠤᠷᠤᠨ ᠤ ᠰᠠᠭᠤᠭᠠᠯᠢ ᠠᠷᠠᠳ  ᠢ ᠨᠡᠬᠦᠯᠬᠡᠨ ᠰᠢᠯᠵᠢᠬᠦᠯᠬᠦ ᠠᠬᠢᠴᠠ  ᠶᠢ ᠲᠦᠷᠭᠡᠳᠭᠡᠨ᠎ᠡ᠃ ᠠᠭᠤᠷᠬᠠᠢ  ᠶᠢᠨ ᠤᠷᠤᠨ  ᠤ ᠠᠵᠤ ᠦᠢᠯᠡᠳᠪᠦᠷᠢ ᠶᠢᠨ ᠠᠭᠤᠳᠠᠮ ᠲᠠᠯᠠᠪᠤᠷ᠂ ᠲᠤᠭᠤᠰᠤ ᠰᠡᠷᠭᠡᠶᠢᠯᠡᠬᠦ ᠲᠤᠤᠷ ᠪᠤᠯᠤᠨ ᠨᠡᠬᠦᠷᠡᠰᠦ ᠬᠠᠳᠠᠭᠠᠯᠠᠬᠤ ᠬᠦᠮᠦᠷᠭᠡ  ᠶᠢᠨ ᠪᠦᠲᠦᠬᠡᠨ ᠪᠠᠶᠢᠭᠤᠯᠤᠯᠲᠠ  ᠶᠢ ᠴᠢᠩᠭᠠᠳᠬᠠᠵᠤ᠂ ᠠᠭᠤᠷᠬᠠᠢ  ᠶᠢᠨ ᠤᠷᠤᠨ  ᠤ ᠵᠠᠮ ᠪᠦᠬᠦᠨ ᠢ ᠬᠠᠳᠠᠭᠤᠵᠢᠭᠤᠯᠵᠤ᠂ ᠲᠤᠶᠢᠮᠠᠷ  ᠤᠨ ᠤᠷᠤᠨ ᠪᠤᠯᠤᠨ ᠵᠠᠳᠠᠭᠠᠢ ᠮᠠᠯᠲᠠᠬᠤ ᠤᠷᠤᠨ  ᠢ ᠴᠦᠮ ᠲᠠᠬᠢᠨ ᠬᠠᠭᠠᠯᠪᠤᠷᠢᠯᠠᠬᠤ  ᠶᠢ ᠪᠡᠶᠡᠯᠡᠬᠦᠯᠦᠨ᠎ᠡ᠃ ᠨᠡᠬᠦᠷᠡᠰᠦᠨ ᠠᠭᠤᠷᠬᠠᠢ ᠶᠢᠨ  ᠭᠠᠯ ᠤᠨᠳᠠᠷᠠᠭᠠᠬᠤ ᠪᠠᠷᠢᠯᠭ᠎ᠠ  ᠎ ᠶᠢ ᠭᠡᠷᠡᠭᠵᠢᠬᠦᠯᠵᠤ  ᠂ ᠤᠨ  ᠤ ᠡᠬᠦᠷᠭᠡ  ᠪᠠᠨ ᠪᠡᠶᠡᠯᠡᠬᠦᠯᠬᠦ ᠎ ᠶᠢ ᠦᠨᠡᠨᠬᠦ ᠪᠠᠲᠤᠯᠠᠨ᠎ᠠ᠃      ᠡᠨᠧᠷᠬᠢ ᠠᠷᠪᠢᠯᠠᠵᠤ ᠭᠠᠳᠠᠭᠰᠢᠯᠠᠭᠤᠯᠤᠯ ᠢ ᠪᠠᠭᠠᠰᠬᠠᠬᠤ ᠪᠠ ᠤᠰᠤ ᠠᠷᠪᠢᠯᠠᠬᠤ ᠠᠵᠢᠯ  ᠢ ᠰᠠᠶᠢᠲᠤᠷ ᠬᠢᠨ᠎ᠡ᠃ ᠡᠨᠧᠷᠬᠢ ᠭᠡᠷᠡᠭᠯᠡᠬᠦ ᠶᠡᠷᠦᠩᠬᠡᠢ ᠬᠡᠮᠵᠢᠶ᠎ᠡ  ᠶᠢ ᠬᠢᠵᠠᠭᠠᠷᠯᠠᠨ᠂ ᠡᠨᠧᠷᠬᠢ ᠶᠢᠨ ᠭᠡᠷᠡᠭᠯᠡᠯᠲᠡ ᠳᠠᠬᠢ ᠬᠠᠮᠢᠶᠠᠷᠤᠯᠲᠠ  ᠪᠠᠨ ᠴᠢᠩᠭᠠᠳᠬᠠᠵᠤ᠂ ᠡᠨᠧᠷᠬᠢ  ᠶᠢᠨ  ᠬᠤᠷᠤᠭᠳᠠᠯ ᠢᠶᠠᠷ ᠦᠨᠳᠤᠷ ᠠᠵᠤ ᠦᠢᠯᠡᠰ ᠤᠨ ᠡᠨᠧᠷᠬᠢ ᠎ ᠶᠢᠨ ᠭᠡᠷᠡᠭᠯᠡᠯᠲᠡ ᠶᠢᠨ     ︽ᠲᠢᠭ ᠨᠡᠮᠡᠭᠳᠡᠯ︾ ᠎ ᠢ ᠪᠡᠶᠡᠯᠡᠬᠦᠯᠦᠨ᠎ᠡ᠃ ᠡᠨᠧᠷᠬᠢ ᠠᠷᠪᠢᠯᠠᠵᠤ ᠭᠠᠳᠠᠭᠰᠢᠯᠠᠭᠤᠯᠤᠯ ᠢ ᠪᠠᠭᠠᠰᠬᠠᠬᠤ ᠭᠤᠤᠯᠳᠠᠯᠭ᠎ᠠ ᠲᠠᠢ ᠪᠠᠷᠢᠯᠭ᠎ᠠ ᠎ ᠶᠢᠨ ᠪᠦᠲᠦᠬᠡᠨ ᠪᠠᠶᠢᠭᠤᠯᠤᠯᠲᠠ  ᠶᠢ ᠰᠠᠶᠢᠲᠤᠷ ᠠᠳᠬᠤᠵᠤ᠂ ᠠᠵᠤ ᠦᠢᠯᠡᠳᠪᠦᠷᠢ  ᠶᠢᠨ ᠪᠤᠬᠢᠷᠲᠤᠯ  ᠤᠨ ᠡᠬᠢ ᠢᠷᠡᠯᠳᠠ ᠶᠢ ᠴᠡᠭᠴᠡᠯᠡᠨ ᠵᠠᠰᠠᠬᠤ᠂ ᠬᠤᠲᠠ ᠪᠠᠯᠭᠠᠰᠣᠨ  ᠤ ᠪᠤᠬᠢᠷ ᠤᠰᠤ ᠬᠤᠭ ᠯᠠᠭ  ᠢ ᠰᠢᠢᠳᠪᠦᠷᠢᠯᠡᠬᠦ ᠲᠦᠬᠦᠬᠡᠷᠦᠮᠵᠢ  ᠶᠢᠨ ᠪᠦᠲᠦᠬᠡᠨ ᠪᠠᠶᠢᠭᠤᠯᠤᠯᠲᠠ᠂ ᠪᠠᠷᠢᠯᠭ᠎ᠠ  ᠶᠢᠨ ᠭᠠᠵᠠᠷ  ᠤᠨ ᠡᠨᠧᠷᠬᠢ ᠠᠷᠪᠢᠯᠠᠬᠤ ᠪᠠ ᠨᠡᠶᠢᠬᠡᠮ  ᠤᠨ ᠡᠨᠧᠷᠬᠢ ᠠᠷᠪᠢᠯᠠᠬᠤ ᠵᠡᠷᠭᠡ ᠲᠦᠷᠦᠯ ᠵᠦᠢᠯ  ᠢ ᠰᠠᠶᠢᠲᠤᠷ ᠭᠡᠷᠡᠭᠵᠢᠬᠦᠯᠦᠨ᠎ᠡ᠃ ᠤᠷᠴᠢᠨ ᠲᠤᠭᠤᠷᠢᠨ ᠤ ᠬᠠᠮᠠᠭᠠᠯᠠᠯᠲᠠ  ᠶᠢᠨ ᠬᠢᠨᠠᠯᠲᠠ ᠬᠠᠮᠢᠶᠠᠷᠤᠯᠲᠠ  ᠶᠢᠨ ᠴᠢᠳᠠᠪᠤᠷᠢ  ᠶᠢᠨ ᠪᠠᠶᠢᠭᠤᠯᠤᠯᠲᠠ  ᠶᠢ ᠴᠢᠩᠭᠠᠳᠬᠠᠵᠤ᠂ ᠡᠯ᠎ᠡ ᠲᠦᠷᠦᠯ  ᠤᠨ ᠪᠤᠬᠢᠷᠳᠤᠯ  ᠢ ᠭᠠᠳᠠᠭᠰᠢᠯᠠᠭᠤᠯᠬᠤ  ᠲᠤᠨᠤᠭ ᠲᠦᠬᠦᠬᠡᠷᠦᠮᠵᠢ ᠎ ᠶᠢᠨ ᠡᠷᠬᠢᠯᠳᠠ ᠳᠤ ᠬᠢᠨᠠᠯᠲᠠ ᠬᠠᠮᠢᠶᠠᠷᠤᠯᠲᠠ ᠬᠢᠬᠦ ᠡᠷᠴᠢᠮ  ᠢᠶᠠᠨ ᠴᠢᠩᠭᠠᠳᠬᠠᠨ᠎ᠠ᠃  ᠪᠦᠬᠦ ᠬᠤᠲᠠ  ᠶᠢᠨ ᠤᠰᠤᠨ  ᠤ ᠡᠬᠢ ᠪᠠᠶᠠᠯᠢᠭ  ᠤᠨ ᠦᠷᠬᠦᠯᠵᠢᠯᠡᠭᠰᠡᠨ ᠠᠰᠢᠭᠯᠠᠯᠲᠠ  ᠶᠢᠨ ᠶᠡᠷᠦᠩᠬᠡᠢ ᠲᠦᠯᠦᠪᠵᠢᠬᠦᠯᠬᠡ  ᠶᠢ ᠨᠠᠶᠢᠷᠡᠭᠤᠯᠤᠨ ᠵᠤᠬᠢᠶᠠᠵᠤ᠂ ᠬᠠᠮᠤᠭ  ᠤᠨ ᠬᠠᠳᠠᠭᠤ ᠴᠢᠩᠭ᠎ᠠ ᠣᠰᠣᠨ  ᠤ ᠡᠬᠢ ᠪᠠᠶᠠᠯᠢᠭ ᠤᠨ ᠬᠠᠮᠢᠶᠠᠷᠤᠯᠲᠠ ᠎ ᠶᠢᠨ ᠲᠦᠷᠢᠮ ᠢ ᠨᠠᠶᠢᠲᠠᠪᠤᠷᠢᠵᠢᠭᠤᠯᠵᠤ᠂ ᠣᠣᠭᠤᠬᠤ ᠤᠰᠤᠨ  ᠤ ᠤᠰᠤᠨ ᠰᠣᠷᠪᠤᠯᠵᠢ ᠶᠢᠨ ᠭᠠᠵᠠᠷ  ᠤᠨ ᠬᠠᠮᠠᠭᠠᠯᠠᠯᠲᠠ  ᠶᠢ ᠴᠢᠩᠭᠠᠳᠬᠠᠵᠤ᠂ ᠭᠠᠵᠠᠷ ᠲᠤᠤᠷᠠᠬᠢ ᠤᠰᠤ  ᠭᠡᠷᠡᠭᠯᠡᠬᠦ ᠠᠵᠤ ᠦᠢᠯᠡᠳᠪᠦᠷᠢ  ᠶᠢᠨ ᠲᠦᠷᠦᠯ ᠵᠦᠢᠯ  ᠤᠨ ᠣᠰᠣᠨ  ᠤ ᠰᠣᠷᠪᠤᠯᠵᠢ  ᠶᠢ ᠰᠣᠯᠢᠬᠤ ᠠᠵᠢᠯ  ᠢ  ᠲᠦᠷᠭᠡᠳᠭᠡᠨ ᠠᠬᠢᠭᠤᠯᠵᠤ᠂ ᠰᠢᠨ᠎ᠡ ᠪᠠᠷ ᠭᠠᠷᠭᠠᠬᠤ ᠠᠵᠤ ᠦᠢᠯᠡᠳᠪᠦᠷᠢ  ᠶᠢᠨ ᠲᠦᠷᠦᠯ ᠵᠦᠢᠯ  ᠎ ᠳᠤ ᠭᠠᠵᠠᠷ ᠲᠤᠤᠷᠠᠬᠢ ᠤᠰᠤ ᠬᠡᠷᠡᠭᠯᠡᠬᠦ ᠶᠢ ᠡᠷᠡᠰ ᠴᠠᠭᠠᠵᠠᠯᠠᠨ᠎ᠠ᠃ ᠦᠨᠳᠦᠷ ᠪᠦᠲᠦᠮᠵᠢᠲᠦ ᠣᠰᠣ ᠠᠷᠪᠢᠯᠠᠬᠤ ᠮᠡᠷᠭᠡᠵᠢᠯ  ᠢ ᠶᠡᠬᠡᠪᠡᠷ ᠲᠡᠯᠭᠡᠷᠡᠬᠦᠯᠵᠤ᠂ ᠣᠰᠣ ᠠᠷᠪᠢᠯᠠᠬᠤ ᠮᠠᠶ᠋ᠢᠭ  ᠤᠨ ᠨᠡᠶᠢᠬᠡᠮ  ᠢ ᠪᠦᠬᠦ ᠲᠠᠯ᠎ᠠ  ᠪᠠᠷ ᠪᠠᠶᠢᠭᠤᠯᠤᠨ᠎ᠠ᠃      ︵ᠲᠤᠯᠤᠭ᠎ᠠ︶ ᠨᠡᠶᠢᠬᠡᠮ  ᠤᠨ ᠦᠢᠯᠡᠰ  ᠤᠨ ᠪᠦᠬᠦ ᠲᠠᠯ᠎ᠠ  ᠶᠢᠨ ᠲᠠᠪᠰᠢᠯᠲᠠ  ᠶᠢ ᠶᠡᠬᠡᠪᠡᠷ ᠠᠬᠢᠭᠤᠯᠤᠨ᠎ᠠ᠃ ᠡᠯ᠎ᠡ ᠵᠦᠢᠯ  ᠤᠨ ᠨᠡᠶᠢᠬᠡᠮ  ᠤᠨ ᠦᠢᠯᠡᠰ ᠎ ᠤᠨ ᠬᠦᠭᠵᠢᠯᠲᠡ ᠶᠢ ᠲᠦᠷᠭᠡᠳᠭᠡᠨ ᠠᠬᠢᠭᠤᠯᠵᠤ᠂ ᠬᠤᠲᠠ ᠬᠦᠳᠡᠭᠡ  ᠶᠢᠨ ᠰᠠᠭᠤᠭᠠᠯᠢ ᠠᠷᠠᠳ  ᠲᠤ ᠴᠢᠨᠠᠷᠵᠢᠭᠤᠨ᠂ ᠠᠳᠠᠯᠢ ᠲᠡᠭᠰᠢ᠂ ᠲᠦᠬᠡᠮᠡᠯ ᠬᠠᠷᠠᠭᠠᠯᠵᠠᠯ ᠎ ᠤᠨ ᠤᠯᠠᠨ ᠨᠡᠶᠢᠲᠡ  ᠶᠢᠨ ᠦᠢᠯᠡᠴᠢᠯᠡᠭᠡ ᠬᠠᠩᠭᠠᠬᠤ  ᠪᠠᠷ ᠴᠢᠷᠮᠠᠶᠢᠨ᠎ᠠ᠃      ᠰᠣᠶᠣᠯ  ᠤᠨ ᠶᠡᠭᠡ ᠦᠷᠨᠢᠩᠬᠦᠢ ᠬᠦᠭᠵᠢᠯᠲᠡ  ᠶᠢ ᠠᠬᠢᠭᠤᠯᠤᠨ᠎ᠠ᠃ ᠣᠯᠣᠰ  ᠤᠨ ᠣᠯᠠᠨ ᠨᠡᠶᠢᠲᠡ  ᠶᠢᠨ ᠰᠣᠶᠣᠯ  ᠤᠨ ᠦᠢᠯᠡᠴᠢᠯᠡᠬᠡᠨ  ᠤ ᠰᠢᠰᠲ᠋ᠧᠮᠵᠢ ᠎ ᠶᠢᠨ ᠰᠢᠨ᠎ᠡ  ᠶᠢ ᠡᠬᠦᠳᠬᠦ ᠭᠦᠭᠵᠢᠯᠲᠡ ᠶᠢᠨ ᠵᠢᠱᠢᠶ᠎ᠡ ᠦᠵᠡᠬᠦᠯᠬᠦ ᠤᠷᠤᠨ  ᠤ ᠪᠦᠲᠦᠬᠡᠨ ᠪᠠᠶᠢᠭᠤᠯᠤᠯᠲᠠ  ᠶᠢ ᠠᠬᠢᠭᠤᠯᠵᠤ᠂ ︽ᠲᠠᠪᠤᠨ ᠵᠦᠢᠯ ᠤᠨ ᠰᠣᠶᠣᠯ  ᠤᠨ ᠵᠢᠱᠢᠶ᠎ᠡ ᠦᠵᠡᠬᠦᠯᠬᠦ ᠢᠨᠵᠧᠨᠧᠷᠢᠩ︾᠎ ᠢ  ᠶᠡᠬᠡᠪᠡᠷ ᠭᠡᠷᠡᠭᠵᠢᠬᠦᠯᠵᠤ᠂ ᠤᠯᠠᠨ ᠨᠡᠶᠢᠲᠡ  ᠶᠢᠨ ᠰᠣᠶᠣᠯ  ᠤᠨ ᠦᠢᠯᠡᠴᠢᠯᠡᠬᠡᠨ  ᠤ ᠰᠢᠰᠲ᠋ᠧᠮᠵᠢ  ᠶᠢᠨ ᠪᠦᠲᠦᠬᠡᠨ ᠪᠠᠶᠢᠭᠤᠯᠤᠯᠲᠠ  ᠶᠢ ᠪᠦᠬᠦ ᠲᠠᠯ᠎ᠠ  ᠪᠠᠷ ᠴᠢᠩᠭᠠᠳᠬᠠᠵᠤ᠂ ᠪᠦᠬᠦ ᠬᠤᠲᠠ  ᠳᠤ ᠰᠢᠨ᠎ᠡ  ᠪᠠᠷ 8 ᠮᠦᠽᠸᠢ᠂ 50 ᠨᠡᠶᠢᠬᠡᠮ ᠲᠤᠭᠤᠷᠢᠭ  ᠤᠨ ᠰᠣᠶᠣᠯ  ᠤᠨ ᠠᠵᠢᠯᠯᠠᠭᠠᠨ  ᠤ ᠲᠦᠪ  ᠢ ᠪᠠᠶᠢᠭᠤᠯᠵᠤ᠂ ᠭᠠᠴᠠᠭ᠎ᠠ ᠲᠤᠰᠬᠤᠨ  ᠤ ᠰᠣᠶᠣᠯ  ᠤᠨ ᠦᠷᠦᠬᠡ ᠶᠢ 200  ᠪᠠᠶᠢᠭᠤᠯᠵᠤ᠂ ᠰᠣᠶᠣᠯ  ᠢ ᠬᠦᠳᠡᠭᠡ ᠪᠠᠭᠤᠯᠭᠠᠬᠤ ᠠᠵᠢᠯᠯᠠᠭ᠎ᠠ  ᠶᠢ 1000 ᠲᠠᠯᠠᠪᠤᠷ ᠤᠳᠠᠭ᠎ᠠ ᠵᠤᠬᠢᠶᠠᠨ ᠪᠠᠶᠢᠭᠤᠯᠤᠨ  ᠶᠠᠪᠤᠭᠳᠠᠭᠤᠯᠤᠨ᠎ᠠ᠃ ︽ᠵᠠᠰᠠᠭ  ᠤᠨ ᠤᠷᠳᠤᠨ ᠠᠴᠠ ᠵᠤᠭᠤᠰ ᠭᠠᠷᠭᠠᠨ᠂ ᠨᠡᠶᠢᠬᠡᠮ  ᠤᠨ ᠎ ᠬᠢᠨ ᠤᠷᠤᠯᠴᠠᠵᠤ᠂ ᠤᠯᠠᠨ ᠲᠦᠮᠡᠨ ᠦᠨ᠎ᠡ ᠲᠦᠯᠦᠪᠦᠷᠢ ᠦᠬᠡᠢ  ᠪᠠᠷ ᠰᠣᠨᠢᠷᠬᠠᠬᠤ︾ ᠰᠤᠶᠤᠯ  ᠤᠨ ᠠᠵᠢᠯᠯᠠᠭᠠᠨ ᠤ ᠰᠢᠨ᠎ᠡ ᠵᠠᠭᠪᠤᠷ  ᠢ ᠢᠳᠡᠪᠬᠢᠲᠠᠢ ᠲᠡᠯᠬᠡᠷᠡᠬᠦᠯᠵᠤ᠂ ᠤᠯᠠᠨ ᠨᠠᠶᠢᠳᠠ ᠶᠢᠨ ᠰᠤᠶᠤᠯ  ᠤᠨ ᠲᠦᠬᠦᠬᠡᠷᠤᠮᠵᠢ ᠶᠢᠨ ᠬᠡᠷᠡᠭᠯᠡᠯᠳᠡ ᠶᠢᠨ ᠨᠤᠷᠮ᠎ᠠ ᠪᠠ ᠦᠢᠯᠡᠴᠢᠯᠡᠬᠡᠨ  ᠤ ᠴᠢᠳᠠᠪᠤᠷᠢ ᠶᠢ ᠴᠢᠷᠮᠠᠶᠢᠨ ᠲᠡᠬᠡᠭᠰᠢᠯᠠᠬᠦᠯᠵᠤ  ᠂ ᠬᠤᠲᠠ  ᠶᠢᠨ ᠲᠤᠳᠤᠨᠠᠬᠢ ᠪᠤᠢ ᠪᠦᠬᠦᠢ ᠨᠡᠶᠢᠲᠡ  ᠶᠢᠨ ᠠᠰᠠᠷᠠᠮᠵᠢ  ᠶᠢᠨ ᠴᠢᠨᠠᠷᠲᠠᠢ ᠨᠤᠮ  ᠤᠨ ᠰᠠᠩ᠂ ᠰᠤᠶᠤᠯ  ᠤᠨ ᠬᠤᠳᠠ᠂ ᠮᠦᠽᠸᠢ  ᠂ ᠪᠠᠶ᠎ᠠ ᠶᠢᠨ ᠲᠡᠮᠢᠷ ᠤᠨ ᠤᠷᠳᠤᠨ ᠵᠡᠷᠭᠡ  ᠶᠢ ᠰᠦᠢᠳᠭᠡᠯ ᠬᠤᠷᠢᠶᠠᠬᠤ ᠦᠬᠡᠢ ᠪᠠᠷ ᠨᠡᠭᠡᠭᠡᠭᠦ  ᠶᠢ ᠪᠡᠶᠡᠯᠡᠬᠦᠯᠦᠨ᠎ᠡ᠃ ᠨᠢᠬᠡ ᠪᠦᠯᠦᠭ ᠰᠤᠳᠤᠨ ᠲᠠᠶᠢᠰᠠᠨ ᠵᠦᠴᠦᠭᠡ ᠎ ᠶᠢ ᠲᠦᠪᠯᠡᠷᠡᠬᠦᠯᠦᠨ ᠵᠤᠬᠢᠶᠠᠵᠤ᠂ ᠭᠠᠳᠠᠭᠠᠲᠤ  ᠳᠤ ᠣᠷᠠᠨ ᠰᠠᠶᠢᠬᠠᠨ ᠤ ᠲᠤᠭᠯᠠᠯᠲᠠ ᠭᠠᠷᠭᠠᠵᠤ ᠰᠣᠯᠢᠯᠴᠠᠭ᠎ᠠ ᠬᠢᠬᠦ ᠪᠠᠨ ᠴᠢᠩᠭᠠᠳᠬᠠᠨ᠎ᠠ᠃ ᠠᠷᠪᠠᠳᠣᠭᠠᠷ ᠬᠤᠭᠤᠴᠠᠭᠠᠨ  ᠤ ᠪᠦᠬᠦ ᠤᠯᠤᠰ  ᠤᠨ ᠴᠦᠬᠡᠨ ᠲᠤᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ  ᠶᠢᠨ ᠲᠠᠮᠢᠷ  ᠤᠨ ᠴᠤᠭᠯᠠᠭᠠᠨ  ᠤ ᠪᠡᠯᠡᠳᠭᠡᠯ ᠠᠵᠢᠯ  ᠢ ᠰᠠᠶᠢᠲᠤᠷ ᠬᠢᠵᠤ᠂ ᠤᠷᠳᠤᠰ  ᠤᠨ ᠤᠯᠠᠨ ᠤᠯᠤᠰ  ᠤᠨ ᠨᠠᠭᠠᠲᠤᠮ  ᠤᠨ ᠬᠤᠷᠠᠯ᠂ ᠴᠢᠩᠬᠢᠰ ᠬᠠᠭᠠᠨ ᠤ ᠰᠣᠶᠣᠯ  ᠤᠨ ᠨᠠᠶᠢᠷ ᠵᠡᠷᠭᠡ ᠴᠢᠬᠤᠯᠠ ᠶᠡᠭᠡ ᠠᠵᠢᠯᠯᠠᠭ᠎ᠠ ᠎ ᠶᠢ ᠰᠠᠶᠢᠲᠤᠷ ᠡᠷᠬᠢᠯᠡᠵᠤ᠂ ᠪᠠᠶᠠᠷ ᠲᠤᠷᠠᠰᠬᠠᠯ  ᠤᠨ ᠰᠣᠶᠣᠯ ᠤᠨ ᠨᠡᠷᠡᠲᠦ ᠲᠡᠮᠳᠡᠭ ᠢ ᠡᠬᠦᠳᠦᠨ᠎ᠡ᠃ ᠪᠤᠳᠠᠰ ᠤᠨ ᠪᠤᠰᠤ ᠰᠤᠶᠤᠯ  ᠤᠨ ᠦᠪ  ᠤᠨ ᠦᠯᠡᠳᠡᠭᠳᠡᠯ ᠢ ᠣᠯᠠᠮᠵᠢᠯᠠᠬᠤ ᠪᠠ ᠬᠠᠮᠠᠭᠠᠯᠠᠬᠤ ᠠᠵᠢᠯ  ᠢ ᠴᠢᠩᠭᠠᠳᠬᠠᠨ᠎ᠠ᠃ ᠰᠤᠶᠤᠯ  ᠤᠨ ᠪᠠᠶᠢᠭᠤᠯᠤᠮᠵᠢ  ᠶᠢᠨ ᠦᠬᠡᠷᠡᠴᠢᠯᠡᠯᠲᠡ ᠶᠢ ᠯᠠᠪᠳᠠᠭᠤᠨ  ᠢᠶᠠᠷ ᠠᠬᠢᠭᠤᠯᠵᠤ᠂ ᠡᠵᠡᠩᠨᠡᠯᠲᠡ  ᠶᠢᠨ ᠴᠢᠨᠠᠷᠲᠠᠢ ᠰᠤᠶᠤᠯ  ᠤᠨ ᠨᠢᠬᠡᠴᠢ ᠶᠢ ᠠᠵᠤ ᠠᠬᠤᠶᠢᠯᠠᠯ ᠪᠤᠯᠭᠠᠬᠤ ᠪᠠᠶᠢᠭᠤᠯᠤᠯ  ᠤᠨ ᠦᠬᠡᠷᠡᠴᠢᠯᠡᠯᠲᠡ ᠪᠤᠯᠤᠨ ᠨᠡᠶᠢᠲᠡ ᠶᠢᠨ ᠠᠰᠠᠷᠠᠮᠵᠢ  ᠶᠢᠨ ᠴᠢᠨᠡᠷᠳᠡᠢ ᠰᠣᠶᠣᠯ  ᠤᠨ ᠨᠢᠬᠡᠴᠢ  ᠶᠢᠨ ᠦᠬᠡᠷᠡᠴᠢᠯᠡᠯᠲᠡ  ᠶᠢ ᠭᠤᠤᠯᠳᠠᠯᠭ᠎ᠠ ᠲᠠᠢ ᠰᠠᠶᠢᠲᠤᠷ ᠠᠳᠬᠤᠨ᠎ᠠ᠂ ᠰᠤᠶᠤᠯ  ᠤᠨ  ᠪᠦᠳᠤᠬᠡᠯᠴᠢ ᠲᠦᠰᠦᠪᠯᠡᠯ᠂ ᠺᠢᠨᠤ᠋ ᠲᠧᠯᠸᠢᠰ ᠺᠠᠷᠲ᠋ᠣᠨ᠂ ᠲᠤᠭᠯᠠᠯᠲᠠ ᠵᠤᠭ᠎ᠠ ᠴᠡᠩᠬᠡᠯ᠂ ᠵᠠᠷ ᠮᠠᠳᠡᠭᠡ ᠲᠡᠯᠭᠡᠨ ᠦᠵᠡᠬᠦᠯᠦᠯᠬᠡ᠂ ᠭᠡᠪᠯᠡᠯ ᠤᠯᠠᠮᠵᠢᠯᠠᠬᠤ ᠵᠠᠭᠤᠴᠢ ᠵᠡᠷᠭᠡ ᠰᠣᠶᠣᠯ ᠤᠨ ᠠᠵᠤ ᠦᠢᠯᠡᠰ  ᠢ ᠶᠡᠬᠡᠪᠡᠷ ᠭᠦᠭᠵᠢᠬᠦᠯᠵᠤ᠂ ᠰᠣᠶᠤᠯ  ᠤᠨ ᠪᠦᠳᠤᠬᠡᠯᠴᠢ ᠲᠦᠰᠤᠪᠯᠠᠯ  ᠤᠨ ᠠᠵᠤ ᠦᠢᠯᠡᠰ  ᠤᠨ ᠬᠦᠷᠢᠶᠡᠯᠡᠩ᠂ ᠮᠤᠩᠭᠤᠯ  ᠤᠨ ᠡᠬᠦᠰᠤᠯ ᠬᠦᠭᠵᠢᠯ ᠤᠨ ᠺᠢᠨᠤ᠋ ᠲᠧᠯᠸᠢᠰ ᠤᠨ ᠬᠤᠲᠠ ᠵᠡᠷᠭᠡ ᠭᠤᠤᠯᠳᠠᠯᠭ᠎ᠠ ᠲᠠᠢ ᠰᠣᠶᠣᠯ  ᠤᠨ ᠠᠵᠤ ᠦᠢᠯᠡᠰ  ᠤᠨ ᠬᠦᠷᠢᠶᠡᠯᠡᠩ ᠲᠤᠭᠤᠷᠢᠭ  ᠤᠨ ᠪᠦᠲᠦᠭᠡᠨ ᠪᠠᠶᠢᠭᠤᠯᠤᠯᠲᠠ  ᠶᠢ ᠲᠦᠷᠭᠡᠳᠭᠡᠵᠤ᠂ 10 ᠭᠤᠤᠯᠳᠠᠯᠭ᠎ᠠ ᠲᠠᠢ ᠰᠣᠶᠣᠯ  ᠤᠨ ᠠᠵᠤ ᠠᠬᠤᠶᠢᠯᠠᠯ  ᠢ ᠲᠦᠪᠯᠡᠷᠡᠩᠬᠦᠢ ᠪᠠᠷ ᠬᠦᠭᠵᠢᠬᠦᠯᠦᠨ ᠪᠤᠵᠠᠭᠠᠶᠢᠷᠠᠭᠤᠯᠤᠨ᠎ᠠ᠃      ᠰᠢᠨᠵᠢᠯᠡᠬᠦ ᠤᠬᠠᠭᠠᠨ ᠮᠡᠷᠭᠡᠵᠢᠯ  ᠤᠨ ᠰᠢᠨ᠎ᠡ  ᠶᠢ ᠡᠬᠦᠳᠬᠦ ᠴᠢᠳᠠᠪᠤᠷᠢ  ᠶᠢ ᠲᠡᠭᠡᠭᠰᠢᠯᠡᠬᠦᠯᠦᠨ᠎ᠡ᠃ ᠴᠢᠩᠬᠤᠸᠠ ᠶᠡᠭᠡ ᠰᠣᠷᠭᠠᠭᠤᠯᠢ  ᠶᠢᠨ ᠲᠤᠤᠷ᠎ᠠ ᠨᠡᠬᠦᠷᠡᠰᠦᠳᠦ᠋ᠷᠦᠭᠴᠢᠲᠦ ᠬᠦᠨᠳᠡᠢ᠂ ᠲᠤᠮᠳᠠᠳᠣ ᠣᠯᠣᠰ  ᠤᠨ ᠰᠢᠨᠵᠢᠯᠡᠬᠦ ᠤᠬᠠᠭᠠᠨ  ᠤ ᠬᠦᠷᠢᠶᠡᠯᠡᠩ  ᠤᠨ ᠰᠢᠨᠵᠢᠯᠡᠬᠦ ᠤᠬᠠᠭᠠᠨ  ᠤ ᠲᠤᠮᠤ ᠲᠤᠨᠤᠭ ᠲᠦᠬᠦᠬᠡᠷᠦᠮᠵᠢ ᠵᠡᠷᠭᠡ ᠭᠤᠤᠯᠳᠠᠯᠭ᠎ᠠ ᠲᠠᠢ ᠬᠦᠷᠢᠶᠡᠯᠡᠩ ᠲᠤᠭᠤᠷᠢᠭ ᠪᠤᠯᠤᠨ ᠲᠦᠷᠦᠯ ᠵᠦᠢᠯ ᠤᠨ ᠪᠦᠲᠦᠬᠡᠨ ᠪᠠᠶᠢᠭᠤᠯᠤᠯᠲᠠ  ᠶᠢ ᠲᠦᠷᠭᠡᠳᠭᠡᠵᠤ᠂ ᠬᠤᠲᠠ  ᠶᠢᠨ ᠲᠡᠭᠡᠳᠦ ᠰᠢᠨ᠎ᠡ ᠮᠡᠷᠭᠡᠵᠢᠯ  ᠤᠨ ᠠᠵᠤ ᠦᠢᠯᠡᠰ  ᠤᠨ ᠬᠦᠷᠢᠶᠡᠯᠡᠩ ᠲᠤᠭᠤᠷᠢᠭ  ᠢ ᠤᠯᠤᠰ  ᠤᠨ ᠲᠡᠰ  ᠤᠨ ᠬᠦᠷᠢᠶᠡᠯᠡᠩ ᠲᠤᠭᠤᠷᠢᠭ ᠪᠤᠯᠭᠠᠬᠤ  ᠪᠠᠷ ᠭᠤᠶᠤᠴᠢᠯᠠᠨ ᠮᠡᠳᠡᠬᠦᠯᠦᠨ᠎ᠡ᠃ ᠭᠤᠤᠯᠳᠠᠯᠭ᠎ᠠ ᠲᠠᠢ ᠠᠵᠤ ᠦᠢᠯᠡᠳᠪᠦᠷᠢ  ᠶᠢᠨ ᠬᠦᠷᠢᠶᠡᠯᠡᠩ ᠲᠤᠭᠤᠷᠢᠭ ᠪᠤᠯᠤᠨ ᠠᠵᠤ ᠠᠬᠤᠶᠢᠯᠠᠯ ᠰᠢᠨᠵᠢᠯᠡᠬᠦ ᠣᠬᠠᠭᠠᠨ ᠮᠡᠷᠭᠡᠵᠢᠯ  ᠤᠨ ᠰᠢᠨ᠎ᠡ  ᠶᠢ ᠡᠬᠦᠳᠬᠦ ᠰᠣᠳᠣᠯᠣᠨ ᠨᠡᠭᠡᠭᠡᠯᠲᠡ  ᠶᠢᠨ ᠪᠠᠶᠢᠭᠤᠯᠤᠮᠵᠢ ᠪᠠᠶᠢᠭᠤᠯᠬᠤ  ᠶᠢ ᠲᠡᠮᠵᠢᠵᠤ᠂  ᠵᠢᠯ  ᠤᠨ ᠲᠤᠳᠤᠷ᠎ᠠ ᠦᠪᠡᠷᠳᠡᠭᠡᠨ ᠵᠠᠰᠠᠬᠤ ᠤᠷᠤᠨ  ᠤ ᠲᠡᠰ  ᠤᠨ ᠰᠢᠨᠵᠢᠯᠡᠬᠦ ᠤᠬᠠᠭᠠᠨ ᠮᠡᠷᠭᠡᠵᠢᠯ  ᠤᠨ ᠰᠣᠳᠣᠯᠣᠨ ᠨᠡᠬᠡᠬᠡᠯᠲᠡ ᠶᠢᠨ ᠪᠠᠶᠢᠭᠤᠯᠤᠮᠵᠢ ᠶᠢ  2 ᠎ ᠠᠴᠠ ᠲᠡᠬᠡᠭᠰᠢ᠂ 1 ᠤᠯᠤᠰ ᠤᠨ ᠲᠡᠭᠡᠳᠦ ᠰᠢᠨ᠎ᠡ ᠮᠡᠷᠭᠡᠵᠢᠯ  ᠤᠨ ᠠᠵᠤ ᠠᠬᠤᠶᠢᠯᠠᠯ  ᠢ 1 ᠪᠤᠶᠢᠵᠢᠭᠤᠯᠤᠨ᠎ᠠ᠃ ︽ᠴᠢᠳᠠᠪᠤᠷᠢᠲᠠᠨ  ᠤ ᠤᠷᠳᠤᠰ︾ ᠎ ᠤᠨ ᠪᠠᠶᠢᠯᠳᠤᠬᠤ ᠪᠤᠳᠤᠯᠭ᠎ᠠ ᠪᠤᠯᠤᠨ ︽ᠬᠦᠬᠡ ᠲᠦᠯᠦ ᠲᠦᠯᠦᠪᠯᠡᠭᠡ︾᠎ ᠶᠢ ᠠᠬᠢᠭᠤᠯᠵᠤ᠂ ᠲᠡᠭᠡᠳᠦ  ᠲᠠᠪᠬᠤᠷᠭᠠᠨ  ᠤ ᠴᠢᠳᠠᠪᠤᠷᠢᠲᠠᠨ ᠪᠤᠯᠤᠨ ᠰᠢᠨᠵᠢᠯᠡᠬᠦ ᠤᠬᠠᠭᠠᠨ ᠮᠡᠷᠭᠡᠵᠢᠯ  ᠤᠨ ᠰᠢᠨ᠎ᠡ  ᠶᠢ ᠡᠬᠦᠳᠬᠦ ᠲᠠᠶᠢᠴᠢᠯᠠᠭᠴᠢ ᠴᠢᠳᠠᠪᠤᠷᠢᠲᠠᠨ  ᠢ ᠢᠳᠡᠪᠬᠢᠲᠠᠢ  ᠪᠠᠷ ᠤᠷᠤᠭᠤᠯᠤᠨ ᠠᠪᠴᠢᠷᠠᠨ᠎ᠠ᠃ ᠠᠵᠤ  ᠠᠬᠤᠶᠢᠯᠠᠯ ᠤᠨ ᠠᠵᠢᠯᠴᠢᠨ  ᠤ ᠪᠤᠯᠪᠠᠰᠣᠷᠠᠯ  ᠢ ᠲᠡᠭᠡᠳᠦ ᠬᠡᠮᠵᠢᠶ᠎ᠡ  ᠪᠠᠷ ᠴᠢᠬᠤᠯᠠᠴᠢᠯᠠᠵᠤ᠂ ᠠᠵᠢᠯ ᠮᠡᠷᠭᠡᠵᠢᠯ  ᠤᠨ ᠰᠤᠷᠭᠠᠨ ᠬᠦᠮᠦᠵᠢᠯ  ᠢ ᠲᠦᠷᠭᠡᠭᠡᠨ ᠬᠦᠭᠵᠢᠬᠦᠯᠵᠤ᠂ ᠮᠠᠨ  ᠤ ᠬᠤᠲᠠ  ᠶᠢᠨ ᠠᠵᠢᠯ ᠮᠡᠷᠭᠡᠵᠢᠯ  ᠤᠨ ᠲᠡᠭᠡᠳᠦ ᠰᠣᠷᠭᠠᠭᠤᠯᠢ  ᠶᠢᠨ ᠬᠢᠴᠢᠶᠡᠯ ᠰᠢᠨᠵᠢᠯᠡᠬᠡᠨ  ᠤ ᠲᠤᠬᠢᠷᠠᠭᠤᠯᠤᠯᠲᠠ  ᠶᠢ ᠲᠡᠬᠦᠯᠳᠡᠷᠵᠢᠬᠦᠯᠵᠤ᠂ ᠲᠤᠮᠤ ᠬᠡᠯᠪᠡᠷᠢ  ᠶᠢᠨ ᠠᠵᠢᠯ ᠮᠡᠷᠭᠡᠵᠢᠯ  ᠤᠨ ᠪᠤᠲᠠᠲᠤ ᠪᠤᠯᠪᠠᠰᠣᠷᠠᠯ  ᠤᠨ ᠰᠠᠭᠤᠷᠢᠨ ᠭᠠᠵᠠᠷ  ᠢ ᠡᠬᠢᠯᠡᠬᠦᠯᠦᠨ ᠪᠦᠲᠦᠬᠡᠨ ᠪᠠᠶᠢᠭᠤᠯᠵᠤ᠂  ᠭᠠᠵᠠᠷ ᠤᠷᠤᠨ  ᠤ ᠠᠵᠤ ᠠᠬᠤᠶᠢᠯᠠᠯ ᠤᠨ ᠬᠦᠭᠵᠢᠯᠲᠡ  ᠳᠤ ᠲᠤᠬᠢᠷᠠᠭᠰᠠᠨ᠂ ᠠᠵᠤ ᠦᠢᠯᠡᠰ  ᠤᠨ ᠬᠦᠮᠦᠨ ᠭᠡᠷᠡᠭᠯᠡᠬᠦ ᠭᠡᠷᠡᠭᠴᠡᠭᠡ  ᠶᠢ ᠬᠠᠩᠭᠠᠭᠰᠠᠨ ᠨᠢᠬᠡ ᠪᠦᠯᠦᠭ ᠮᠡᠷᠭᠡᠵᠢᠯ  ᠤᠨ ᠴᠢᠳᠠᠪᠤᠷᠢᠲᠠᠨ  ᠢ ᠴᠢᠷᠮᠠᠶᠢᠨ ᠬᠦᠮᠦᠵᠢᠬᠦᠯᠦᠨ᠎ᠡ᠃      ᠰᠤᠷᠭᠠᠨ ᠬᠦᠮᠦᠵᠢᠯ  ᠤᠨ ᠦᠢᠯᠡᠰ  ᠢ ᠤᠷᠢᠳᠠᠪᠠᠷ ᠭᠦᠭᠵᠢᠬᠦᠯᠦᠨ᠎ᠡ᠃ ᠰᠣᠷᠭᠠᠨ ᠬᠦᠮᠦᠵᠢᠯ ᠤᠨ ᠪᠡᠯᠡ ᠤᠷᠤᠭᠤᠯᠤᠯᠲᠠ ᠶᠢ ᠴᠢᠨᠠᠭᠰᠢᠳᠠ ᠨᠡᠮᠡᠭᠳᠡᠬᠦᠯᠵᠤ᠂ ᠰᠣᠷᠭᠠᠨ ᠬᠦᠮᠦᠵᠢᠯ  ᠤᠨ ᠵᠢᠭᠠᠨ ᠰᠤᠷᠭᠠᠬᠤ ᠨᠦᠬᠦᠴᠡᠯ  ᠢ ᠰᠠᠶᠢᠵᠢᠷᠠᠭᠤᠯᠵᠤ᠂ 42 ᠬᠡᠤᠭᠡᠳ  ᠤᠨ ᠴᠡᠴᠡᠷᠯᠢᠭ᠂ 59 ᠲᠤᠮᠳᠠᠳᠣ ᠪᠠᠭ᠎ᠠ ᠰᠣᠷᠭᠠᠭᠤᠯᠢ  ᠶᠢ ᠰᠢᠨ᠎ᠡ  ᠪᠠᠷ ᠪᠤᠶᠤ ᠦᠷᠭᠡᠳᠭᠡᠨ ᠪᠠᠶᠢᠭᠤᠯᠤᠨ᠎ᠠ᠃ ᠬᠤᠲᠠ  ᠶᠢᠨ ᠮᠤᠩᠭᠤᠯ ᠦᠨᠳᠦᠰᠦᠲᠡᠨ  ᠤ ᠰᠣᠷᠭᠠᠭᠤᠯᠢ᠂ ᠬᠤᠲᠠ  ᠶᠢᠨ ᠪᠠᠶᠢᠭᠠᠯᠢ ᠲᠧᠭᠨᠢᠭ  ᠤᠨ ᠤᠬᠠᠭᠠᠨ ᠎ ᠤ ᠰᠣᠷᠭᠠᠭᠤᠯᠢ ᠶᠢ ᠰᠢᠨ᠎ᠡ ᠰᠤᠷᠭᠠᠭᠤᠯᠢ  ᠶᠢᠨ ᠲᠤᠭᠤᠷᠢᠭ  ᠲᠤ  ᠨᠠᠬᠦᠯᠬᠡᠵᠤ ᠢᠷᠡᠬᠦ ᠶᠢ ᠦᠨᠡᠨᠬᠦ ᠪᠠᠲᠤᠯᠠᠵᠤ᠂ ᠦᠪᠦᠷ ᠮᠤᠩᠭᠤᠯ  ᠤᠨ ᠶᠡᠭᠡ ᠰᠣᠷᠭᠠᠭᠤᠯᠢ ᠶᠢᠨ ᠤᠷᠳᠤᠰ ᠲᠡᠭᠡᠳᠦ ᠰᠣᠷᠭᠠᠭᠤᠯᠢ  ᠶᠢᠨ ᠬᠤᠶᠠᠳᠤᠭᠠᠷ ᠬᠤᠭᠤᠴᠠᠭᠠᠨ  ᠤ ᠪᠠᠷᠢᠯᠭ᠎ᠠ  ᠶᠢ ᠲᠠᠭᠤᠰᠬᠠᠵᠤ᠂ ᠬᠤᠲᠠ  ᠶᠢᠨ ᠠᠮᠢ ᠠᠬᠤᠢ ᠤᠷᠴᠢᠨ ᠲᠤᠭᠤᠷᠢᠨ  ᠤ ᠲᠡᠭᠡᠳᠦ ᠰᠤᠷᠠᠭᠠᠤᠯᠢ ᠶᠢ ᠲᠦᠷᠬᠡᠨ ᠢᠶᠠᠷ ᠪᠦᠲᠦᠬᠡᠨ ᠪᠠᠶᠢᠭᠤᠯᠤᠨ᠎ᠠ᠃ ᠤᠯᠤᠰ  ᠤᠨ ᠲᠤᠳᠤᠭᠠᠲᠤ ᠭᠠᠳᠠᠭᠠᠲᠤ  ᠶᠢᠨ ᠨᠡᠷᠡᠲᠦ ᠲᠡᠭᠡᠳᠦ ᠰᠣᠷᠭᠠᠭᠤᠯᠢ ᠯᠤᠭ᠎ᠠ ᠶᠢᠨ ᠬᠠᠮᠳᠤᠷᠡᠯᠴᠠᠭ᠎ᠠ ᠶᠢ ᠴᠢᠩᠭᠠᠳᠬᠠᠵᠤ᠂  ᠴᠢᠩᠬᠤᠸᠠ ᠶᠡᠭᠡ ᠰᠣᠷᠭᠠᠭᠤᠯᠢ᠂ ᠪᠡᠬᠡᠵᠢᠩ ᠶᠡᠭᠡ ᠰᠤᠷᠭᠠᠭᠤᠯᠢ᠂  ᠪᠡᠭᠡᠵᠢᠩ  ᠤᠨ ᠠᠭᠠᠷ ᠰᠠᠨᠰᠠᠷ  ᠤᠨ ᠠᠶᠠᠯᠠᠯ  ᠤᠨ ᠶᠡᠭᠡ ᠰᠣᠷᠭᠠᠭᠤᠯᠢ ᠵᠡᠷᠭᠡ ᠰᠤᠷᠭᠠᠭᠤᠯᠢ ᠨᠤᠭᠤᠳ ᠲᠠᠢ ᠲᠤᠭᠳᠠᠭᠰᠠᠨ ᠬᠠᠮᠲᠤᠷᠠᠨ ᠠᠵᠢᠯᠯᠠᠬᠤ ᠬᠡᠯᠡᠯᠴᠡᠭᠡᠷ  ᠢ ᠨᠠᠶᠢᠲᠠᠪᠤᠷᠢᠵᠢᠭᠤᠯᠵᠤ᠂ ᠤᠷᠳᠤᠰ  ᠶᠡᠭᠡ ᠰᠣᠷᠭᠠᠭᠤᠯᠢ  ᠶᠢᠨ ᠬᠤᠲᠠ  ᠶᠢᠨ ᠪᠦᠲᠦᠬᠡᠨ ᠪᠠᠶᠢᠭᠤᠯᠤᠯᠲᠠ ᠶᠢ ᠪᠦᠬᠦ ᠲᠠᠯ᠎ᠠ  ᠪᠠᠷ ᠡᠬᠢᠯᠡᠬᠦᠯᠦᠨ᠎ᠡ᠃ ᠰᠣᠷᠭᠠᠭᠤᠯᠢ  ᠶᠢᠨ ᠬᠠᠮᠢᠶᠠᠷᠤᠯᠲᠠ ᠪᠤᠯᠤᠨ ᠪᠠᠭᠰᠢ  ᠶᠢᠨ ᠡᠩᠨᠡᠬᠡᠨ  ᠤ ᠪᠠᠶᠢᠭᠤᠯᠤᠯᠲᠠ  ᠶᠢ ᠴᠢᠩᠭᠠᠳᠬᠠᠵᠤ᠂ ᠨᠢᠬᠡ ᠪᠦᠯᠦᠭ ᠰᠢᠯᠢᠳᠡᠭ ᠵᠢᠭᠠᠨ ᠰᠣᠷᠭᠠᠯᠲᠠ ᠪᠤᠯᠤᠨ ᠬᠠᠮᠢᠶᠠᠷᠤᠯᠲᠠ  ᠶᠢᠨ ᠴᠢᠳᠠᠪᠤᠷᠢᠲᠠᠨ ᠢ ᠰᠢᠨ᠎ᠡ  ᠪᠠᠷ ᠤᠷᠤᠭᠤᠯᠤᠨ ᠠᠪᠴᠢᠷᠠᠵᠤ᠂ ᠭᠡᠪ ᠴᠢᠨᠠᠷ  ᠤᠨ ᠰᠣᠷᠭᠠᠨ ᠬᠦᠮᠦᠵᠢᠯ  ᠢ ᠢᠳᠡᠪᠬᠢᠲᠠᠢ ᠠᠬᠢᠭᠤᠯᠵᠤ᠂ ᠰᠠᠭᠤᠷᠢ ᠰᠤᠷᠭᠠᠨ ᠬᠦᠮᠦᠵᠢᠯ ᠤᠨ ᠲᠡᠩᠴᠡᠭᠦᠷᠢᠲᠠᠢ ᠬᠦᠭᠵᠢᠯᠲᠡ  ᠶᠢ ᠴᠢᠷᠮᠠᠶᠢᠨ ᠠᠬᠢᠭᠤᠯᠵᠤ᠂ ᠰᠣᠷᠭᠠᠨ ᠬᠦᠮᠦᠵᠢᠯ  ᠤᠨ ᠵᠢᠭᠠᠨ ᠰᠣᠷᠭᠠᠯᠲᠠ  ᠶᠢᠨ ᠬᠢᠷᠢ ᠲᠦᠪᠰᠢᠨ  ᠢ ᠲᠠᠰᠤᠷᠠᠯᠲᠠ ᠦᠬᠡᠢ ᠲᠡᠬᠡᠭᠰᠢᠯᠠᠬᠦᠯᠤᠨ᠎ᠠ᠃ ᠲᠦᠷᠦ  ᠶᠢᠨ ᠪᠤᠳᠤᠯᠭ᠎ᠠ ᠠᠷᠭ᠎ᠠ ᠬᠡᠮᠵᠢᠶ᠎ᠡ ᠲᠤᠭᠳᠠᠭᠠᠵᠤ᠂ ᠦᠨᠳᠦᠰᠦᠲᠡᠨ  ᠤ ᠰᠤᠷᠭᠠᠨ ᠬᠦᠮᠦᠵᠢᠯ  ᠤᠨ ᠦᠢᠯᠡᠰ  ᠤᠨ ᠬᠦᠭᠵᠢᠯᠲᠡ  ᠶᠢ ᠠᠬᠢᠭᠤᠯᠤᠨ᠎ᠠ᠃      ᠡᠷᠡᠬᠦᠯ ᠬᠠᠮᠠᠭᠠᠯᠠᠯ  ᠤᠨ ᠦᠢᠯᠡᠰ  ᠢ ᠶᠡᠬᠡᠪᠡᠷ ᠭᠦᠭᠵᠢᠬᠦᠯᠦᠨ᠎ᠡ᠃ ᠡᠮ ᠡᠮᠨᠡᠯᠬᠡ ᠡᠷᠡᠬᠦᠯ ᠬᠠᠮᠠᠭᠠᠯᠠᠯ  ᠤᠨ ᠪᠠᠶᠢᠭᠤᠯᠤᠮᠵᠢ ᠪᠤᠯᠤᠨ ᠴᠢᠳᠠᠪᠤᠷᠢᠲᠠᠨ  ᠤ ᠡᠩᠨᠡᠭᠡ ᠶᠢᠨ ᠪᠠᠶᠢᠭᠤᠯᠤᠯᠲᠠ  ᠶᠢ ᠴᠢᠩᠭᠠᠳᠬᠠᠵᠤ᠂ ᠤᠷᠳᠤᠰ ᠡᠮᠨᠡᠯᠬᠡ  ᠶᠢᠨ ᠬᠤᠷᠢᠶ᠎ᠠ᠂ ᠡᠬᠡ  ᠨᠢᠯᠬᠠᠰ  ᠤᠨ ᠡᠷᠡᠬᠦᠯᠵᠢᠯ  ᠤᠨ ᠬᠤᠷᠢᠶ᠎ᠠ  ᠶᠢ ᠪᠠᠶᠢᠭᠤᠯᠤᠨ ᠠᠰᠢᠭᠯᠠᠯᠲᠠ ᠳᠤ ᠤᠷᠤᠭᠤᠯᠬᠤ  ᠪᠠᠷ ᠴᠢᠷᠮᠠᠶᠢᠵᠤ᠂ ᠬᠤᠲᠠ  ᠶᠢᠨ ᠬᠤᠶᠠᠳᠤᠭᠠᠷ ᠡᠮᠨᠡᠯᠬᠡ  ᠶᠢᠨ ᠬᠤᠷᠢᠶ᠎ᠠ᠂ ᠬᠢᠳᠡᠳ ᠡᠮᠨᠡᠯᠬᠡ  ᠶᠢᠨ ᠬᠤᠷᠢᠶ᠎ᠠ᠂ ᠵᠢᠷᠦᠬᠡ ᠲᠠᠷᠢᠬᠢ ᠴᠢᠰᠣᠨ ᠰᠣᠳᠠᠯ ᠤᠨ ᠡᠮᠨᠡᠯᠬᠡ  ᠶᠢᠨ ᠬᠤᠷᠢᠶ᠎ᠠ  ᠶᠢ ᠪᠠᠷᠢᠯᠭ᠎ᠠ ᠡᠬᠢᠯᠡᠬᠦᠯᠦᠨ ᠪᠦᠲᠦᠬᠡᠨ ᠪᠠᠶᠢᠭᠤᠯᠵᠤ᠂ ᠲᠤᠮᠳᠠᠳᠣ ᠣᠯᠣᠰ ᠤᠨ ᠰᠢᠨᠵᠢᠯᠡᠬᠦ ᠤᠬᠠᠭᠠᠨ  ᠤ ᠬᠦᠷᠢᠶᠡᠯᠡᠩ  ᠤᠨ ᠲᠤᠤᠷ᠎ᠠ ᠦᠪᠡᠷ  ᠤᠨ ᠦᠷᠳᠡᠭᠲᠦ ᠡᠮᠨᠡᠯᠬᠡ ᠶᠢᠨ ᠲᠦᠷᠦᠯ ᠵᠦᠢᠯ  ᠢ ᠤᠷᠤᠭᠤᠯᠤᠨ ᠭᠡᠷᠡᠭᠵᠢᠬᠦᠯᠵᠤ᠂ ᠦᠨᠳᠦᠰᠦᠨ ᠱᠠᠲᠤᠨ  ᠤ ᠡᠮ ᠡᠮᠨᠡᠯᠬᠡ ᠎ ᠶᠢᠨ ᠪᠠᠶᠢᠭᠤᠯᠤᠮᠵᠢ  ᠶᠢᠨ ᠪᠦᠬᠦ ᠰᠠᠯᠠᠭᠠᠨ  ᠤ ᠡᠮᠴᠢ  ᠶᠢ ᠬᠦᠮᠦᠵᠢᠬᠦᠯᠬᠦ ᠲᠦᠯᠦᠪᠯᠡᠭᠡ  ᠶᠢ ᠡᠬᠢᠯᠡᠬᠦᠯᠦᠨ᠎ᠡ᠃ ᠠᠯᠪᠠᠨ  ᠠᠴᠠ ᠡᠷᠬᠢᠯᠡᠭᠰᠡᠨ ᠡᠮᠨᠡᠯᠬᠡ  ᠶᠢᠨ ᠬᠤᠷᠢᠶ᠎ᠠ ᠶᠢᠨ ᠦᠬᠡᠷᠡᠴᠢᠯᠡᠯᠲᠡ ᠶᠢᠨ ᠠᠯᠬᠤᠴᠠ  ᠶᠢ ᠲᠦᠷᠭᠡᠳᠭᠡᠵᠤ᠂ ᠬᠤᠰᠢᠭᠤ ᠪᠤᠯᠤᠨ ᠬᠦᠳᠡᠭᠡ ᠲᠤᠰᠬᠤᠨ  ᠤ ᠡᠮ ᠡᠮᠨᠡᠯᠬᠡ ᠡᠷᠡᠬᠦᠯ ᠬᠠᠮᠠᠭᠠᠯᠠᠯ  ᠤᠨ ᠪᠠᠶᠢᠭᠤᠯᠤᠮᠵᠢ  ᠶᠢᠨ ᠴᠤᠭᠴᠠᠵᠢᠭᠰᠠᠨ ᠬᠠᠮᠢᠶᠠᠷᠤᠯᠲᠠ  ᠶᠢᠨ ᠰᠢᠨ᠎ᠡ ᠭᠡᠪ ᠵᠠᠭᠪᠤᠷ  ᠢ ᠢᠳᠡᠪᠬᠢᠲᠠᠢ ᠲᠡᠯᠬᠡᠷᠡᠬᠦᠯᠦᠨ᠎ᠡ᠃ ᠮᠤᠩᠭᠤᠯ ᠬᠢᠳᠠᠳ ᠡᠮ ᠡᠮᠨᠡᠯᠬᠡ  ᠶᠢᠨ ᠦᠢᠯᠡᠰ  ᠢ ᠶᠡᠬᠡᠪᠡᠷ ᠭᠦᠭᠵᠢᠬᠦᠯᠦᠨ᠎ᠡ᠃ ᠬᠦᠮᠦᠨ ᠠᠮᠠ ᠬᠢᠬᠡᠳ ᠲᠦᠯᠦᠪᠯᠡᠭᠡᠲᠠᠢ  ᠪᠠᠷ ᠬᠡᠤᠭᠡᠳ ᠠᠪᠬᠤ ᠠᠵᠢᠯ  ᠢ ᠰᠠᠶᠢᠲᠤᠷ ᠬᠢᠵᠤ᠂ ᠲᠦᠷᠦᠭᠰᠡᠨ ᠬᠦᠮᠦᠨ ᠠᠮᠠ ᠎ ᠶᠢᠨ ᠭᠡᠪ ᠴᠢᠨᠠᠷ  ᠢ ᠲᠡᠭᠡᠭᠰᠢᠯᠡᠬᠦᠯᠦᠨ᠎ᠡ᠃     ︵ᠨᠠᠢᠮᠠ︶ ᠦᠬᠡᠷᠡᠴᠢᠯᠡᠯᠲᠡ ᠬᠢᠵᠤ ᠴᠢᠯᠦᠬᠡᠳᠡᠢ ᠶᠠᠪᠤᠯᠴᠠᠬᠤ  ᠶᠢ ᠢᠳᠡᠪᠬᠢᠲᠠᠢ ᠠᠬᠢᠭᠤᠯᠤᠨ᠎ᠠ᠃ ᠤᠯᠤᠰ  ᠤᠨ ᠦᠮᠴᠢᠯᠡᠯᠲᠦ ᠭᠦᠷᠦᠩᠬᠡ  ᠶᠢᠨ ᠬᠢᠨᠠᠯᠲᠠ ᠬᠠᠮᠢᠶᠠᠷᠤᠯᠲᠠ  ᠶᠢ ᠴᠢᠩᠭᠠᠳᠬᠠᠵᠤ᠂ ᠤᠯᠤᠰ  ᠤᠨ ᠦᠮᠴᠢᠯᠡᠯᠲᠦ ᠬᠦᠷᠦᠩᠬᠡ ᠪᠤᠯᠤᠨ ᠡᠬᠢ ᠪᠠᠶᠠᠯᠢᠭ  ᠢ ᠲᠠᠪᠠᠭᠤᠯᠢᠭ ᠠᠵᠤ ᠦᠢᠯᠡᠰ᠂ ᠲᠠᠪᠠᠭᠤᠯᠢᠭ ᠠᠵᠤ ᠠᠬᠤᠶᠢᠯᠠᠯ ᠵᠦᠭ ᠲᠦᠪᠯᠡᠷᠡᠬᠦᠯᠬᠦ  ᠶᠢ ᠬᠦᠲᠦᠯᠦᠨ ᠵᠢᠯᠤᠭᠤᠳᠴᠣ᠂ ᠤᠯᠤᠰ  ᠤᠨ ᠦᠮᠴᠢᠯᠡᠯᠲᠦ ᠬᠦᠷᠦᠩᠬᠡ  ᠶᠢᠨ ᠺᠤᠮᠫᠠᠨᠢ  ᠶᠢᠨ ᠪᠤᠲᠠᠲᠤ ᠬᠦᠴᠦᠨ  ᠢ ᠪᠤᠵᠠᠭᠠᠶᠢᠷᠠᠭᠤᠯᠵᠤ᠂ ᠦᠷᠳᠡᠭ  ᠢ ᠪᠠᠲᠤᠯᠠᠵᠤ ᠦᠷᠳᠡᠭ  ᠨᠡᠮᠡᠭᠳᠡᠬᠦᠯᠬᠦ ᠶᠢ ᠦᠨᠡᠨᠬᠦ ᠪᠡᠶᠡᠯᠡᠬᠦᠯᠦᠨ᠎ᠡ᠃ ᠵᠠᠰᠠᠭ  ᠤᠨ ᠤᠷᠳᠤᠨ  ᠤ ᠪᠡᠯᠡ ᠴᠤᠭᠯᠠᠭᠤᠯᠬᠤ ᠲᠠᠪᠴᠠᠩ ᠎ ᠢ ᠡᠮᠬᠢᠯᠡᠨ ᠨᠡᠶᠢᠯᠡᠬᠦᠯᠵᠤ᠂ ᠵᠠᠰᠠᠭ  ᠤᠨ ᠤᠷᠳᠤᠨ  ᠤ ᠦᠷᠢ ᠰᠢᠷᠢ  ᠶᠢᠨ ᠬᠠᠮᠢᠶᠠᠷᠤᠯᠲᠠ ᠶᠢ ᠴᠢᠩᠭᠠᠳᠬᠠᠵᠤ᠂ ᠵᠢᠬᠡᠯᠡᠯᠬᠡ  ᠶᠢᠨ ᠭᠡᠪᠴᠢᠶ᠎ᠡ  ᠶᠢ ᠵᠤᠬᠢᠰᠲᠠᠢ ᠪᠠᠭᠠᠰᠬᠠᠵᠤ᠂ ᠵᠢᠬᠡᠯᠡᠯᠬᠡ  ᠶᠢᠨ ᠠᠶᠤᠯ ᠲᠦᠭᠰᠢᠬᠦᠷᠢ  ᠶᠢ ᠪᠦᠲᠦᠮᠵᠢᠲᠠᠢ ᠰᠡᠷᠭᠡᠶᠢᠯᠡᠨ᠎ᠡ᠃ ᠤᠯᠤᠰ ᠤᠨ ᠡᠬᠢ ᠪᠠᠶᠠᠯᠢᠭ ᠤᠨ ᠬᠡᠯᠪᠡᠷᠢ  ᠶᠢᠨ ᠬᠤᠲᠠ  ᠶᠢᠨ ᠰᠢᠨ᠎ᠡ ᠎ ᠶᠢ ᠡᠬᠦᠳᠬᠦ ᠭᠦᠭᠵᠢᠯᠲᠡ  ᠶᠢᠨ ᠶᠡᠷᠦᠩᠬᠡᠶᠢᠯᠡᠭᠰᠡᠨ ᠲᠦᠬᠦᠷᠵᠢᠬᠦᠯᠬᠦ ᠦᠬᠡᠷᠡᠴᠢᠯᠡᠯᠲᠡ  ᠶᠢᠨ ᠲᠤᠷᠰᠢᠯᠲᠠ  ᠶᠢᠨ ᠴᠡᠭ ᠤᠨ ᠬᠤᠲᠠ ᠪᠤᠯᠬᠤ  ᠪᠠᠷ ᠴᠢᠷᠮᠠᠶᠢᠨ᠎ᠠ᠃ ᠦᠪᠡᠷᠳᠡᠭᠡᠨ ᠵᠠᠰᠠᠬᠤ ᠤᠷᠤᠨ  ᠤ ᠮᠦᠩᠬᠦᠨ ᠬᠦᠢᠯᠬᠡᠬᠡᠨ  ᠤ ᠦᠬᠡᠷᠡᠴᠢᠯᠡᠯᠲᠡ ᠶᠢᠨ ᠰᠢᠨ᠎ᠡ ᠶᠢ ᠡᠬᠦᠳᠬᠦ ᠲᠤᠷᠰᠢᠯᠲᠠ  ᠶᠢᠨ ᠴᠡᠭ  ᠤᠨ ᠬᠤᠲᠠ ᠶᠢᠨ ᠪᠦᠲᠦᠬᠡᠨ ᠪᠠᠶᠢᠭᠤᠯᠤᠯᠲᠠ  ᠶᠢ ᠠᠬᠢᠭᠤᠯᠵᠤ᠂ ᠮᠦᠩᠬᠦᠨ ᠬᠦᠢᠯᠬᠡᠬᠡᠨ  ᠤ ᠰᠢᠨ᠎ᠡ  ᠶᠢ ᠡᠬᠦᠳᠬᠦ ᠶᠢ ᠵᠤᠷᠢᠭᠵᠢᠭᠤᠯᠤᠨ ᠲᠡᠮᠵᠢᠵᠤ᠂ ᠠᠷᠠᠳ  ᠤᠨ  ᠬᠦᠷᠦᠩᠬᠡ  ᠶᠢ ᠵᠢᠯᠤᠭᠤᠳᠤᠨ ᠪᠤᠲᠠᠲᠤ  ᠴᠤᠭᠴᠠᠳᠤ ᠠᠵᠤ ᠠᠬᠤᠢ ᠶᠢᠨ ᠬᠦᠷᠢᠶ᠎ᠠ ᠬᠡᠪᠴᠢᠶ᠎ᠠ  ᠎ ᠳᠤ ᠤᠷᠤᠭᠤᠯᠤᠨ᠎ᠠ᠃ ᠠᠵᠢᠯ ᠦᠢᠯᠡᠰ  ᠤᠨ ᠨᠢᠬᠡᠴᠢ  ᠶᠢᠨ ᠲᠦᠷᠦᠯ ᠬᠤᠪᠢᠶᠠᠬᠤ ᠦᠬᠡᠷᠡᠴᠢᠯᠡᠯᠲᠡ ᠎ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠦᠪᠡᠷᠳᠡᠭᠡᠨ  ᠵᠠᠰᠠᠬᠤ ᠤᠷᠤᠨ  ᠤ ᠡᠳ᠋  ᠤᠨ ᠵᠠᠰᠠᠭ ᠭᠠᠶᠢᠯᠢ  ᠶᠢᠨ ᠪᠠᠶᠢᠭᠤᠯᠤᠯ  ᠤᠨ ᠦᠬᠡᠷᠡᠴᠢᠯᠡᠯᠲᠡ  ᠶᠢᠨ ᠱᠠᠭᠠᠷᠳᠠᠯᠭ᠎ᠠ ᠶᠤᠰᠤᠭᠠᠷ᠂ ᠬᠤᠲᠠ᠂ ᠬᠤᠰᠢᠭᠤ ᠬᠤᠶᠠᠷ ᠱᠠᠲᠤᠨ  ᠤ ᠡᠳ᠋  ᠤᠨ ᠵᠠᠰᠠᠭ  ᠤᠨ ᠬᠤᠪᠢᠶᠠᠬᠤ ᠪᠠᠶᠢᠭᠤᠯᠤᠯ  ᠳᠤ ᠵᠤᠬᠢᠰᠲᠠᠢ ᠪᠠᠷ ᠲᠤᠭᠢᠷᠠᠭᠤᠯᠤᠯᠲᠠ ᠬᠢᠨ᠎ᠡ᠃ ᠡᠨᠡ ᠵᠢᠯ ᠠᠴᠠ ᠡᠬᠢᠯᠡᠨ᠂ ᠤᠳᠤᠭ ᠤᠨ ᠡᠮᠦᠨᠡᠲᠦ ᠬᠤᠰᠢᠭᠤ᠂ ᠬᠠᠩᠬᠢᠨ ᠬᠤᠰᠢᠭᠤ᠂ ᠲᠠᠯᠠᠳ ᠬᠤᠰᠢᠭᠤᠨ  ᠤ ᠡᠳ᠋  ᠤᠨ ᠵᠠᠰᠠᠭ  ᠤᠨ ᠬᠤᠲᠠ  ᠶᠢᠨ ᠲᠤᠰ ᠱᠠᠲᠤᠨ  ᠳᠤ ᠲᠤᠰᠢᠶᠠᠭᠰᠠᠨ ᠭᠡᠰᠡᠭ  ᠢ ᠪᠦᠬᠦ ᠲᠤᠭ᠎ᠠ  ᠪᠠᠷ ᠪᠤᠴᠠᠭᠠᠨ ᠦᠭᠴᠦ᠂ ᠬᠤᠲᠠ ᠬᠦᠳᠡᠭᠡ  ᠶᠢ ᠨᠢᠬᠡᠳᠦᠯᠲᠠᠢ ᠲᠦᠯᠦᠪᠵᠢᠬᠦᠯᠬᠦ ᠪᠠ ᠶᠠᠳᠠᠭᠤ  ᠶᠢ ᠲᠡᠳᠬᠦᠵᠤ  ᠨᠡᠬᠡᠬᠡᠯᠳᠠ ᠬᠢᠬᠦ ᠠᠵᠢᠯ  ᠳᠤ ᠲᠤᠰᠬᠠᠢ ᠵᠦᠢᠯ ᠢᠶᠠᠷ ᠭᠡᠷᠡᠭᠯᠡᠵᠤ᠂ ᠡᠳ᠋  ᠤᠨ ᠵᠠᠰᠠᠭ  ᠬᠦᠴᠢᠷᠳᠠᠯᠳᠡᠢ ᠬᠤᠰᠢᠭᠤ ᠲᠤᠭᠤᠷᠢᠭ  ᠤᠨ ᠵᠠᠷᠤᠯᠭ᠎ᠠ ᠶᠢᠨ ᠲᠠᠷᠤᠭᠠᠰᠣ ᠶᠢ ᠬᠦᠩᠭᠡᠷᠡᠬᠦᠯᠦᠨ᠎ᠡ᠃ ᠡᠬᠢ ᠪᠠᠶᠠᠯᠢᠭ  ᠤᠨ ᠲᠤᠬᠢᠷᠠᠭᠤᠯᠤᠯᠲᠠ ᠶᠢᠨ ᠲᠦᠷᠦ  ᠶᠢᠨ ᠪᠤᠳᠤᠯᠭ᠎ᠠ  ᠳᠤ ᠲᠤᠬᠢᠷᠠᠭᠤᠯᠤᠯᠲᠠ ᠬᠢᠵᠤ᠂ ᠲᠤᠬᠢᠷᠠᠭᠤᠯᠤᠯᠲᠠ ᠎ ᠶᠢᠨ ᠲᠡᠰ ᠲᠠᠷᠠᠭᠠᠯᠠᠯ  ᠢ ᠴᠢᠩᠳᠠᠯᠠᠵᠤ᠂ ᠡᠬᠢ ᠪᠠᠶᠠᠯᠢᠭ ᠤᠨ ᠲᠤᠬᠢᠷᠠᠭᠤᠯᠤᠯᠲᠠ  ᠶᠢᠨ ᠦᠷ᠎ᠡ ᠠᠰᠢᠭ  ᠢ ᠲᠡᠭᠡᠭᠰᠢᠯᠡᠬᠦᠯᠵᠤ᠂ ᠠᠵᠤ ᠦᠢᠯᠡᠰ  ᠤᠨ ᠪᠦᠲᠦᠴᠡ ᠎ ᠶᠢᠨ ᠭᠡᠯᠪᠡᠷᠢ  ᠶᠢ ᠬᠤᠪᠢᠷᠠᠭᠤᠯᠤᠨ ᠲᠡᠰ ᠲᠡᠪᠰᠢᠬᠦᠯᠬᠦ  ᠶᠢ ᠠᠬᠢᠭᠤᠯᠤᠨ᠎ᠠ᠃ ᠤᠯᠤᠰ  ᠤᠨ ᠲᠤᠳᠤᠭᠠᠲᠤ ᠭᠠᠳᠠᠭᠠᠲᠤ ᠶᠢᠨ ᠬᠢᠨ ᠲᠠᠢ ᠬᠠᠮᠲᠤᠷᠠᠨ ᠠᠵᠢᠯᠯᠠᠵᠤ ᠰᠤᠯᠢᠯᠴᠠᠭ᠎ᠠ ᠬᠢᠬᠦ ᠪᠠᠨ ᠴᠢᠩᠭᠠᠳᠬᠠᠵᠤ᠂ ᠬᠦᠭᠵᠢᠭᠰᠡᠨ ᠭᠠᠵᠠᠷ ᠤᠷᠤᠨ  ᠤ ᠠᠵᠤ ᠦᠢᠯᠡᠰ  ᠤᠨ ᠰᠢᠯᠵᠢᠯᠲᠡ ᠶᠢ ᠢᠳᠡᠪᠬᠢᠲᠠᠢ ᠵᠠᠯᠭᠠᠮᠵᠢᠯᠠᠵᠤ᠂ ᠰᠢᠶᠠᠩᠭᠠᠩ  ᠤᠨ ᠠᠵᠤ ᠠᠬᠤᠢ ᠶᠢᠨ ᠠᠷᠠᠯᠵᠢᠶᠠᠨ  ᠤ ᠬᠠᠮᠲᠤᠷᠠᠨ ᠠᠵᠢᠯᠯᠠᠬᠤ ᠭᠠᠷᠠᠭ  ᠤᠨ ᠠᠷᠡᠯᠵᠢᠶᠠᠴᠢᠨ ᠤᠷᠢᠬᠤ  ᠠᠵᠢᠯᠯᠠᠭ᠎ᠠ  ᠶᠢ ᠰᠠᠶᠢᠲᠤᠷ ᠵᠤᠬᠢᠶᠠᠨ ᠪᠠᠶᠢᠭᠤᠯᠵᠤ᠂ ᠵᠢᠶᠠᠩᠰᠣ ᠮᠤᠵᠢ᠂ ᠲᠤᠮᠳᠠᠳᠣ ᠣᠯᠣᠰ  ᠤᠨ ᠰᠢᠨᠵᠢᠯᠡᠬᠦ ᠤᠬᠠᠭᠠᠨ ᠤ ᠬᠦᠷᠢᠶᠡᠯᠡᠩ ᠵᠡᠷᠭᠡ ᠭᠠᠵᠠᠷ ᠤᠷᠤᠨ ᠪᠠ ᠡᠷᠳᠡᠮ ᠰᠢᠨᠵᠢᠯᠡᠬᠡᠨ  ᠤ ᠬᠦᠷᠢᠶᠡᠯᠡᠩ ᠭᠠᠵᠠᠷ ᠯᠤᠭ᠎ᠠ ᠲᠤᠭᠳᠠᠭᠰᠠᠨ ᠬᠠᠮᠲᠤᠷᠠᠨ ᠠᠵᠢᠯᠯᠠᠬᠤ ᠬᠡᠯᠡᠯᠴᠡᠭᠡᠷ ᠢ ᠪᠦᠬᠦ ᠲᠠᠯ᠎ᠠ  ᠪᠠᠷ ᠨᠠᠶᠢᠲᠠᠪᠤᠷᠢᠵᠢᠭᠤᠯᠤᠨ᠎ᠠ᠃ ᠤᠷᠤᠨ ᠪᠦᠰᠡ  ᠶᠢᠨ ᠬᠠᠮᠳᠤᠷᠡᠯᠴᠠᠭ᠎ᠠ ᠶᠢ ᠴᠢᠩᠭᠠᠳᠬᠠᠵᠤ᠂ ᠬᠦᠬᠡᠬᠤᠳᠠ ᠪᠤᠭᠤᠲᠤ ᠤᠷᠳᠣᠰ  ᠤᠨ ᠬᠤᠲᠠ  ᠶᠢᠨ ᠰᠦᠷᠦᠭᠵᠢᠯ᠂  ᠬᠦᠬᠡᠬᠤᠳᠠ ᠪᠤᠭᠤᠲᠤ ᠢᠷᠭᠠᠢ  ᠶᠢᠨ ᠠᠵᠤ ᠠᠬᠤᠢ  ᠶᠢᠨ ᠪᠦᠰᠡ ᠪᠤᠯᠤᠨ ᠦᠪᠦᠷ ᠮᠤᠩᠭᠤᠯ ᠱᠠᠨᠰᠢ ᠭᠠᠨᠰᠣ ᠨᠢᠩᠰᠢᠶᠠ  ᠶᠢᠨ ᠡᠨᠧᠷᠬᠢ ᠶᠢᠨ ᠰᠠᠭᠤᠷᠢᠨ ᠭᠠᠵᠠᠷ  ᠲᠤ ᠰᠠᠨᠠᠭᠠᠴᠢᠯᠠᠭ᠎ᠠ  ᠠᠴᠠ ᠠᠭᠤᠰᠤᠨ ᠤᠷᠤᠵᠤ᠂ ᠵᠠᠰᠠᠭ ᠵᠠᠬᠢᠷᠭᠠᠨ  ᠤ ᠤᠷᠤᠨ ᠠᠯᠤᠰᠯᠠᠭᠰᠠᠨ ᠠᠵᠤ ᠦᠢᠯᠡᠰ ᠤᠨ ᠬᠠᠮᠳᠤᠷᠡᠯᠴᠠᠭ᠎ᠠ ᠪᠠ ᠴᠢᠬᠤᠯᠠ ᠶᠡᠭᠡ ᠰᠠᠭᠤᠷᠢ ᠲᠦᠬᠦᠬᠡᠷᠦᠮᠵᠢ  ᠶᠢᠨ ᠪᠦᠲᠦᠬᠡᠨ ᠪᠠᠶᠢᠭᠤᠯᠤᠯᠲᠠ  ᠶᠢ ᠢᠳᠡᠪᠬᠢᠲᠠᠢ ᠠᠬᠢᠭᠤᠯᠵᠤ᠂ ᠲᠠᠪᠠᠭᠤᠯᠢᠭ ᠢᠶᠠᠨ ᠬᠠᠷᠢᠯᠴᠠᠨ ᠨᠦᠬᠦᠪᠦᠷᠢᠯᠡᠯᠴᠡᠵᠤ᠂ ᠬᠠᠷᠢᠯᠴᠠᠨ ᠠᠰᠢᠭ ᠲᠠᠢ ᠬᠠᠮᠲᠤᠪᠠᠷ ᠢᠯᠠᠬᠤ ᠶᠢ ᠪᠡᠶᠡᠯᠡᠬᠦᠯᠦᠨ᠎ᠡ᠃ ᠬᠢᠩᠭᠠᠨ ᠠᠶᠢᠮᠠᠭ  ᠢ ᠠᠵᠢᠯ ᠲᠦᠷᠦᠯ ᠎ ᠢᠶᠠᠷ ᠲᠤᠰᠠᠯᠠᠬᠤ ᠠᠵᠢᠯ  ᠢ ᠢᠳᠡᠪᠬᠢᠲᠠᠢ ᠰᠠᠶᠢᠲᠤᠷ ᠬᠢᠵᠤ᠂ ᠴᠢᠬᠤᠯᠠ ᠶᠡᠭᠡ ᠲᠦᠷᠦᠯ ᠵᠦᠢᠯ  ᠤᠨ ᠪᠦᠲᠦᠬᠡᠨ ᠪᠠᠶᠢᠭᠤᠯᠤᠯᠲᠠ  ᠶᠢᠨ ᠠᠬᠢᠴᠠ  ᠶᠢ ᠲᠦᠷᠭᠡᠳᠭᠡᠵᠤ ᠂ ᠬᠢᠩᠭᠠᠨ ᠠᠶᠢᠮᠠᠭ — ᠤᠷᠳᠤᠰ  ᠤᠨ ᠠᠵᠤ ᠦᠢᠯᠡᠳᠪᠦᠷᠢ  ᠶᠢᠨ ᠬᠦᠷᠢᠶᠡᠯᠡᠩ ᠲᠤᠭᠤᠷᠢᠭ  ᠤᠨ ᠪᠦᠲᠦᠬᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠬᠠᠮᠲᠤᠷᠠᠨ ᠠᠵᠢᠯᠯᠠᠬᠤ ᠬᠦᠷᠢᠶ᠎ᠡ ᠴᠠᠷᠠᠭ᠎ᠠ  ᠪᠠᠨ ᠴᠢᠨᠠᠭᠰᠢᠲᠠ ᠦᠷᠭᠡᠳᠭᠡᠨ᠎ᠡ᠃      ︵ᠶᠢᠰᠦ︶  ᠨᠡᠶᠢᠬᠡᠮ  ᠤᠨ ᠬᠠᠮᠢᠶᠠᠷᠤᠯᠲᠠ  ᠶᠢ ᠴᠢᠨᠠᠭᠰᠢᠲᠠ ᠴᠢᠩᠭᠠᠳᠬᠠᠬᠤ ᠪᠠ ᠰᠢᠨ᠎ᠡ  ᠶᠢ ᠡᠬᠦᠳᠦᠨ᠎ᠡ᠃ ᠤᠯᠤᠰ  ᠤᠨ ᠨᠡᠶᠢᠬᠡᠮ  ᠤᠨ ᠬᠠᠮᠢᠶᠠᠷᠤᠯᠲᠠ ᠎ ᠶᠢᠨ ᠰᠢᠨ᠎ᠡ  ᠶᠢ ᠡᠬᠦᠳᠬᠦ ᠶᠡᠷᠦᠩᠬᠡᠶᠢᠯᠡᠭᠰᠡᠨ ᠲᠤᠷᠰᠢᠯᠲᠠ  ᠶᠢᠨ ᠴᠡᠭ  ᠤᠨ ᠬᠤᠲᠠ  ᠶᠢᠨ ᠪᠦᠲᠦᠬᠡᠨ ᠪᠠᠶᠢᠭᠤᠯᠤᠯᠲᠠ  ᠶᠢ ᠪᠦᠬᠦ ᠲᠠᠯ᠎ᠠ  ᠪᠠᠷ ᠠᠬᠢᠭᠤᠯᠵᠤ᠂ ᠭᠠᠵᠠᠷ ᠤᠷᠤᠨ  ᠤ ᠡᠶ᠎ᠡ ᠵᠤᠬᠢᠴᠠᠯ ᠠᠮᠤᠷ ᠲᠤᠭᠳᠠᠭᠤᠨ  ᠢ ᠦᠨᠡᠨᠬᠦ ᠪᠠᠲᠤᠯᠠᠨ᠎ᠠ᠃ ᠵᠦᠷᠢᠴᠡᠯ ᠵᠢᠭᠤᠷᠠᠯᠳᠤᠭᠠᠨ  ᠢ ᠵᠢᠭᠰᠠᠭᠠᠨ ᠪᠠᠶᠢᠴᠠᠭᠠᠵᠤ ᠰᠢᠢᠳᠪᠦᠷᠢᠯᠡᠬᠦ ᠡᠷᠴᠢᠮ ᠎ ᠢ ᠴᠢᠩᠭᠠᠷᠠᠭᠤᠯᠵᠤ᠂ ᠡᠯ᠎ᠡ ᠲᠦᠷᠦᠯ  ᠤᠨ ᠵᠦᠷᠢᠴᠡᠯ ᠵᠢᠭᠤᠷᠠᠯᠳᠤᠭᠠᠨ  ᠢ ᠦᠨᠳᠦᠰᠦᠨ ᠱᠠᠲᠤᠨ  ᠳᠤ᠂ ᠴᠤᠬᠤᠶᠢᠨ ᠡᠬᠦᠰᠴᠦ  ᠪᠠᠶᠢᠭ᠎ᠠ ᠪᠠᠶᠢᠳᠠᠯ ᠳᠤᠨᠢ  ᠰᠢᠢᠳᠪᠤᠷᠢᠯᠠᠨ᠎ᠠ᠃ ᠠᠷᠠᠳ  ᠤᠨ ᠪᠡᠯᠡ ᠬᠤᠷᠠᠮᠳᠤᠯᠭ᠎ᠠ ᠶᠢᠨ ᠠᠵᠢᠯᠯᠠᠭ᠎ᠠ  ᠶᠢ ᠵᠢᠷᠤᠮᠵᠢᠭᠤᠯᠵᠤ᠂ ᠠᠷᠠᠳ  ᠤᠨ ᠵᠢᠬᠡᠯᠡᠯᠬᠡ  ᠶᠢᠨ ᠲᠦᠭᠰᠢᠬᠦᠷᠢ  ᠶᠢ ᠢᠳᠡᠪᠬᠢᠲᠠᠢ ᠰᠡᠷᠬᠡᠶᠢᠯᠠᠨ ᠰᠢᠢᠳᠪᠤᠷᠢᠯᠠᠨ᠎ᠠ᠃ ᠠᠶᠤᠯ ᠦᠬᠡᠢ ᠦᠢᠯᠡᠳᠪᠦᠷᠢᠯᠡᠯ  ᠤᠨ ᠬᠠᠷᠢᠭᠤᠴᠠᠯᠭ᠎ᠠ  ᠶᠢᠨ ᠲᠦᠷᠢᠮ  ᠢ ᠴᠢᠩᠭ᠎ᠠ ᠨᠠᠶᠢᠲᠠᠪᠤᠷᠢᠵᠢᠭᠤᠯᠵᠤ᠂ ᠨᠡᠬᠦᠷᠡᠰᠣ ᠪᠤᠯᠤᠨ ᠬᠢᠮᠢ  ᠶᠢᠨ ᠠᠵᠤ ᠦᠢᠯᠡᠳᠪᠦᠷᠢ  ᠶᠢᠨ ᠦᠢᠯᠡᠳᠪᠦᠷᠢᠯᠡᠯ᠂ ᠵᠠᠮ ᠬᠠᠷᠢᠯᠴᠠᠭ᠎ᠠ ᠲᠡᠬᠡᠬᠡᠪᠤᠷᠢ᠂ ᠪᠠᠷᠢᠯᠭ᠎ᠠ  ᠶᠢᠨ ᠲᠤᠨᠤᠭᠯᠠᠯ᠂ ᠭᠠᠯ ᠤᠨᠳᠠᠷᠠᠭᠠᠬᠤ᠂ ᠰᠤᠷᠭᠠᠭᠠᠤᠯᠢ ᠎ ᠶᠢᠨ ᠬᠦᠷᠢᠶᠡᠨ  ᠤ ᠠᠮᠤᠷ ᠲᠦᠪᠰᠢᠨ ᠵᠡᠷᠭᠡ ᠭᠤᠤᠯᠳᠠᠯᠭ᠎ᠠ ᠲᠠᠢ ᠬᠦᠷᠢᠶ᠎ᠡ ᠭᠡᠪᠴᠢᠶ᠎ᠡ  ᠎ ᠶᠢᠨ ᠲᠠᠯᠳᠠ ᠭᠡᠮ  ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠎ ᠢ ᠰᠠᠶᠢᠲᠤᠷ ᠠᠳᠬᠤᠵᠤ᠂  ᠤᠨᠴᠠ ᠬᠦᠨᠲᠦ ᠶᠡᠭᠡ ᠠᠶᠤᠯ ᠦᠬᠡᠢ ᠶᠢᠨ ᠭᠡᠷᠡᠭ ᠠᠳᠡᠯ ᠡᠬᠦᠰᠬᠦ  ᠶᠢ ᠡᠷᠡᠰ ᠰᠡᠷᠬᠡᠶᠢᠯᠠᠨ᠎ᠠ᠃ ᠢᠳᠡᠭᠡᠨ ᠡᠮ ᠤᠨ ᠵᠦᠢᠯ  ᠤᠨ ᠠᠶᠤᠯ ᠦᠬᠡᠢ ᠶᠢᠨ ᠬᠢᠨᠠᠯᠲᠠ ᠬᠠᠮᠢᠶᠠᠷᠤᠯᠲᠠ  ᠶᠢ ᠴᠢᠩᠭᠠᠳᠬᠠᠵᠤ᠂ ᠡᠯᠧᠺᠲᠷᠤᠨ ᠬᠢᠨᠠᠨ ᠬᠠᠮᠢᠶᠠᠷᠤᠯᠲᠠ  ᠶᠢᠨ ᠰᠢᠰᠲ᠋ᠧᠮ  ᠤᠨ ᠪᠦᠲᠦᠬᠡᠨ ᠪᠠᠶᠢᠭᠤᠯᠤᠯᠲᠠ  ᠶᠢ  ᠠᠬᠢᠭᠤᠯᠵᠤ᠂ ᠤᠯᠠᠨ ᠲᠦᠮᠡᠨ  ᠤ ᠢᠳᠡᠬᠡᠨ ᠤᠮᠳᠠᠭᠠᠨ ᠭᠡᠷᠡᠭᠯᠡᠬᠦ ᠡᠮ  ᠤᠨ ᠠᠶᠤᠯ ᠦᠬᠡᠢ ᠶᠢ ᠦᠨᠡᠨᠬᠦ  ᠪᠠᠳᠤᠯᠠᠨ᠎ᠠ᠃ ᠭᠠᠮᠰᠢᠭ ᠠᠴᠠ ᠰᠡᠷᠭᠡᠶᠢᠯᠡᠵᠤ ᠭᠠᠮᠰᠢᠭ  ᠢ ᠪᠠᠭᠠᠰᠬᠠᠬᠤ  ᠬᠢᠭᠡᠳ ᠪᠠᠴᠢᠮ ᠪᠠᠶᠢᠳᠠᠯ  ᠢ ᠠᠷᠭᠠᠴᠠᠬᠤ ᠬᠠᠮᠢᠶᠠᠷᠤᠯᠲᠠ  ᠶᠢᠨ ᠰᠢᠰᠲ᠋ᠧᠮᠵᠢ  ᠶᠢᠨ ᠪᠠᠶᠢᠭᠤᠯᠤᠯᠲᠠ  ᠶᠢ ᠴᠢᠩᠭᠠᠳᠬᠠᠵᠤ᠂ ᠠᠭᠠᠷ  ᠤᠨ ᠰᠡᠷᠭᠡᠶᠢᠯᠡᠯᠲᠡ ᠭᠠᠮᠰᠢᠭ  ᠤᠨ ᠰᠡᠷᠭᠡᠶᠢᠯᠡᠯᠲᠡ ᠶᠢᠨ ᠬᠦᠮᠦᠨ ᠠᠮᠠ  ᠶᠢ ᠲᠠᠷᠠᠬᠠᠭᠠᠬᠤ ᠰᠠᠭᠤᠷᠢᠨ ᠭᠠᠵᠠᠷ  ᠢ ᠪᠦᠲᠦᠬᠡᠨ ᠪᠠᠶᠢᠭᠤᠯᠵᠤ᠂ ᠬᠤᠲᠠ  ᠶᠢᠨ ᠦᠶᠡᠷ  ᠢ ᠰᠡᠷᠭᠡᠶᠢᠯᠡᠬᠦ ᠠᠵᠢᠯ ᠎ ᠢ ᠴᠢᠬᠤᠯᠠᠴᠢᠯᠠᠵᠤ᠂ ᠡᠯ᠎ᠡ ᠲᠦᠷᠦᠯ  ᠤᠨ ᠬᠡᠨᠡᠳᠳᠡ  ᠶᠢᠨ ᠭᠡᠷᠡᠭ ᠪᠤᠯᠤᠨ ᠤᠯᠠᠨ ᠲᠦᠮᠠᠨᠴᠢ ᠴᠢᠨᠠᠷᠲᠠᠢ ᠭᠡᠷᠡᠭ ᠭᠠᠷᠬᠤ  ᠶᠢ ᠪᠦᠲᠦᠮᠵᠢᠲᠠᠢ ᠰᠡᠷᠡᠮᠵᠢᠯᠡᠨ  ᠰᠢᠢᠳᠪᠤᠷᠢᠯᠠᠨ᠎ᠠ᠃ ᠨᠡᠶᠢᠬᠡᠮ  ᠤᠨ ᠠᠮᠤᠷ ᠲᠦᠪᠰᠢᠨ  ᠢ ᠶᠡᠷᠦᠩᠬᠡᠶᠢᠯᠡᠨ ᠵᠠᠰᠠᠬᠤ ᠠᠵᠢᠯ  ᠢ ᠴᠢᠩᠭᠠᠳᠬᠠᠵᠤ᠂ ᠬᠦᠮᠦᠨ ᠪᠤᠯᠤᠨ ᠪᠤᠳᠠᠰ  ᠢᠶᠠᠷ ᠰᠡᠷᠭᠡᠶᠢᠯᠡᠬᠦ  ᠶᠢ ᠮᠡᠷᠭᠡᠵᠢᠯ  ᠢᠶᠠᠷ ᠰᠡᠷᠭᠡᠶᠢᠯᠡᠬᠦ ᠯᠦᠭᠡ ᠪᠦᠲᠦᠮᠵᠢᠲᠠᠢ ᠤᠶᠠᠯᠳᠤᠭᠤᠯᠬᠤ  ᠶᠢ ᠪᠡᠶᠡᠯᠡᠬᠦᠯᠵᠤ᠂ ᠪᠦᠬᠦ ᠲᠠᠯ᠎ᠠ  ᠶᠢᠨ᠂ ᠪᠡᠶᠡᠲᠦᠴᠢᠯᠡᠭᠰᠡᠨ᠂ ᠪᠦᠬᠦᠯᠢ ᠡᠳᠦᠷ  ᠤᠨ ᠨᠡᠶᠢᠬᠡᠮ ᠎ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮᠵᠢ  ᠶᠢ ᠪᠤᠢ ᠪᠤᠯᠭᠠᠵᠤ᠂ ᠡᠯ᠎ᠡ ᠲᠦᠷᠦᠯ  ᠤᠨ ᠬᠠᠤᠯᠢ  ᠠᠴᠠ ᠵᠦᠷᠢᠴᠡᠭᠰᠡᠨ ᠶᠠᠯᠠᠲᠤ ᠠᠵᠢᠯᠯᠠᠭ᠎ᠠ  ᠳᠤ ᠴᠢᠩᠭ᠎ᠠ ᠴᠤᠬᠢᠯᠲᠠ ᠦᠭᠴᠦ᠂ ᠠᠮᠤᠭᠤᠯᠤᠠᠩ ᠤᠷᠳᠣᠰ  ᠤᠨ ᠪᠦᠲᠦᠬᠡᠨ ᠪᠠᠶᠢᠭᠤᠯᠤᠯᠲᠠ ᠶᠢᠨ ᠬᠢᠷᠢ ᠲᠦᠪᠰᠢᠨ  ᠢ ᠲᠡᠭᠡᠭᠰᠢᠯᠡᠬᠦᠯᠦᠨ᠎ᠡ᠃ ᠪᠦᠬᠦ ᠠᠷᠠᠳ  ᠤᠨ ᠤᠯᠤᠰ  ᠤᠨ ᠪᠠᠲᠤᠯᠠᠨ ᠬᠠᠮᠠᠭᠠᠯᠠᠯᠲᠠ  ᠶᠢᠨ ᠬᠦᠮᠦᠵᠢᠯ  ᠢ ᠬᠦᠨᠵᠡᠬᠡᠶᠢᠷᠡᠬᠦᠯᠵᠤ᠂ ᠤᠯᠤᠰ  ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠲᠠ ᠪᠤᠯᠤᠨ ᠨᠦᠬᠡᠴᠡ ᠬᠦᠴᠦᠨ  ᠤ ᠪᠦᠲᠦᠬᠡᠨ ᠪᠠᠶᠢᠭᠤᠯᠤᠯᠲᠠ  ᠶᠢ ᠴᠢᠩᠭᠠᠳᠬᠠᠵᠤ᠂ ᠴᠡᠷᠢᠭ  ᠢᠶᠠᠨ ᠬᠦᠷᠢᠶᠡᠯᠡᠨ ᠬᠡᠷ ᠪᠦᠯᠢ  ᠶᠢ ᠨᠢ ᠬᠠᠷᠠᠭᠠᠯᠵᠠᠬᠤ᠂ ᠵᠠᠰᠠᠭ  ᠢᠶᠠᠨ ᠬᠦᠷᠢᠶᠡᠯᠡᠨ ᠠᠷᠠᠳ ᠎ ᠢᠶᠠᠨ ᠬᠠᠶᠢᠷᠠᠯᠠᠬᠤ ᠠᠵᠢᠯ  ᠢ ᠰᠠᠶᠢᠲᠤᠷ ᠬᠢᠵᠤ᠂ ᠰᠢᠨ᠎ᠡ ᠪᠠᠶᠢᠳᠠᠯ ᠲᠤᠤᠷᠠᠬᠢ ᠴᠡᠷᠢᠭ ᠵᠠᠰᠭ ᠴᠡᠷᠢᠭ ᠠᠷᠠᠳ  ᠤᠨ ᠪᠦᠯᠬᠦᠮᠳᠡᠯ  ᠢ ᠲᠠᠰᠣᠷᠠᠯᠲᠠ ᠦᠬᠡᠢ ᠪᠢᠬᠢᠵᠢᠬᠦᠯᠦᠨ᠎ᠡ᠃     ︵ᠠᠷᠪᠠ︶ ᠤᠶᠤᠨ  ᠤ ᠪᠤᠯᠪᠠᠰᠣᠨ ᠪᠠ ᠠᠷᠠᠳᠴᠢᠯᠠᠯ ᠬᠠᠤᠯᠢ  ᠪᠠᠷ ᠵᠠᠰᠠᠬᠤ ᠪᠠᠶᠢᠭᠤᠯᠤᠯᠲᠠ  ᠶᠢ ᠬᠦᠨᠵᠡᠬᠡᠢ ᠠᠬᠢᠭᠤᠯᠤᠨ᠎ᠠ᠃ ᠤᠷᠲᠤ ᠬᠤᠭᠤᠴᠠᠭᠠᠨ  ᠤ ᠪᠦᠲᠦᠮᠵᠢᠲᠦ ᠲᠤᠭᠳᠠᠴᠠ  ᠶᠢ ᠪᠠᠶᠢᠭᠤᠯᠵᠤ᠂ ᠪᠦᠬᠦ ᠤᠯᠤᠰ  ᠤᠨ ᠪᠤᠯᠪᠠᠰᠣᠨ ᠬᠤᠲᠠ  ᠶᠢ ᠡᠬᠦᠳᠦᠨ ᠪᠠᠶᠢᠭᠤᠯᠤᠭᠰᠠᠨ ᠦᠷ᠎ᠡ ᠪᠦᠲᠦᠬᠡᠯ  ᠢ ᠲᠠᠰᠣᠷᠠᠯᠲᠠ ᠦᠬᠡᠢ ᠪᠢᠬᠢᠵᠢᠬᠦᠯᠦᠨ ᠬᠦᠭᠵᠢᠬᠦᠯᠦᠨ᠎ᠡ᠃ ᠨᠡᠶᠢᠬᠡᠮ ᠵᠢᠷᠤᠮ  ᠤᠨ ᠭᠤᠤᠯ ᠦᠷᠳᠡᠭ  ᠤᠨ ᠰᠢᠰᠲ᠋ᠧᠮᠵᠢ  ᠶᠢᠨ ᠪᠠᠶᠢᠭᠤᠯᠤᠯᠲᠠ  ᠶᠢ  ᠦᠷᠬᠦᠯᠵᠢᠯᠡᠨ ᠠᠬᠢᠭᠤᠯᠵᠤ᠂ ᠨᠡᠶᠢᠬᠡᠮ ᠨᠡᠶᠢᠲᠡ  ᠶᠢᠨ ᠶᠤᠰᠤ ᠰᠣᠷᠳᠠᠬᠤᠨ᠂ ᠠᠵᠢᠯ  ᠤᠨ ᠶᠤᠰᠤ ᠰᠤᠷᠳᠠᠬᠤᠨ ᠪᠤᠯᠤᠨ ᠭᠡᠷ ᠪᠦᠯᠢ  ᠶᠢᠨ ᠡᠷᠬᠢᠮ ᠰᠣᠷᠳᠠᠯ  ᠤᠨ ᠬᠦᠮᠦᠵᠢᠯ  ᠢ  ᠴᠢᠨᠠᠭᠰᠢᠲᠠ ᠴᠢᠩᠭᠠᠳᠬᠠᠵᠤ᠂ ᠪᠤᠯᠪᠠᠰᠣᠨ ᠶᠤᠰᠤ ᠮᠤᠷᠠᠯ  ᠤᠨ ᠪᠢᠶᠤᠤᠪᠢᠩ᠂ ᠶᠤᠰᠤ ᠰᠣᠷᠳᠠᠬᠤᠨ ᠤ ᠵᠢᠱᠢᠶᠡᠴᠢ ᠪᠤᠯᠤᠨ ᠡᠷᠬᠢᠮ ᠰᠣᠷᠳᠠᠯᠳᠤ ᠪᠠᠭᠠᠴᠤᠳ  ᠢ ᠰᠣᠩᠭᠤᠨ ᠰᠢᠯᠭᠠᠷᠠᠭᠤᠯᠬᠤ ᠠᠵᠢᠯᠯᠠᠭ᠎ᠠ  ᠶᠢ ᠬᠦᠨᠵᠡᠬᠡᠢ ᠦᠷᠨᠢᠬᠦᠯᠵᠤ᠂ ᠬᠤᠲᠠ  ᠶᠢᠨ ᠠᠷᠠᠳ  ᠤᠨ ᠰᠣᠶᠣᠯ  ᠤᠨ ᠶᠡᠭᠡ ᠬᠢᠴᠢᠶᠡᠯ  ᠤᠨ ᠲᠢᠩᠬᠢᠮ᠂ ᠪᠦᠬᠦ ᠠᠷᠠᠳ  ᠤᠨ ᠣᠩᠰᠢᠯᠭ᠎ᠠ᠂ ᠲᠤᠤᠷ᠎ᠠ ᠨᠡᠬᠦᠷᠡᠰᠦᠳᠦ᠋ᠷᠦᠭᠴᠢᠲᠦ ᠦᠬᠦᠯᠡᠯ ᠤᠨ ᠲᠠᠪᠴᠠᠩ ᠵᠡᠷᠭᠡ ᠠᠵᠢᠯᠯᠠᠭ᠎ᠠ  ᠶᠢ ᠢᠳᠡᠪᠬᠢᠲᠠᠢ ᠵᠤᠬᠢᠶᠠᠨ ᠪᠠᠶᠢᠭᠤᠯᠤᠨ ᠦᠷᠨᠢᠬᠦᠯᠵᠤ᠂ ᠬᠤᠲᠠ ᠬᠦᠳᠡᠭᠡ  ᠶᠢᠨ ᠪᠤᠯᠪᠠᠰᠣᠨ  ᠤ ᠬᠡᠮᠵᠢᠶ᠎ᠡ  ᠶᠢ ᠲᠠᠰᠤᠷᠠᠯᠲᠠ ᠦᠬᠡᠢ ᠲᠡᠭᠡᠭᠰᠢᠯᠡᠬᠦᠯᠵᠤ  ᠂ ᠤᠯᠠᠨ ᠲᠦᠮᠡᠨ ᠢ ᠬᠦᠲᠦᠯᠦᠨ ᠵᠢᠯᠤᠭᠤᠳᠴᠤ ᠵᠦᠪ ᠤᠨᠤᠪᠴᠢᠲᠠᠢ ᠦᠷᠳᠡᠭ  ᠤᠨ ᠦᠵᠡᠯᠲᠡ  ᠶᠢ ᠪᠤᠢ ᠪᠤᠯᠭᠠᠵᠤ᠂ ᠰᠢᠨᠵᠢᠯᠡᠬᠦ ᠤᠬᠠᠭᠠᠨᠴᠢ ᠪᠦᠬᠡᠳ ᠤᠶᠤᠨᠴᠢ ᠬᠡᠷᠡᠭᠯᠡᠭᠡ ᠶᠢᠨ ᠦᠢᠯᠠᠭᠠᠭᠳᠠᠬᠤᠨ  ᠢ ᠰᠠᠨᠠᠭᠠᠴᠢᠯᠠᠵᠤ᠂ ᠯᠠᠪᠳᠠᠭᠤᠨ ᠲᠤᠭᠳᠠᠭᠤᠨ᠂ ᠰᠢᠷᠭᠠᠭᠤ ᠬᠠᠳᠠᠭᠤᠵᠢᠯᠲᠠᠢ  ᠪᠠᠷ ᠠᠳᠠᠯ ᠪᠤᠰᠬᠠᠵᠤ᠂ ᠪᠤᠲᠠᠲᠤ ᠦᠢᠯᠡᠰ  ᠢᠶᠠᠷ ᠪᠠᠶᠠᠵᠢᠬᠤ ᠨᠡᠶᠢᠬᠡᠮ  ᠤᠨ ᠤᠷᠴᠢᠨ ᠠᠬᠤᠢ  ᠶᠢ ᠴᠢᠷᠮᠠᠶᠢᠨ ᠡᠬᠦᠳᠦᠨ᠎ᠡ᠃ ᠨᠠᠰᠣᠨ ᠳᠤ ᠦᠯᠦ ᠬᠦᠷᠦᠭᠰᠡᠳ  ᠤᠨ ᠦᠵᠡᠯ ᠰᠠᠨᠠᠭ᠎ᠠ ᠶᠤᠰᠤ ᠰᠣᠷᠳᠠᠬᠤᠨ  ᠤ ᠭᠦᠮᠦᠵᠢᠯ  ᠢ ᠴᠢᠩᠭᠠᠳᠬᠠᠵᠤ᠂ ᠬᠤᠶᠢᠴᠢ ᠦᠶ᠎ᠡ ᠶᠢᠨ ᠬᠢᠨ  ᠢ ᠬᠠᠯᠠᠮᠵᠢᠯᠠᠬᠤ ᠠᠵᠢᠯ ᠢ ᠰᠠᠶᠢᠲᠤᠷ ᠬᠢᠨ᠎ᠠ᠃ ᠬᠤᠲᠠ ᠶᠢᠨ ᠠᠷᠠᠳ ᠤᠨ ᠲᠦᠯᠦᠬᠡᠯᠡᠭᠴᠢᠳ  ᠤᠨ ᠶᠡᠭᠡ ᠬᠤᠷᠠᠯ ᠵᠢᠴᠢ ᠪᠠᠶᠢᠩᠭᠤ  ᠶᠢᠨ ᠬᠤᠷᠢᠶᠠᠨ  ᠤ ᠰᠢᠢᠳᠪᠦᠷᠢ ᠲᠤᠭᠳᠠᠭᠠᠯ  ᠢ ᠬᠢᠨᠠᠮᠠᠭᠠᠢ ᠭᠡᠷᠡᠭᠵᠢᠬᠦᠯᠵᠤ᠂ ᠬᠤᠲᠠ  ᠶᠢᠨ ᠤᠯᠤᠰ ᠲᠦᠷᠦ  ᠶᠢᠨ ᠵᠦᠪᠯᠡᠯᠭᠡᠨ  ᠤ ᠡᠷᠭᠡ ᠲᠤᠰᠢᠶᠠᠯ ᠢᠶᠠᠨ ᠬᠦᠢᠴᠡᠳᠭᠡᠭᠦ  ᠶᠢ ᠢᠳᠡᠪᠬᠢᠲᠠᠢ ᠲᠡᠮᠵᠢᠵᠤ ᠂ ᠡᠯ᠎ᠡ ᠠᠷᠠᠳᠴᠢᠯᠠᠭᠰᠠᠨ ᠨᠠᠮ ᠪᠦᠯᠦᠭ᠂ ᠠᠵᠤ ᠦᠢᠯᠡᠳᠪᠦᠷᠢ ᠬᠤᠳᠠᠯᠳᠤᠭᠠᠨ  ᠤ ᠬᠤᠯᠪᠤᠭ᠎ᠠ᠂ ᠨᠠᠮ ᠪᠦᠯᠦᠭ  ᠤᠨ ᠪᠤᠰᠤ ᠬᠦᠮᠦᠰ ᠪᠤᠯᠤᠨ ᠠᠷᠠᠳ  ᠤᠨ ᠪᠦᠯᠬᠦᠮ  ᠤᠨ ᠰᠠᠨᠠᠯ ᠰᠠᠨᠠᠭᠤᠯᠭ᠎ᠠ  ᠢ ᠢᠳᠡᠪᠬᠢᠲᠠᠢ ᠭᠦᠯᠢᠶᠡᠨ ᠠᠪᠴᠣ᠂ ᠵᠦᠪᠯᠡᠯᠬᠡ᠂ ᠰᠠᠨᠠᠭᠤᠯᠭ᠎ᠠ ᠪᠤᠯᠤᠨ ᠰᠠᠨᠠᠯ ᠲᠤᠷᠠᠳᠣᠯᠭ᠎ᠠ  ᠶᠢ ᠬᠦᠢᠴᠡᠳᠭᠡᠭᠦ ᠶᠠᠰᠣ ᠴᠢᠨᠠᠷ ᠎ ᠢ ᠲᠡᠬᠡᠭᠰᠢᠯᠠᠬᠦᠯᠤᠨ᠎ᠠ᠃  ᠬᠠᠤᠯᠢ ᠲᠦᠷᠢᠮ ᠤᠨ ᠤᠬᠠᠭᠤᠯᠭ᠎ᠠ ᠭᠦᠮᠦᠵᠢᠯ ᠢ ᠬᠦᠨᠵᠡᠬᠡᠢ ᠦᠷᠨᠢᠬᠦᠯᠵᠤ᠂ ︽ᠵᠢᠷᠭᠤᠭ᠎ᠠ ᠲᠡᠪᠤ  ︾  ᠎ ᠶᠢᠨ ᠬᠠᠤᠯᠢ ᠲᠦᠬᠡᠮᠡᠯᠵᠢᠬᠦᠯᠬᠦ ᠠᠵᠢᠯ  ᠢ  ᠬᠦᠨᠵᠡᠬᠡᠢ ᠦᠷᠨᠢᠬᠦᠯᠵᠤ᠂ ᠬᠠᠤᠯᠢ ᠶᠤᠰᠤᠭᠠᠷ ᠵᠠᠰᠠᠭ ᠶᠠᠪᠤᠭᠤᠯᠬᠤ ᠠᠵᠢᠯ  ᠢ ᠴᠢᠨᠠᠭᠰᠢᠲᠠ ᠠᠬᠢᠭᠤᠯᠵᠤ᠂ ᠬᠠᠤᠯᠢ  ᠪᠠᠷ ᠵᠠᠰᠠᠭᠰᠠᠨ ᠤᠷᠳᠤᠰ  ᠢ ᠪᠦᠲᠦᠬᠡᠨ ᠪᠠᠶᠢᠭᠤᠯᠤᠨ᠎ᠠ᠃  ᠠᠵᠢᠯᠴᠢᠨ ᠤ ᠡᠪᠯᠡᠯ᠂ ᠡᠮᠡᠭᠳᠡᠶᠢᠴᠣᠳ  ᠤᠨ ᠬᠤᠯᠪᠤᠭ᠎ᠠ᠂ ᠡᠪ ᠬᠠᠮᠲᠤ ᠵᠠᠯᠠᠭᠤᠴᠤᠳ ᠤᠨ ᠡᠪᠯᠡᠯ ᠵᠡᠷᠭᠡ ᠪᠦᠯᠬᠦᠮ  ᠤᠨ ᠵᠤᠬᠢᠶᠠᠨ ᠪᠠᠶᠢᠭᠤᠯᠤᠯᠲᠠ  ᠶᠢᠨ ᠦᠢᠯᠡᠳᠦᠯ  ᠢ ᠬᠦᠢᠴᠡᠳ ᠪᠠᠳᠠᠷᠡᠭᠤᠯᠤᠨ᠎ᠠ᠃ ᠦᠨᠳᠦᠰᠦᠲᠡᠨ ᠬᠢᠭᠡᠳ ᠱᠠᠰᠢᠨ ᠰᠣᠷᠳᠠᠬᠤᠨ  ᠤ ᠠᠵᠢᠯ  ᠢ ᠨᠠᠷᠢᠨ ᠬᠢᠨᠠᠮᠠᠭᠠᠢ ᠰᠠᠶᠢᠲᠤᠷ ᠬᠢᠨ᠎ᠠ᠃      ︵ᠠᠷᠪᠠᠨ ᠨᠢᠬᠡ︶ ᠵᠠᠰᠠᠭ  ᠤᠨ ᠤᠷᠳᠤᠨ  ᠤ ᠲᠤᠰ ᠪᠡᠶ᠎ᠡ  ᠶᠢᠨ ᠪᠠᠶᠢᠭᠤᠯᠤᠯᠲᠠ  ᠶᠢ ᠪᠦᠬᠦ ᠲᠠᠯ᠎ᠠ  ᠪᠠᠷ ᠴᠢᠩᠭᠠᠳᠬᠠᠨ᠎ᠠ᠃ ᠤᠯᠤᠰ  ᠤᠨ ᠲᠤᠳᠤᠭᠠᠳᠤ ᠭᠠᠳᠠᠭᠠᠲᠤ  ᠶᠢᠨ ᠠᠵᠤ ᠠᠬᠤᠢ  ᠶᠢᠨ ᠬᠦᠭᠵᠢᠯᠲᠡ  ᠶᠢᠨ ᠪᠠᠶᠢᠳᠠᠯ ᠪᠠ ᠤᠯᠤᠰ᠂ ᠦᠪᠡᠷᠳᠡᠭᠡᠨ ᠵᠠᠰᠠᠬᠤ ᠤᠷᠤᠨ  ᠤ ᠲᠦᠷᠦ  ᠶᠢᠨ ᠪᠤᠳᠤᠯᠭ᠎ᠠ  ᠶᠢᠨ ᠴᠢᠭᠯᠡᠯ  ᠢ ᠨᠠᠷᠢᠨ ᠨᠢᠮᠪᠠᠢ ᠠᠩᠬᠠᠷᠴᠣ᠂ ᠠᠵᠤ ᠠᠬᠤᠢ ᠨᠡᠶᠢᠬᠡᠮ  ᠤᠨ ᠬᠦᠭᠵᠢᠯᠲᠡ ᠲᠤᠮᠳᠠ ᠢᠯᠡᠷᠡᠨ ᠭᠠᠷᠤᠭᠰᠠᠨ ᠰᠢᠨ᠎ᠡ ᠪᠠᠶᠢᠳᠠᠯ᠂ ᠰᠢᠨ᠎ᠡ ᠠᠰᠠᠭᠤᠳᠠᠯ  ᠤᠨ ᠲᠤᠭᠤᠷᠢᠨ ᠎ ᠳᠤ᠂ ᠪᠠᠶᠢᠴᠠᠭᠠᠨ ᠰᠣᠳᠣᠯᠣᠯᠲᠠ ᠬᠢᠬᠦ ᠪᠠᠨ ᠴᠢᠩᠭᠠᠳᠬᠠᠵᠤ᠂ ᠲᠤᠬᠢᠳᠡᠢ ᠰᠢᠢᠳᠪᠤᠷᠢᠯᠠᠨ ᠠᠷᠭᠠᠴᠠᠵᠤ᠂ ᠲᠦᠷᠦ  ᠶᠢᠨ ᠪᠤᠳᠤᠯᠭ᠎ᠠ ᠠᠷᠭ᠎ᠠ ᠭᠡᠮᠵᠢᠶ᠎ᠡ  ᠶᠢᠨ ᠬᠠᠨᠲᠤᠯᠭᠠᠲᠤ ᠴᠢᠨᠠᠷ᠂ ᠪᠠᠷᠠᠭᠠᠯᠬᠢᠯᠠᠯ  ᠤᠨ ᠴᠢᠨᠠᠷ᠂ ᠪᠦᠲᠦᠮᠵᠢᠲᠦ ᠴᠢᠨᠠᠷ  ᠢ ᠪᠦᠬᠦ ᠲᠠᠯ᠎ᠠ  ᠪᠠᠷ ᠲᠡᠬᠡᠭᠰᠢᠯᠠᠬᠦᠯᠤᠨ᠎ᠠ᠃ ᠴᠢᠬᠤᠯᠠ ᠶᠡᠭᠡ ᠠᠰᠠᠭᠤᠳᠠᠯ ᠳᠤ ᠬᠠᠮᠳᠤ ᠪᠠᠷ ᠰᠢᠢᠳᠪᠦᠷᠢᠲᠦ ᠪᠤᠳᠣᠯᠭ᠎ᠠ ᠲᠤᠭᠳᠠᠭᠠᠬᠤ ᠲᠦᠷᠢᠮ ᠪᠤᠯᠤᠨ ᠰᠢᠢᠳᠪᠤᠷᠢ ᠪᠤᠳᠤᠯᠭ᠎ᠠ ᠲᠤᠭᠳᠠᠭᠠᠪᠠᠯ ᠬᠠᠷᠢᠭᠤᠴᠠᠯᠭ᠎ᠠ ᠡᠬᠦᠷᠭᠡᠯᠡᠬᠦ ᠲᠦᠷᠢᠮ  ᠢ ᠪᠦᠷᠢᠨᠰᠢᠬᠦᠯᠵᠤ᠂ ᠴᠢᠬᠤᠯᠠ ᠶᠡᠭᠡ ᠭᠡᠷᠡᠭ ᠤᠴᠢᠷ  ᠤᠨ ᠲᠤᠰᠬᠠᠢ ᠮᠡᠷᠭᠡᠵᠢᠯᠲᠡᠨ  ᠤ ᠠᠰᠠᠭᠤᠨ ᠯᠠᠪᠯᠠᠯᠭ᠎ᠠ᠂  ᠨᠡᠶᠢᠬᠡᠮ  ᠤᠨ ᠠᠮᠤᠷ ᠲᠤᠭᠳᠠᠭᠤᠨ  ᠤ ᠠᠶᠤᠯ ᠲᠦᠭᠰᠢᠬᠦᠷᠢ  ᠶᠢᠨ ᠦᠨᠡᠯᠡᠯᠲᠡ᠂ ᠤᠯᠠᠨ  ᠳᠤ ᠨᠡᠶᠢᠲᠡᠯᠡᠵᠤ ᠭᠡᠷᠡᠴᠢ ᠰᠣᠨᠣᠰᠬᠤ ᠪᠠ ᠬᠠᠤᠯᠢ ᠶᠤᠰᠤᠴᠢ ᠴᠢᠨᠠᠷ  ᠲᠤ ᠬᠢᠨᠠᠨ ᠪᠠᠶᠢᠴᠠᠭᠠᠯᠲᠠ ᠬᠢᠬᠦ ᠲᠦᠷᠢᠮ  ᠢ ᠨᠠᠷᠢᠨ ᠬᠢᠨᠠᠮᠠᠭᠠᠢ ᠬᠡᠷᠡᠭᠵᠢᠬᠦᠯᠤᠨ᠎ᠠ᠃ ᠵᠠᠰᠠᠭ  ᠤᠨ ᠶᠠᠪᠤᠳᠠᠯ  ᠢ ᠢᠯᠡ ᠪᠤᠯᠭᠠᠬᠤ ᠭᠡᠪᠴᠢᠶ᠎ᠡ  ᠪᠠᠨ ᠦᠷᠭᠡᠳᠭᠡᠵᠤ᠂ ᠵᠠᠰᠠᠭ  ᠤᠨ ᠤᠷᠳᠤᠨ  ᠤ ᠴᠢᠮᠡᠭᠡ ᠵᠠᠩᠬᠢ  ᠶᠢ ᠤᠯᠠᠨ ᠎ ᠳᠤ ᠨᠡᠶᠢᠲᠡᠯᠡᠬᠦ ᠪᠠ ᠰᠣᠨᠢᠨ ᠮᠡᠳᠡᠭᠡᠨ  ᠤ ᠦᠬᠦᠯᠡᠭᠴᠢ  ᠶᠢᠨ ᠲᠦᠷᠢᠮ  ᠢ ᠲᠡᠭᠦᠯᠳᠡᠷᠵᠢᠬᠦᠯᠵᠤ᠂ ᠬᠤᠲᠠ  ᠶᠢᠨ ᠲᠠᠷᠤᠭ᠎ᠠ  ᠶᠢᠨ ᠬᠠᠯᠠᠮᠰᠢᠯ ᠤᠳᠠᠰᠣ  ᠶᠢᠨ ᠦᠢᠯᠡᠴᠢᠯᠡᠬᠡᠨ ᠤ ᠴᠢᠳᠠᠪᠤᠷᠢ ᠶᠢ ᠴᠢᠩᠭᠠᠳᠬᠠᠵᠤ᠂ ᠨᠡᠶᠢᠲᠡ ᠤᠯᠠᠨ ᠪᠤᠯᠤᠨ ᠵᠠᠭᠤᠴᠢ  ᠶᠢᠨ ᠬᠢᠨᠠᠯᠲᠠ  ᠶᠢ ᠰᠠᠨᠠᠭᠠᠴᠢᠯᠠᠭ᠎ᠠ  ᠠᠴᠠ  ᠪᠠᠨ ᠬᠦᠯᠢᠶᠠᠨ᠎ᠠ᠃ ᠡᠯᠧᠺᠲᠷᠤᠨ ᠵᠠᠰᠠᠭ  ᠤᠨ ᠶᠠᠪᠤᠳᠠᠯ  ᠤᠨ ᠪᠦᠲᠦᠬᠡᠨ ᠪᠠᠶᠢᠭᠤᠯᠤᠯᠲᠠ  ᠶᠢ ᠪᠦᠬᠦ ᠲᠠᠯ᠎ᠠ ᠪᠠᠷ ᠲᠦᠷᠭᠡᠳᠭᠡᠵᠤ᠂ ᠵᠠᠰᠠᠭ ᠵᠠᠬᠢᠷᠭᠠᠨ  ᠤ ᠭᠡᠷᠡᠭ ᠶᠠᠪᠤᠳᠠᠯ  ᠢ ᠲᠦᠪᠯᠡᠷᠡᠬᠦᠯᠦᠨ ᠬᠢᠨᠠᠨ ᠵᠦᠪᠰᠢᠶᠡᠷᠡᠬᠦᠯᠬᠦ᠂ ᠰᠦᠯᠵᠢᠶᠡᠨ ᠲᠡᠭᠡᠷ᠎ᠡ ᠬᠦᠢᠴᠡᠳᠭᠡᠭᠦ ᠪᠤᠯᠤᠨ ᠡᠯᠧᠺᠲᠷᠤᠨ  ᠢᠶᠠᠷ ᠬᠢᠨᠠᠨ ᠪᠠᠶᠢᠴᠠᠭᠠᠬᠤ  ᠶᠢ ᠠᠬᠢᠭᠤᠯᠤᠨ᠎ᠠ᠃ ᠵᠠᠰᠠᠭ ᠎ ᠤᠨ ᠤᠷᠳᠤᠨ  ᠤ ᠦᠢᠯᠡᠴᠢᠯᠡᠬᠡᠨ  ᠤ ᠬᠢᠷᠢ ᠲᠦᠪᠰᠢᠨ  ᠢ ᠲᠡᠭᠡᠭᠰᠢᠯᠡᠬᠦᠯᠵᠤ᠂ ᠬᠡᠯᠬᠢᠶᠡᠵᠢᠭᠰᠡᠨ᠂ ᠨᠢᠬᠡ ᠦᠷᠳᠡᠭᠡ  ᠶᠢᠨ ᠭᠡᠯᠪᠡᠷᠢ  ᠶᠢᠨ ᠦᠢᠯᠡᠴᠢᠯᠡᠭᠡ  ᠶᠢ ᠢᠳᠡᠪᠬᠢᠲᠠᠢ ᠲᠡᠯᠬᠡᠷᠡᠬᠦᠯᠵᠤ᠂ ᠠᠵᠢᠯᠯᠠᠬᠤ ᠲᠡᠰ ᠲᠠᠷᠠᠭᠠᠯᠠᠯ  ᠢ ᠲᠦᠬᠦᠮᠴᠢᠯᠡᠵᠤ᠂ ᠠᠵᠢᠯ  ᠤᠨ ᠦᠷ᠎ᠡ ᠠᠰᠢᠭ  ᠢᠶᠠᠨ ᠲᠡᠭᠡᠭᠰᠢᠯᠡᠬᠦᠯᠵᠤ᠂ ᠠᠵᠢᠯ  ᠤᠨ ᠦᠪᠡᠷ  ᠤᠨ ᠦᠷᠳᠡᠭ  ᠢ ᠪᠠᠭᠤᠷᠡᠭᠤᠯᠤᠨ᠎ᠠ᠃ ︽ᠠᠯᠪᠠᠨ ᠵᠤᠭᠤᠰ ᠢᠶᠠᠷ ᠢᠳᠡᠵᠤ ᠤᠤᠭᠤᠬᠤ᠂ ᠠᠯᠪᠠᠨ ᠲᠡᠷᠭᠡᠨ  ᠤ ᠬᠡᠷᠡᠭᠯᠡᠭᠡ ᠪᠤᠯᠤᠨ ᠠᠯᠪᠠᠨ ᠵᠠᠷᠤᠳᠠᠯ  ᠢᠶᠠᠷ ᠭᠠᠳᠠᠭᠠᠲᠤ ᠎ ᠳᠤ ᠭᠠᠷᠬᠤ︾ ᠵᠠᠷᠤᠯᠭ᠎ᠠ ᠪᠠ ᠡᠯ᠎ᠡ ᠲᠦᠷᠦᠯ  ᠤᠨ ᠪᠠᠶᠠᠷ ᠲᠤᠷᠠᠰᠬᠠᠯ  ᠤᠨ ᠬᠦᠳᠡᠯᠬᠡᠬᠡᠨ  ᠢ ᠡᠷᠡᠰ ᠬᠢᠵᠠᠭᠠᠷᠯᠠᠵᠤ᠂ ᠠᠯᠪᠠᠳᠠᠨ  ᠤ ᠡᠩᠨᠡᠭᠡ  ᠶᠢᠨ ᠬᠠᠮᠢᠶᠠᠷᠤᠯᠲᠠ ᠎ ᠶᠢ ᠴᠢᠩᠭᠠᠳᠬᠠᠵᠤ᠂ ᠠᠵᠢᠯ ᠲᠦᠷᠦᠯ  ᠤᠨ ᠰᠣᠷᠳᠠᠯ  ᠢ ᠵᠦᠪᠯᠡᠨ ᠲᠤᠭᠳᠠᠭᠠᠤ ᠠᠵᠢᠯ  ᠢ ᠰᠠᠶᠢᠲᠤᠷ ᠬᠢᠵᠤ᠂ ᠠᠵᠢᠯᠴᠢ ᠠᠷᠪᠢᠴᠢ  ᠶᠢ ᠡᠷᠬᠢᠮᠯᠡᠵᠤ᠂ ᠪᠦᠷᠢᠯᠬᠡᠨ ᠰᠦᠢᠳᠭᠡᠭᠦ  ᠶᠢ  ᠡᠰᠡᠷᠬᠦᠴᠡᠵᠤ᠂ ᠵᠠᠰᠠᠭ ᠵᠠᠬᠢᠷᠭᠠᠨ  ᠤ ᠬᠢᠨᠠᠨ ᠪᠠᠶᠢᠴᠠᠭᠠᠬᠤ ᠪᠠ ᠬᠢᠨᠠᠨ ᠪᠤᠳᠤᠵᠤ ᠬᠢᠨᠠᠯᠲᠠ ᠲᠠᠯᠪᠢᠬᠤ  ᠪᠠᠨ ᠴᠢᠩᠭᠠᠳᠬᠠᠵᠤ᠂  ᠵᠠᠰᠠᠭ ᠵᠠᠬᠢᠷᠭᠠᠨ ᠎ ᠤ ᠠᠵᠢᠯᠯᠠᠭ᠎ᠠ ᠦᠬᠡᠢ᠂ ᠠᠵᠢᠯᠯᠠᠭ᠎ᠠ  ᠎ ᠨᠢ ᠤᠳᠠᠭᠠᠨ᠂ ᠲᠤᠷ᠎ᠠ  ᠪᠠᠷ ᠠᠵᠢᠯᠯᠠᠭ᠎ᠠ ᠠᠪᠬᠤ ᠪᠠ ︽ᠢᠳᠡᠵᠤ ᠤᠤᠭᠤᠬᠤ᠂ ᠲᠤᠰᠴᠤ ᠠᠪᠬᠤ᠂ ᠬᠠᠰᠢᠵᠤ ᠬᠠᠭᠠᠬᠤ᠂ ᠨᠡᠬᠡᠵᠤ ᠠᠪᠬᠤ︾ ᠵᠡᠷᠬᠡ ᠬᠠᠤᠯᠢ ᠲᠤᠭᠳᠠᠭᠠᠯ ᠠᠴᠠ ᠵᠦᠷᠢᠴᠡᠭᠰᠡᠨ ᠦᠢᠯᠠ ᠠᠵᠢᠯᠯᠠᠭ᠎ᠠ ᠳᠤ ᠶᠡᠬᠡᠪᠡᠷ ᠵᠠᠰᠠᠯᠳᠠ ᠬᠢᠨ᠎ᠠ᠃ ᠰᠢᠷᠭᠠᠬᠤ ᠬᠠᠳᠠᠭᠤᠵᠢᠯᠳᠡᠢ ᠪᠠᠷ ᠠᠵᠢᠯᠯᠠᠨ᠂ ᠦᠨᠠᠨ  ᠢ ᠪᠠᠷᠢᠮᠳᠠᠯᠠᠨ ᠪᠤᠳᠠᠳᠡᠢ ᠶᠢ ᠡᠷᠬᠢᠮᠯᠠᠬᠦ ᠠᠵᠢᠯ  ᠤᠨ ᠰᠤᠷᠳᠠᠯ  ᠢ ᠰᠠᠨᠠᠭᠠᠴᠢᠯᠠᠵᠤ᠂ ᠤᠬᠤᠷ ᠬᠤᠭᠤᠴᠠᠭᠠᠨ  ᠤ ᠠᠵᠢᠯᠯᠠᠭ᠎ᠠ ᠶᠢ ᠠᠪᠬᠤ ᠦᠬᠡᠢ ᠂ ᠦᠩᠬᠡᠨ ᠲᠡᠯ᠎ᠠ ᠶᠢᠨ ᠠᠵᠢᠯ ᠬᠢᠬᠦ ᠦᠬᠡᠢ᠂ ᠦᠨᠠᠨ ᠪᠤᠳᠠᠳᠡᠢ ᠠᠵᠢᠯ  ᠤᠨ ᠬᠢᠷᠢ ᠪᠦᠳᠤᠮᠵᠢ ᠶᠢ ᠴᠢᠷᠮᠠᠶᠢᠨ ᠡᠬᠦᠳᠤᠨ᠎ᠠ᠃ ᠨᠠᠮ ᠤᠨ ᠰᠣᠷᠳᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ  ᠶᠢᠨ ᠲᠦᠷᠢᠮ ᠢ ᠨᠠᠶᠢᠲᠠᠪᠤᠷᠢᠵᠢᠭᠤᠯᠵᠤ᠂ ᠵᠠᠯᠬᠠᠭᠠᠨ ᠰᠢᠳᠬᠡᠬᠦ ᠪᠠ ᠤᠷᠢᠳᠴᠢᠯᠠᠨ ᠰᠡᠷᠡᠮᠵᠢᠯᠡᠬᠦᠯᠬᠦ ᠰᠢᠰᠲ᠋ᠧᠮᠵᠢ ᠎ ᠶᠢᠨ ᠪᠠᠶᠢᠭᠤᠯᠤᠯᠲᠠ  ᠶᠢ ᠠᠬᠢᠭᠤᠯᠵᠤ᠂ ᠠᠷᠢᠭᠤᠨ ᠴᠢᠬᠡᠴᠢ ᠵᠠᠰᠠᠭ  ᠤᠨ ᠤᠷᠳᠤᠨ  ᠤ ᠲᠦᠷᠢ ᠲᠦᠷᠬᠦ  ᠶᠢ ᠱᠣᠭᠤᠨ᠎ᠠ᠃      ᠲᠦᠯᠦᠬᠡᠯᠡᠭᠴᠢᠳ ᠡ᠂ ᠰᠢᠨ᠎ᠡ ᠨᠢᠬᠡᠨ ᠵᠢᠯ  ᠳᠤ᠂ ᠠᠵᠠ ᠲᠤᠬᠢᠶᠠᠯ ᠬᠢᠬᠡᠳ ᠦᠷᠢᠰᠦᠯᠳᠦᠬᠡᠨ ᠵᠡᠷᠭᠡᠪᠡᠷ ᠤᠷᠤᠰᠢᠵᠤ  ᠂ ᠬᠦᠰᠡᠯ ᠡᠷᠡᠮᠡᠯᠵᠡᠯ ᠪᠤᠯᠤᠨ ᠬᠦᠴᠢᠷ ᠪᠡᠷᠭᠡᠰᠢᠶᠡᠯ ᠬᠠᠮᠲᠤ ᠤᠷᠤᠰᠢᠵᠤ  ᠪᠤᠢ᠃ ᠪᠢᠳᠡ ᠬᠤᠲᠠ  ᠶᠢᠨ ᠨᠠᠮ  ᠤᠨ ᠬᠤᠷᠢᠶ᠎ᠠ  ᠶᠢᠨ ᠪᠠᠳᠤ ᠴᠢᠩᠭ᠎ᠠ  ᠣᠳᠣᠷᠢᠳᠣᠯᠭ᠎ᠠ ᠲᠤᠤᠷ᠎ᠠ᠂ ᠰᠡᠳᠬᠢᠯ ᠵᠢᠷᠦᠬᠡ ᠎ ᠪᠠᠨ ᠬᠠᠮᠳᠤᠳᠬᠠᠨ᠂ ᠬᠦᠴᠢᠷ ᠪᠠᠷᠬᠡᠰᠢᠶᠠᠯ  ᠢ ᠰᠦᠷᠢᠨ ᠵᠤᠷᠢᠭᠲᠠᠢ ᠤᠷᠤᠭᠰᠢᠯᠠᠵᠤ᠂ ᠵᠠᠮ ᠨᠡᠬᠡᠬᠡᠨ ᠰᠢᠨ᠎ᠡ  ᠶᠢ ᠡᠬᠦᠳᠦᠨ᠂ ᠯᠠᠪᠳᠠᠭᠤᠨ ᠪᠠᠲᠤᠲᠠᠢ ᠠᠵᠢᠯᠯᠠᠵᠤ᠂ ᠪᠦᠬᠦ ᠵᠢᠯ  ᠤᠨ ᠡᠯ᠎ᠡ ᠵᠦᠢᠯ  ᠤᠨ ᠬᠠᠷᠡᠯᠳᠠ ᠡᠬᠦᠷᠭᠡ  ᠪᠠᠨ ᠲᠡᠭᠦᠰ ᠠᠮᠵᠢᠯᠲᠠ ᠲᠠᠢ ᠪᠡᠶᠡᠯᠡᠬᠦᠯᠵᠤ᠂ ᠤᠷᠳᠤᠰ ᠤᠨ ᠤᠳᠤᠬᠢᠴᠢᠯᠠᠯᠲᠠ  ᠶᠢᠨ ᠪᠦᠲᠦᠬᠡᠨ ᠪᠠᠶᠢᠭᠤᠯᠤᠯᠲᠠ  ᠶᠢᠨ ᠠᠬᠢᠴᠠ  ᠶᠢ ᠪᠦᠬᠦ ᠲᠠᠯ᠎ᠠ  ᠪᠠᠷ ᠲᠦᠷᠭᠡᠳᠭᠡᠭᠦ ᠶᠢᠨ ᠲᠦᠯᠦᠬᠡ ᠴᠢᠷᠮᠠᠶᠢᠨ ᠲᠡᠮᠡᠴᠡᠶ᠎ᠡ︕︽ ᠵᠠᠰᠠᠭ  ᠤᠨ ᠤᠷᠳᠤᠨ  ᠤ ᠠᠵᠢᠯ  ᠤᠨ ᠢᠯᠡᠳᠭᠡᠯ  ︾ ᠎ ᠤᠨ ᠨᠡᠷᠡᠰ  ᠤᠨ ᠲᠠᠶᠢᠯᠪᠤᠷᠢ      ᠨᠢᠬᠡ᠂ ᠬᠤᠤᠰ ᠵᠠᠭᠤᠨ ᠳ᠋ᠦᠩᠰᠢᠭᠤᠷ  ᠤᠨ ᠢᠨᠵᠧᠨᠧᠷᠢᠩ᠄ ᠲᠠᠷᠤᠢ ᠦᠪᠡᠷᠳᠡᠭᠡᠨ ᠵᠠᠰᠠᠬᠤ ᠤᠷᠤᠨ  ᠠᠴᠠ ᠲᠤᠷᠠᠳᠣᠭᠰᠠᠨ ︽ᠡᠵᠡᠩᠨᠡᠯᠲᠡ  ᠶᠢᠨ ᠤᠷᠤᠯᠭ᠎ᠠ ᠎ ᠨᠢ ᠨᠢᠬᠡ ᠵᠠᠭᠤᠨ ᠳ᠋ᠦᠩᠰᠢᠭᠤᠷ ᠲᠦᠬᠦᠷᠢᠭ  ᠢ ᠲᠠᠪᠠᠭᠰᠠᠨ ᠲᠤᠮᠤ ᠭᠡᠯᠪᠡᠷᠢ  ᠶᠢᠨ ᠭᠤᠤᠯᠯᠠᠭᠴᠢ ᠠᠵᠤ ᠠᠬᠤᠶᠢᠯᠠᠯ ᠪᠤᠯᠤᠨ ᠪᠤᠷᠤᠯᠠᠭᠤᠯᠤᠯᠲᠠ  ᠶᠢᠨ ᠤᠷᠤᠯᠭ᠎ᠠ ᠨᠢ ᠨᠢᠬᠡ ᠵᠠᠭᠤᠨ ᠳ᠋ᠦᠩᠰᠢᠭᠤᠷ ᠲᠦᠬᠦᠷᠢᠭ ᠢ ᠲᠠᠪᠠᠭᠰᠠᠨ ᠭᠤᠤᠯᠳᠠᠯᠭ᠎ᠠ ᠲᠠᠢ ᠠᠵᠤ ᠦᠢᠯᠡᠰ  ᠤᠨ ᠬᠦᠷᠢᠶᠡᠯᠡᠩ ᠲᠤᠭᠤᠷᠢᠭ︾ ᠎ ᠢ ᠲᠦᠷᠭᠡᠭᠡᠨ ᠪᠤᠶᠢᠵᠢᠭᠤᠯᠬᠤ ᠢᠨᠵᠧᠨᠧᠷᠢᠩ  ᠪᠤᠯᠤᠨ᠎ᠠ᠃      ᠬᠤᠶᠠᠷ᠂ ᠵᠤᠬᠢᠬᠤ ᠨᠠᠰᠣᠨ  ᠤ ᠡᠮᠡᠭᠳᠡᠶᠢᠴᠤᠳ  ᠤᠨ ᠬᠤᠶᠠᠷ ᠦᠮᠡᠨ  ᠤ ᠰᠢᠭᠰᠢᠨ ᠪᠠᠶᠢᠴᠠᠭᠠᠯᠲᠠ᠄ ᠲᠠᠷᠤᠢ ᠮᠠᠨ  ᠤ ᠬᠤᠲᠠ  ᠶᠢᠨ 20 ᠪᠦᠬᠦᠯᠢ ᠨᠠᠰᠣᠨ ᠎ ᠠᠴᠠ 60 ᠪᠦᠬᠦᠯᠢ ᠨᠠᠰᠣᠨ  ᠤ ᠬᠤᠭᠤᠷᠤᠨᠳᠤᠬᠢ ᠤᠷᠤᠭᠯᠠᠭᠰᠠᠨ ᠡᠮᠡᠭᠳᠡᠶᠢᠴᠣᠳ  ᠲᠤ ᠬᠦᠬᠦᠨ ᠪᠤᠯᠴᠢᠷᠬᠠᠢ  ᠶᠢᠨ ᠦᠮᠡᠨ ᠪᠤᠯᠤᠨ ᠰᠠᠪᠠ  ᠶᠢᠨ ᠬᠦᠵᠦᠬᠦᠦ ᠎ ᠶᠢᠨ ᠦᠮᠠᠨ  ᠤ ᠪᠠᠶᠢᠴᠠᠭᠠᠯᠲᠠ  ᠶᠢ ᠦᠨ᠎ᠡ ᠲᠦᠯᠦᠪᠦᠷᠢ ᠦᠬᠡᠢ ᠬᠢᠵᠤ ᠦᠭᠬᠦ ᠡᠷᠡᠬᠦᠯ ᠬᠠᠮᠠᠭᠠᠯᠠᠯ  ᠢᠶᠠᠷ ᠠᠷᠠᠳ  ᠢ ᠬᠠᠷᠠᠭᠠᠯᠵᠠᠬᠤ ᠢᠨᠵᠧᠨᠧᠷᠢᠩ  ᠪᠤᠯᠤᠨ᠎ᠠ᠃      ᠭᠤᠷᠪᠠ᠂  ᠭᠤᠷᠪᠠᠨ ᠴᠢᠬᠤᠯᠠ ᠨᠢᠬᠡ ᠶᠡᠭᠡ᠄  ᠲᠠᠷᠤᠢ ︽ᠴᠢᠬᠤᠯᠠ ᠶᠡᠭᠡ ᠠᠰᠠᠭᠤᠳᠠᠯ  ᠤᠨ ᠰᠢᠢᠳᠪᠦᠷᠢᠲᠦ ᠪᠤᠳᠤᠯᠭ᠎ᠠ ᠲᠤᠭᠳᠠᠭᠠᠬᠤ᠂ ᠴᠢᠬᠤᠯᠠ ᠺᠠᠳ᠋ᠷ ᠢ ᠠᠵᠢᠯ ᠠᠴᠠ ᠲᠤᠮᠢᠯᠠᠵᠤ ᠪᠠᠭᠤᠯᠭᠠᠬᠤ᠂ ᠴᠢᠬᠤᠯᠠ ᠶᠡᠭᠡ ᠲᠦᠷᠦᠯ ᠵᠦᠢᠯ  ᠤᠨ ᠪᠡᠯᠡ ᠤᠷᠤᠭᠤᠯᠤᠯᠲᠠ  ᠶᠢᠨ ᠰᠢᠢᠳᠪᠦᠷᠢᠲᠦ ᠪᠤᠳᠤᠯᠭ᠎ᠠ ᠲᠤᠭᠳᠠᠭᠠᠬᠤ᠂ ᠶᠡᠭᠡ ᠲᠤᠭᠠᠨ  ᠤ ᠪᠡᠯᠡ ᠮᠦᠩᠬᠦᠨ  ᠤ ᠭᠡᠷᠡᠭᠯᠡᠯᠲᠡ︾ ᠎ ᠶᠢ ᠵᠢᠭᠠᠵᠤ ᠪᠤᠢ᠃      ᠲᠦᠷᠪᠡ᠂ ᠡᠬᠦᠯᠡᠨ ᠪᠤᠳᠤᠯᠭ᠎ᠠ᠄  ᠲᠠᠷᠤᠢ ᠢᠨᠲ᠋ᠧᠷᠨᠧᠲ ᠰᠦᠯᠵᠢᠶ᠎ᠡ  ᠳᠤ ᠰᠠᠭᠤᠷᠢᠯᠠᠭᠰᠠᠨ ᠪᠤᠳᠤᠯᠭ᠎ᠠ  ᠶᠢᠨ ᠠᠷᠭ᠎ᠠ ᠪᠤᠯᠤᠨ᠎ᠠ᠃ ᠡᠶᠢᠮᠦᠷᠬᠦ ᠠᠷᠭ᠎ᠠ  ᠪᠠᠷ ᠲᠠᠮᠵᠢᠨ᠂ ᠶᠡᠭᠡ ᠬᠡᠮᠵᠢᠶᠡᠨ  ᠤ ᠲᠤᠤᠷ ᠰᠦᠯᠵᠢᠶ᠎ᠡ  ᠪᠠᠷ ᠵᠠᠯᠭᠠᠯᠳᠤᠭᠰᠠᠨ ᠪᠤᠳᠤᠯᠭ᠎ᠠ  ᠶᠢᠨ ᠡᠬᠢ ᠪᠠᠶᠠᠯᠢᠭ  ᠢ ᠨᠢᠬᠡᠳᠦᠯᠲᠠᠢ ᠬᠠᠮᠢᠶᠠᠷᠤᠨ ᠲᠤᠬᠢᠷᠠᠭᠤᠯᠵᠤ᠂ ᠭᠡᠷᠡᠭᠴᠡᠭᠡ ᠶᠤᠰᠤᠭᠠᠷ ᠺᠤᠮᠫᠢᠦ᠋ᠲ᠋ᠧᠷ ᠪᠤᠯᠤᠨ ᠪᠤᠰᠤᠳ ᠲᠦᠬᠦᠬᠡᠷᠦᠮᠵᠢ ᠳᠤ ᠲᠤᠭ᠎ᠠ ᠪᠠᠷᠢᠮᠲᠠ ᠬᠠᠩᠭᠠᠨ᠎ᠠ᠃      ᠲᠠᠪᠤ᠂ ᠬᠤᠪᠢ  ᠠᠴᠠ ᠴᠤᠭᠯᠠᠭᠤᠯᠤᠭᠰᠠᠨ ᠰᠲ᠋ᠤᠺ  ᠤᠨ ᠡᠷᠭᠡ ᠲᠠᠢ ᠰᠠᠭᠤᠷᠢ ᠮᠦᠩᠬᠦ᠄  ᠲᠠᠷᠤᠢ ᠰᠲ᠋ᠤᠺ  ᠢᠶᠠᠨ ᠵᠠᠬ᠎ᠠ ᠲᠡᠯᠬᠡᠬᠦᠷ  ᠲᠤ ᠭᠠᠷᠭᠠᠭᠰᠠᠨ ᠪᠤᠰᠤ ᠺᠤᠮᠫᠠᠨᠢ ᠶᠢᠨ ᠰᠲ᠋ᠣᠺ ᠤᠨ ᠡᠷᠭᠡ  ᠶᠢᠨ ᠪᠡᠯᠡ ᠤᠷᠤᠭᠤᠯᠤᠯᠲᠠ  ᠶᠢ ᠡᠷᠬᠢᠯᠡᠵᠤ ᠪᠠᠶᠢᠭ᠎ᠠ ᠰᠠᠭᠤᠷᠢ ᠮᠦᠩᠬᠦ  ᠶᠢ ᠵᠢᠭᠠᠨ᠎ᠠ᠂  ᠡᠨᠡ ᠨᠢ  ᠢᠯᠡ  ᠪᠠᠷ  ᠲᠠᠷᠬᠠᠭᠠᠬᠤ ᠎ ᠶᠢ ᠲᠠᠮᠵᠢᠬᠤ ᠦᠬᠡᠢ᠂ ᠬᠠᠷᠢᠨ ᠦᠪᠡᠷ ᠵᠠᠭᠤᠷ᠎ᠠ  ᠎ ᠶᠢᠨ ᠲᠤᠳᠤᠷ᠎ᠠ  ᠪᠠᠨ ᠣᠨᠴᠠ ᠲᠤᠭᠳᠠᠭᠰᠠᠨ ᠡᠳᠡᠭᠡᠳ  ᠠᠴᠠ ᠴᠤᠭᠯᠠᠭᠤᠯᠳᠠᠭ᠃      ᠵᠢᠷᠭᠤᠭ᠎ᠠ᠂ ᠨᠡᠶᠢᠬᠡᠮ ᠲᠤᠭᠤᠷᠢᠭ  ᠤᠨ ᠡᠳᠦᠷᠵᠢᠨ ᠬᠠᠷᠠᠭᠠᠯᠵᠠᠬᠤ ᠲᠦᠪ᠄ ᠲᠠᠷᠤᠢ ᠨᠡᠶᠢᠬᠡᠮ ᠲᠤᠭᠤᠷᠢᠭ  ᠤᠨ ᠲᠤᠳᠤᠷᠠᠬᠢ ᠨᠠᠰᠣᠨ ᠰᠡᠬᠦᠳᠡᠷ ᠦᠨᠳᠦᠷ᠂ ᠠᠮᠢᠲᠤᠷᠠᠯ  ᠢᠶᠠᠨ ᠪᠦᠷᠢᠮᠰᠦᠨ ᠬᠠᠷᠠᠭᠠᠯᠵᠠᠵᠤ ᠴᠢᠳᠠᠬᠤ ᠦᠬᠡᠢ ᠨᠠᠰᠣᠲᠠᠶᠢᠴᠣᠳ  ᠲᠤ  ᠴᠠᠢ ᠪᠤᠳᠠᠭ᠎ᠠ ᠬᠠᠩᠭᠠᠬᠤ᠂ ᠠᠮᠢᠲᠤᠷᠠᠯ  ᠢ ᠨᠢ ᠬᠠᠷᠠᠭᠠᠯᠵᠠᠬᠤ᠂ ᠡᠷᠡᠬᠦᠯᠵᠢᠯ ᠎ ᠢ ᠬᠠᠮᠠᠭᠠᠯᠠᠬᠤ᠂ ᠰᠣᠶᠣᠯ ᠵᠤᠭ᠎ᠠ ᠴᠡᠩᠬᠡᠯ᠂ ᠤᠶᠤᠨ ᠰᠠᠨᠠᠭᠠᠨ ᠤ ᠲᠠᠶᠢᠳᠬᠠᠷᠠᠭᠤᠯᠤᠯ ᠬᠢᠬᠦ ᠵᠡᠷᠭᠡ ᠦᠢᠯᠡᠴᠢᠯᠡᠭᠡ ᠬᠠᠩᠭᠠᠬᠤ ᠡᠳᠦᠷᠵᠢᠨ ᠲᠦᠪᠯᠡᠷᠡᠬᠦᠯᠦᠨ ᠬᠠᠷᠠᠭᠠᠯᠵᠠᠬᠤ ᠲᠠᠯᠠᠪᠤᠷ ᠭᠠᠵᠠᠷ  ᠢ ᠵᠢᠭᠠᠵᠤ ᠪᠠᠶᠢᠨ᠎ᠠ᠃      ᠲᠤᠯᠤᠭ᠎ᠠ᠂ ᠭᠤᠷᠪᠠᠨ ᠭᠤᠤᠯ ᠭᠤᠷᠪᠠᠨ  ᠬᠦᠷᠢᠶᠡᠯᠡᠩ᠄  ᠲᠠᠷᠤᠢ ᠳ᠋ᠦᠩᠱᠧᠩ ᠲᠤᠭᠤᠷᠢᠭ  ᠤᠨ ᠭᠡᠷᠡᠭᠵᠢᠬᠦᠯᠵᠤ ᠪᠠᠶᠢᠭ᠎ᠠ ᠬᠠᠨᠲᠠᠢ ᠭᠤᠤᠯ᠂ ᠵᠢᠯᠤᠭᠤᠴᠢᠨ ᠭᠤᠤᠯ ᠪᠤᠯᠤᠨ ᠬᠦᠨᠳᠡᠯᠡᠨ ᠭᠤᠤᠯ  ᠤᠨ ᠠᠮᠢ ᠠᠬᠤᠢ  ᠶᠢ ᠴᠡᠭᠴᠡᠯᠡᠨ ᠵᠠᠰᠠᠬᠤ ᠪᠠᠷᠢᠯᠭ᠎ᠠ ᠪᠤᠯᠤᠨ ᠠᠮᠢᠲᠠᠨ  ᠤ ᠬᠦᠷᠢᠶᠡᠯᠡᠩ᠂ ᠤᠷᠭᠤᠮᠠᠯ  ᠤᠨ ᠬᠦᠷᠢᠶᠡᠯᠡᠩ᠂  ᠴᠡᠩᠬᠡᠯ  ᠤᠨ ᠬᠦᠷᠢᠶᠡᠯᠡᠩ  ᠤᠨ ᠪᠦᠲᠦᠬᠡᠨ ᠪᠠᠶᠢᠭᠤᠯᠤᠯᠲᠠ ᠶᠢᠨ ᠲᠦᠷᠦᠯ ᠵᠦᠢᠯ ᠪᠤᠯᠤᠨ᠎ᠠ᠃      ᠨᠠᠢᠮᠠ᠂ ᠲᠠᠪᠤᠨ ᠲᠤᠮᠤ ᠲᠦᠷᠦᠯ ᠬᠡᠯᠪᠡᠷᠢ  ᠶᠢᠨ ᠤᠷᠤᠨ  ᠤ ᠠᠮᠢ ᠠᠬᠤᠢ  ᠶᠢᠨ ᠬᠢᠨᠠᠨ ᠬᠡᠮᠵᠢᠯᠲᠡ ᠪᠤᠯᠤᠨ ᠬᠤᠷᠠᠮᠠᠯ ᠵᠢᠱᠢᠶ᠎ᠡ ᠦᠵᠡᠬᠦᠯᠬᠦ ᠲᠦᠷᠦᠯ ᠵᠦᠢᠯ ᠄ ᠲᠠᠷᠤᠢ  ᠲᠤᠮᠳᠠᠳᠣ ᠣᠯᠣᠰ ᠤᠨ ᠰᠢᠨᠵᠢᠯᠡᠬᠦ ᠤᠬᠠᠭᠠᠨ  ᠤ ᠬᠦᠷᠢᠶᠡᠯᠡᠩ  ᠤᠨ ᠬᠦᠢᠲᠡᠨ ᠬᠠᠭᠰᠠᠷᠭᠠᠨ  ᠤ ᠭᠠᠵᠠᠷ  ᠤᠨ ᠬᠢᠨ ᠣᠷᠳᠣᠰ  ᠤᠨ ︽ᠲᠤᠪᠤᠴᠠᠭ ᠭᠤᠤ ᠭᠠᠩᠭ᠎ᠠ ᠤᠷᠤᠨ᠂ ᠭᠠᠩ ᠬᠠᠭᠤᠷᠠᠢ ᠬᠠᠳᠠᠭᠤ ᠰᠢᠯᠢᠷᠭᠡᠭ  ᠤᠷᠤᠨ᠂ ᠮᠤᠤᠣᠡᠰᠣ  ᠶᠢᠨ ᠡᠯᠡᠰᠦᠷᠭᠡᠭ ᠭᠠᠵᠠᠷ᠂ ᠭᠦᠪᠴᠢ  ᠶᠢᠨ ᠡᠯᠡᠰᠦ ᠪᠤᠯᠤᠨ ᠠᠷᠪᠠᠨ ᠶᠡᠭᠡ ᠬᠦᠨᠳᠡᠢ︾ ᠵᠡᠷᠭᠡ ᠲᠠᠪᠤᠨ ᠲᠤᠮᠤ ᠭᠠᠵᠠᠷ  ᠤᠨ ᠪᠠᠶᠢᠴᠠ  ᠳᠤ ᠬᠠᠨᠳᠤᠭᠤᠯᠵᠤ ᠲᠤᠷᠠᠳᠣᠨ ᠭᠠᠷᠭᠠᠭᠰᠠᠨ ᠠᠮᠢ ᠠᠬᠤᠢ  ᠶᠢᠨ ᠬᠢᠨᠠᠨ ᠬᠡᠮᠵᠢᠯᠲᠡ ᠪᠤᠯᠤᠨ ᠭᠡᠪ ᠵᠠᠭᠪᠤᠷ ᠎ ᠢ ᠰᠢᠯᠢᠳᠡᠭᠵᠢᠬᠦᠯᠬᠦ ᠬᠤᠷᠠᠮᠠᠯ ᠵᠢᠱᠢᠶ᠎ᠡ ᠦᠵᠡᠬᠦᠯᠬᠦ ᠤᠷᠤᠨ  ᠤ ᠪᠦᠲᠦᠬᠡᠨ ᠪᠠᠶᠢᠭᠤᠯᠤᠯᠲᠠ  ᠶᠢᠨ ᠲᠦᠷᠦᠯ ᠵᠦᠢᠯ ᠪᠤᠯᠤᠨ᠎ᠠ᠃      ᠶᠢᠰᠦ᠂ ᠲᠠᠪᠤᠨ ᠵᠦᠢᠯ  ᠤᠨ ᠰᠣᠶᠣᠯ  ᠤᠨ ᠵᠢᠱᠢᠶ᠎ᠡ ᠦᠵᠡᠬᠦᠯᠬᠦ ᠢᠨᠵᠧᠨ᠋ᠧᠷᠢᠩ᠄ ᠲᠠᠷᠤᠢ ︽ᠴᠢᠨᠡᠬᠡᠯᠢᠭᠵᠢᠯ  ᠤᠨ ᠰᠣᠶᠣᠯ  ᠤᠨ ᠢᠨᠵᠧᠨᠧᠷᠢᠩ᠂ ᠰᠠᠷᠠᠨ᠎ᠠ ᠣᠷᠠᠯᠢᠭ ᠤᠨ ᠢᠨᠵᠧᠨᠧᠷᠢᠩ᠂ ᠲᠡᠤᠭᠡ  ᠶᠢᠨ ᠲᠤᠷᠠᠰᠬᠠᠯᠲᠤ ᠵᠦᠢᠯ  ᠢ ᠬᠠᠮᠠᠭᠠᠯᠠᠨ ᠬᠦᠭᠵᠢᠬᠦᠯᠬᠦ ᠢᠨᠵᠧᠨᠧᠷᠢᠩ᠂ ᠴᠢᠳᠠᠪᠤᠷᠢᠲᠠᠨ  ᠤ ᠡᠩᠨᠡᠭᠡ  ᠶᠢᠨ ᠪᠠᠶᠢᠭᠤᠯᠤᠯᠲᠠ ᠎ ᠶᠢᠨ ᠢᠨᠵᠧᠨᠧᠷᠢᠩ ᠪᠤᠯᠤᠨ ᠰᠣᠶᠣᠯ ᠤᠨ ᠠᠵᠤ ᠦᠢᠯᠡᠰ ᠤᠨ  ᠬᠦᠭᠵᠢᠯᠲᠡ ᠶᠢᠨ ᠢᠨᠵᠧᠨᠧᠷᠢᠩ︾ ᠪᠤᠯᠤᠨ᠎ᠠ᠃      ᠠᠷᠪᠠ᠂ ᠬᠦᠬᠡ ᠲᠦᠯᠦ ᠲᠦᠯᠦᠪᠯᠡᠭᠡ᠄  ᠲᠠᠷᠤᠢ ᠰᠣᠷᠭᠠᠨ ᠬᠦᠮᠦᠵᠢᠯ  ᠤᠨ ᠶᠠᠮᠤᠨ  ᠤ ᠲᠡᠯᠬᠡᠷᠡᠬᠦᠯᠦᠭᠰᠡᠨ ᠣᠷᠣᠨ ᠪᠦᠰᠡ  ᠶᠢᠨ ᠠᠵᠤ ᠠᠬᠤᠢ ᠵᠢᠴᠢ ᠭᠠᠵᠠᠷ ᠤᠷᠤᠨ  ᠤ ᠠᠵᠤ ᠦᠢᠯᠡᠰ ᠤᠨ ᠬᠦᠭᠵᠢᠯᠲᠡ ᠶᠢᠨ ᠤᠨᠴᠠᠯᠢᠭ ᠪᠤᠯᠤᠨ ᠭᠡᠷᠡᠭᠴᠡᠭᠡ  ᠶᠢ ᠤᠶᠠᠯᠳᠤᠭᠤᠯᠤᠨ᠂ ᠬᠠᠨᠲᠤᠯᠭᠠᠲᠤ ᠴᠢᠨᠠᠷ ᠲᠠᠢ  ᠪᠠᠷ ᠡᠯ᠎ᠡ ᠶᠡᠭᠡ ᠲᠡᠭᠡᠳᠦ ᠰᠣᠷᠭᠠᠭᠤᠯᠢ  ᠶᠢ ᠵᠤᠬᠢᠶᠠᠨ ᠪᠠᠶᠢᠭᠤᠯᠤᠨ ᠭᠠᠵᠠᠷ ᠤᠷᠤᠨ  ᠢᠶᠠᠷ ᠬᠦᠷᠴᠦ ᠦᠢᠯᠡᠳᠪᠦᠷᠢᠯᠡᠯ ᠵᠢᠭᠠᠨ ᠰᠣᠷᠭᠠᠯᠲᠠ ᠪᠤᠯᠤᠨ ᠰᠣᠳᠣᠯᠭᠠᠨ ᠤ ᠬᠠᠮᠲᠤᠷᠠᠯᠴᠠᠭ᠎ᠠ ᠎ ᠶᠢᠨ ᠰᠢᠷᠢᠰ ᠠᠵᠢᠯᠯᠠᠭ᠎ᠠ ᠦᠷᠨᠢᠬᠦᠯᠬᠦ  ᠶᠢ ᠵᠢᠠᠭᠠᠵᠤ ᠪᠤᠢ᠃
        ᠢᠷᠡᠯᠲᠡ᠄ ᠤᠷᠳᠤᠰ ᠮᠤᠩᠭᠤᠯ ᠰᠦᠯᠵᠢᠶ᠎ᠠ