365bet网上娱乐场_365双试投注是什么_365bet正网开户人民政府蒙古文网站 365bet网上娱乐场_365双试投注是什么_365bet正网开户

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠣᠷᠳᠣᠰ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ
        ᠨᠡᠶᠢᠲᠡᠯᠡᠭᠰᠡᠨ ᠴᠠᠭ᠄
        2022/6/2
        ᠣᠷᠳᠣᠰ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ  ᠴᠢᠳᠠᠪᠬᠢ ᠶᠢᠨ ᠲᠣᠬᠢᠷᠠᠭᠤᠯᠤᠯᠲᠠ᠂ ᠳᠣᠲᠣᠭᠠᠳᠤ ᠶᠢᠨ ᠪᠠᠶᠢᠭᠤᠯᠤᠮᠵᠢ ᠪᠠ ᠠᠵᠢᠯᠲᠠᠨ ᠤ ᠣᠷᠣᠨ ᠲᠤᠭ᠎ᠠ ᠶᠢᠨ ᠲᠣᠭᠲᠠᠭᠠᠯ᠃ᠨᠢᠭᠡᠳᠦᠭᠡᠷ ᠵᠦᠢᠯ   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠵᠥᠪᠰᠢᠶᠡᠷᠡᠭᠰᠡᠨ ︽ᠣᠷᠳᠣᠰ ᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ ᠪᠣᠯᠤᠨ ᠣᠷᠳᠣᠰ ᠬᠤᠲᠠ ᠶᠢᠨ ᠳᠠᠷᠤᠮᠠᠯᠯᠠᠨ  ᠲᠠᠷᠬᠠᠭᠠᠭᠰᠠᠨ ︽ᠣᠷᠳᠣᠰ ᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ  ︾᠎ ᠢ ᠦᠨᠳᠦᠰᠦᠯᠡᠨ᠂ ᠲᠤᠰ ᠲᠣᠭᠲᠠᠭᠠᠯ ᠢ ᠲᠣᠭᠲᠠᠭᠠᠪᠠ᠃ᠬᠤᠶᠠᠳᠤᠭᠠᠷ ᠵᠦᠢᠯ    ᠣᠷᠳᠣᠰ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠣᠯ ᠣᠷᠳᠣᠰ ᠬᠤᠲᠠ ᠶᠢᠨ ᠠᠷᠠᠳ ᠤᠨ ᠵᠠᠰᠠᠭ ᠎ ᠤᠨ ᠣᠷᠳᠣᠨ ᠤ ᠠᠵᠢᠯ ᠤᠨ ᠰᠠᠯᠠᠭ᠎ᠠ ᠮᠥᠴᠢᠷ  ᠪᠠᠶᠢᠵᠤ  ᠂   ᠵᠢᠩᠬᠢᠨᠢ ᠰᠢᠶᠠᠨ ᠤ ᠳᠡᠰ ᠤᠨ ᠪᠠᠶᠢᠭᠤᠯᠭ᠎ᠠ ᠪᠣᠯᠣᠨ᠎ᠠ᠃ ᠣᠷᠳᠣᠰ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠶᠢᠨ ᠫᠠᠶᠢᠰᠠ ᠶᠢ ᠡᠯᠭᠦᠨ᠎ᠡ᠃ᠭᠤᠷᠪᠠᠳᠤᠭᠠᠷ ᠵᠦᠢᠯ   ᠣᠷᠳᠣᠰ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ  ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠎ ᠶᠢᠨ ᠠᠵᠢᠯ ᠤᠨ ᠲᠤᠬᠠᠶ᠂ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠰᠢᠶᠳᠪᠦᠷᠢᠲᠦ ᠪᠣᠳᠣᠯᠭ᠎ᠠ  ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠂  ᠲᠣᠰᠢᠶᠠᠯ ᠬᠠᠷᠢᠭᠤᠴᠠᠯᠭ᠎ᠠ ᠪᠠᠨ ᠭᠦᠶᠴᠡᠳᠬᠡᠬᠦ ᠶᠠᠪᠤᠴᠠ ᠳᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠲᠤᠰᠢᠶᠠᠯ ᠬᠠᠷᠢᠭᠤᠴᠠᠯᠭ᠎ᠠ ᠨᠢ᠄ ︵ᠨᠢᠭᠡ  ︶ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ  ᠲᠤᠬᠠᠢ ᠥᠪᠡᠷᠲᠡᠭᠡᠨ ᠵᠠᠰᠠᠬᠤ ᠣᠷᠣᠨ ᠤ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ  ᠶᠢ ᠨᠠᠶᠢᠳᠠᠪᠤᠷᠢᠵᠢᠭᠤᠯᠤᠨ᠎ᠠ᠃ ᠣᠷᠳᠣᠰ ᠬᠤᠲᠠ ᠶᠢᠨ ᠵᠠᠬ᠎ᠠ ᠳᠡᠯᠭᠡᠭᠦᠷ ᠎ ᠤᠨ ᠬᠢᠨᠠᠯᠲᠠ ᠬᠠᠮᠢᠶᠠᠷᠤᠯᠲᠠ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠰᠦᠯ ᠵᠡᠷᠭᠡ ᠲᠥᠷᠥ ᠶᠢᠨ ᠪᠣᠳᠣᠯᠭ᠎ᠠ ᠶᠢ  ᠲᠤᠭᠤᠷᠪᠢᠨ ᠲᠤᠭᠳᠠᠭᠠᠬᠤ ᠎ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠨ᠎ᠠ᠃ ︵ᠬᠤᠶᠠᠷ︶ ᠵᠠᠬ᠎ᠠ ᠳᠡᠯᠭᠡᠭᠦᠷ ᠲᠤ ᠶᠡᠷᠤᠩᠭᠡᠶᠢᠯᠡᠨ ᠬᠢᠨᠠᠯᠲᠠ ᠳᠠᠯᠪᠢᠵᠤ ᠬᠠᠮᠢᠶᠠᠷᠤᠯᠲᠠ ᠬᠢᠬᠦ ᠶᠢ ᠬᠠᠷᠢᠭᠤᠴᠠᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠎ ᠶᠢᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ᠂ ᠪᠠᠷᠢᠮᠵᠢᠶ᠎ᠠ ᠶᠢ  ᠲᠤᠭᠤᠷᠪᠢᠨ ᠲᠣᠭᠲᠠᠭᠠᠨ᠎ᠠ᠃ ᠶᠠᠰᠤ ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠢᠳᠡᠭᠡᠨ ᠪᠠ ᠡᠮ ᠤᠨ ᠵᠦᠶᠯ ᠤᠨ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ᠂ ᠪᠠᠷᠢᠮᠵᠢᠶᠠᠵᠢᠭᠤᠯᠬᠤ ᠪᠠᠶᠢᠯᠳᠤᠬᠤ ᠪᠣᠳᠣᠯᠭ᠎ᠠ ᠪᠠ  ᠳᠠᠸᠠᠷ ᠤᠨ ᠳᠡᠮᠳᠡᠭ ᠤᠨ ᠨᠠᠷᠠᠲᠤ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ︵ᠭᠤᠷᠪᠠ︶ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠨᠢᠭᠡᠳᠦᠯᠲᠡᠶ ᠳᠠᠩᠰᠠᠯᠠᠨ ᠲᠡᠮᠳᠡᠭᠯᠡᠬᠦ ᠶᠢ ᠬᠠᠷᠢᠭᠤᠴᠠᠨ᠎ᠠ᠃ ᠪᠦᠬᠦ ᠬᠤᠲᠠ ᠶᠢᠨ ᠠᠵᠤ ᠠᠬᠤᠶᠢᠯᠠᠯ᠂ ᠮᠠᠯᠴᠢᠨ ᠲᠠᠷᠢᠶᠠᠴᠢᠳ ᠤᠨ ᠲᠤᠰᠬᠠᠶ ᠬᠤᠷᠰᠢᠶᠠᠵᠢᠯ ᠪᠣᠯᠤᠨ ᠡᠵᠡᠩᠨᠡᠯᠲᠡ ᠬᠢᠵᠦ ᠪᠠᠶᠢᠭ᠎ᠠ ᠨᠢᠭᠡᠴᠡ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠵᠢᠴᠢ ᠡᠷᠬᠡ ᠣᠯᠭᠤᠭᠰᠠᠨ ᠬᠡᠪᠴᠢᠶᠡᠨ ᠳᠣᠲᠣᠷᠠᠬᠢ ᠭᠠᠳᠠᠭᠠᠳᠤ ᠶᠢᠨ ︵ᠭᠠᠵᠠᠷ ᠣᠷᠣᠨ︶ ᠠᠵᠤ ᠠᠬᠤᠶᠢᠯᠠᠯ ᠤᠨ ᠪᠠᠶᠢᠩᠭᠤ ᠰᠠᠭᠤᠭ᠎ᠠ ᠲᠥᠯᠥᠭᠡᠯᠡᠬᠦ ᠪᠠᠶᠢᠭᠤᠯᠤᠮᠵᠢ ᠵᠡᠷᠭᠡ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠳᠠᠩᠰᠠᠯᠠᠨ ᠲᠡᠮᠳᠡᠭᠯᠡᠬᠦ ᠠᠵᠢᠯ ᠢ ᠵᠢᠯᠣᠭᠤᠳᠤᠨ᠎ᠠ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ᠂ ᠬᠠᠮᠲᠤᠪᠠᠷ ᠡᠳ᠋ᠯᠡᠬᠦ ᠲᠣᠭᠲᠠᠴᠠ ᠶᠢ ᠪᠠᠶᠢᠭᠤᠯᠵᠤ᠂  ᠬᠠᠮᠢᠶ᠎ᠠ ᠪᠥᠬᠦᠶ ᠮᠡᠳᠡᠭᠡ ᠵᠠᠩᠭᠢ ᠶᠢ ᠬᠠᠤᠯᠢ ᠶᠣᠰᠣᠭᠠᠷ ᠢᠯᠡ ᠨᠡᠶᠢᠲᠡᠯᠡᠬᠦ ᠪᠠ ᠬᠠᠮᠲᠤᠪᠠᠷ  ᠡᠳ᠋ᠯᠡᠵᠤ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠢᠲᠡᠭᠡᠮᠵᠢ ᠶᠢᠨ  ᠳᠣᠭᠳᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠤᠨ᠎ᠠ᠃ ︵ᠳᠥᠷᠪᠡ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ  ᠶᠡᠷᠤᠩᠭᠡᠶᠢᠯᠡᠨ ᠬᠠᠤᠯᠢ ᠬᠡᠷᠡᠭᠵᠢᠭᠦᠯᠬᠦ ᠠᠵᠢᠯ ᠢ ᠵᠣᠬᠢᠶᠠᠨ ᠪᠠᠶᠢᠭᠤᠯᠤᠨ ᠵᠢᠯᠤᠭᠤᠳᠬᠤ ᠶᠢ ᠬᠠᠷᠢᠭᠤᠴᠠᠨ᠎ᠠ᠃ ᠪᠦᠬᠦ ᠬᠤᠲᠠ ᠶᠢᠨ ᠵᠠᠬ᠎ᠠ ᠳᠡᠯᠭᠡᠭᠦᠷ ᠤᠨ  ᠬᠢᠨᠠᠯᠲᠠ ᠬᠠᠮᠢᠶᠠᠷᠤᠯᠲᠠ ᠶᠢᠨ  ᠶᠡᠷᠤᠩᠭᠡᠶᠢᠯᠡᠨ  ᠬᠠᠤᠯᠢ ᠬᠡᠷᠡᠭᠵᠢᠭᠦᠯᠬᠦ ᠡᠩᠨᠡᠬᠡᠨ ᠤ ᠴᠡᠭᠴᠡᠯᠡᠯᠳᠡ ᠪᠠᠶᠢᠭᠤᠯᠤᠯᠳᠠ ᠶᠢ ᠵᠢᠯᠤᠭᠤᠳᠴᠤ᠂ ᠨᠢᠭᠡᠳᠦᠯᠲᠡᠢ ᠬᠠᠮᠢᠶᠠᠷᠤᠯᠲᠠ ᠶᠢ ᠠᠬᠢᠭᠤᠯᠤᠨ᠎ᠠ᠃ ᠬᠦᠨᠳᠦ ᠨᠣᠴᠢᠲᠠᠢ ᠬᠠᠤᠯᠢ ᠵᠥᠷᠢᠴᠡᠭᠰᠡᠨ ᠬᠡᠷᠡᠭ᠂ ᠬᠤᠰᠢᠭᠤ ᠲᠣᠭᠤᠷᠢᠭ ᠠᠯᠤᠰᠯᠠᠭᠰᠠᠨ ᠬᠠᠤᠯᠢ ᠵᠥᠷᠢᠴᠡᠭᠰᠡᠨ ᠬᠡᠷᠡᠭ ᠢ ᠵᠣᠬᠢᠴᠠᠭᠤᠯᠤᠨ ᠪᠠᠶᠢᠴᠠᠭᠠᠨ  ᠰᠢᠢᠳᠪᠤᠷᠢᠯᠠᠵᠤ  ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠷᠤᠮᠵᠢᠭᠤᠯᠤᠨ᠎ᠠ᠃ ︵ᠲᠠᠪᠤ︶  ᠭᠠᠭᠴᠠᠭᠠᠷ ᠡᠵᠡᠮᠰᠢᠬᠦ ᠶᠢ  ᠡᠰᠡᠷᠭᠦᠴᠡᠵᠤ ᠨᠢᠭᠡᠳᠦᠯᠲᠡᠢ ᠪᠠᠷ ᠬᠠᠤᠯᠢ ᠬᠡᠷᠡᠭᠵᠢᠭᠦᠯᠬᠦ ᠶᠢ ᠬᠠᠷᠢᠭᠤᠴᠠᠨ᠎ᠠ᠃ ᠥᠷᠢᠰᠥᠯᠳᠦᠭᠡᠨ ᠤ ᠲᠥᠷᠥ ᠶᠢᠨ ᠪᠣᠳᠣᠯᠭ᠎ᠠ ᠎ ᠶᠢᠨ ᠬᠡᠷᠡᠭᠵᠢᠭᠦᠯᠦᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠭᠤᠤᠯᠴᠢ ᠥᠷᠢᠰᠥᠯᠳᠦᠭᠡᠨ ᠢ ᠬᠢᠨᠠᠨ ᠪᠠᠶᠢᠴᠠᠭᠠᠬᠤ ᠲᠦᠷᠢᠮ ᠢ ᠵᠢᠯᠣᠭᠤᠳᠤᠨ ᠬᠡᠷᠡᠭᠵᠢᠭᠦᠯᠦᠨ᠎ᠡ ᠃ ᠡᠵᠡᠩᠨᠡᠭᠴᠢ  ᠎ ᠶᠢᠨ ᠲᠦᠪᠯᠡᠷᠡᠭᠰᠡᠨ ᠠᠵᠢᠯᠯᠠᠭ᠎ᠠ ᠳᠤ ᠬᠠᠤᠯᠢ ᠶᠣᠰᠣᠭᠠᠷ ᠡᠷᠭᠡ ᠣᠯᠭᠤᠯᠳᠠ ᠪᠠᠷ ᠭᠠᠭᠴᠠᠭᠠᠷ ᠡᠵᠡᠮᠰᠢᠬᠦ ᠶᠢ ᠡᠰᠡᠷᠭᠦᠴᠡᠬᠦ ᠬᠢᠨᠠᠨ ᠪᠠᠶᠢᠴᠠᠭᠠᠯᠲᠠ ᠬᠢᠵᠦ᠂  ᠭᠠᠭᠠᠴᠠᠭᠠᠷ ᠡᠵᠡᠮᠰᠢᠬᠦ ᠬᠡᠯᠡᠯᠴᠡᠭᠡᠷ᠂ ᠵᠠᠬ᠎ᠠ ᠳᠡᠯᠭᠡᠭᠦᠷ  ᠎ ᠤᠨ ᠵᠠᠬᠢᠷᠬᠤ ᠪᠠᠶᠢᠷᠢ ᠰᠠᠭᠤᠷᠢ ᠶᠢ ᠳᠤᠷ᠎ᠠ ᠪᠠᠷ ᠢᠶᠠᠨ ᠬᠡᠷᠡᠭᠯᠡᠬᠦ ᠪᠠ ᠵᠠᠰᠠᠭ ᠵᠠᠬᠢᠷᠭᠠᠨ ᠤ ᠡᠷᠬᠡ ᠎ ᠶᠢ ᠳᠤᠷ᠎ᠠ ᠪᠠᠷ ᠢᠶᠠᠨ ᠬᠡᠷᠡᠭᠯᠡᠨ ᠥᠷᠢᠰᠥᠯᠳᠦᠭᠡᠨ ᠢ ᠠᠷᠢᠯᠭᠠᠬᠤ᠂ ᠬᠢᠵᠠᠭᠠᠷᠯᠠᠬᠤ ᠵᠢᠴᠢ ᠦᠨ᠎ᠡ ᠬᠠᠩᠰᠢ ᠶᠢ ᠭᠠᠭᠴᠠᠭᠠᠷ ᠡᠵᠡᠮᠰᠢᠬᠦ ᠵᠡᠷᠭᠡ ᠭᠠᠭᠴᠠᠭᠠᠷ ᠡᠵᠡᠮᠰᠢᠬᠦ ᠶᠢ ᠡᠰᠡᠷᠭᠦᠴᠡᠵᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃︵ᠵᠢᠷᠭᠤᠭ᠎ᠠ︶ ᠵᠠᠬ᠎ᠠ ᠳᠡᠯᠭᠡᠭᠦᠷ ᠤᠨ ᠡᠮᠬᠢ ᠳᠢᠭᠯᠢᠮ ᠳᠤ ᠬᠢᠨᠠᠯᠳᠠ ᠳᠠᠯᠪᠢᠨ ᠬᠠᠮᠢᠶᠠᠷᠤᠯᠳᠠ ᠬᠢᠬᠦ ᠶᠢ ᠬᠠᠷᠢᠭᠤᠴᠠᠨ᠎ᠠ᠃ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠤᠨ ᠬᠠᠮᠠᠭᠠᠯᠠᠵᠤ᠂ ᠵᠠᠬ᠎ᠠ ᠳᠡᠯᠭᠡᠭᠦᠷ ᠤᠨ ᠠᠷᠠᠯᠵᠢᠶ᠎ᠠ᠂ ᠰᠦᠯᠵᠢᠶᠡᠨ ᠳᠡᠭᠡᠷᠡᠬᠢ ᠳᠠᠸᠠᠷ ᠤᠨ ᠠᠷᠠᠯᠵᠢᠶ᠎ᠠ ᠵᠢᠴᠢ ᠬᠠᠮᠢᠶ᠎ᠠ ᠪᠦᠬᠦᠢ ᠦᠢᠯᠡᠴᠢᠯᠡᠭᠡᠨ ᠤ ᠠᠵᠢᠯᠯᠠᠭ᠎ᠠ ᠳᠤ ᠬᠠᠤᠯᠢ ᠶᠣᠰᠣᠭᠠᠷ ᠬᠢᠨᠠᠯᠳᠠ ᠳᠠᠯᠪᠢᠨ ᠬᠠᠮᠢᠶᠠᠷᠤᠯᠳᠠ ᠬᠢᠨ᠎ᠠ᠃  ᠦᠨ᠎ᠡ ᠬᠠᠩᠰᠢ ᠰᠦᠢᠳᠭᠡᠯ ᠬᠤᠷᠢᠶᠠᠯᠳᠠ ᠶᠢᠨ ᠬᠠᠣᠯᠢ ᠴᠠᠭᠠᠵᠠ ᠬᠠᠥᠯᠢ ᠲᠤᠭᠳᠠᠭᠠᠯ ᠠᠴᠠ ᠵᠦᠷᠢᠴᠡᠭᠰᠡᠨ᠂ ᠵᠦᠢ ᠪᠤᠰᠤ ᠪᠠᠷ ᠥᠷᠢᠰᠥᠯᠳᠦᠭᠰᠡᠨ᠂ ᠬᠠᠤᠯᠢ ᠠᠴᠠ ᠵᠥᠷᠢᠴᠡᠨ ᠰᠢᠭᠤᠳ ᠪᠣᠷᠣᠯᠠᠭᠤᠯᠤᠭᠰᠠᠨ᠂ ᠳᠠᠮᠵᠢᠭᠤᠯᠤᠨ ᠪᠣᠷᠣᠯᠠᠭᠤᠯᠤᠭᠰᠠᠨ᠂ ᠲᠠᠸᠠᠷ ᠤᠨ ᠲᠡᠮᠳᠡᠭ ᠤᠨ ᠲᠤᠰᠬᠠᠶ ᠠᠰᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠪᠠ ᠬᠤᠳᠠᠯ ᠬᠠᠭᠤᠷᠮᠠᠭ ᠴᠢᠨᠠᠷ ᠮᠠᠭᠤ ᠦᠢᠯᠡᠳᠬᠦᠨ ᠦᠢᠯᠡᠳᠴᠦ ᠪᠣᠷᠣᠯᠠᠭᠤᠯᠤᠭᠰᠠᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠤᠷᠢᠯᠡᠬᠦ ᠶᠢ ᠵᠣᠬᠢᠶᠠᠨ ᠪᠠᠶᠢᠭᠤᠯᠤᠨ ᠵᠢᠯᠤᠭᠤᠳᠤᠨ᠎ᠠ  ᠃ ᠵᠠᠷ ᠮᠡᠳᠡᠭᠡ ᠶᠢᠨ ᠦᠢᠯᠡᠰ ᠤᠨ ᠬᠥᠭᠵᠢᠯᠲᠡ ᠶᠢ ᠵᠢᠯᠣᠭᠤᠳᠴᠤ᠂ ᠵᠠᠷ ᠮᠡᠳᠡᠭᠡ ᠶᠢᠨ  ᠠᠵᠢᠯᠯᠠᠭ᠎ᠠ ᠳᠤ ᠬᠢᠨᠠᠯᠳᠠ ᠬᠠᠮᠢᠶᠠᠷᠤᠯᠳᠠ ᠬᠢᠨ᠎ᠡ᠃ ᠦᠨᠡᠮᠯᠡᠯ ᠦᠭᠡᠶ ᠪᠠᠷ ᠦᠢᠯᠡᠳᠪᠦᠷᠢᠯᠡᠵᠦ ᠡᠵᠡᠩᠨᠡᠬᠦ ᠠᠵᠢᠯᠯᠠᠭ᠎ᠠ ᠶᠢ ᠪᠠᠶᠢᠴᠠᠭᠠᠨ  ᠰᠢᠢᠳᠪᠤᠷᠢᠯᠡᠬᠦ ᠶᠢ  ᠵᠢᠯᠤᠭᠤᠳᠤᠨ᠎ᠠ᠃ ᠣᠷᠳᠣᠰ ᠬᠤᠲᠠ ᠶᠢᠨ ᠬᠡᠷᠡᠭᠯᠡᠭᠴᠢᠳ ᠤᠨ ᠨᠡᠶᠢᠭᠡᠮᠯᠢᠭ ᠤᠨ  ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠠᠵᠢᠯ ᠢ  ᠥᠷᠨᠢᠭᠦᠯᠬᠦ ᠶᠢ ᠵᠢᠯᠣᠭᠤᠳᠤᠨ᠎ᠠ᠃ ︵ᠳᠣᠯᠤᠭ᠎ᠠ︶ ᠶᠠᠰᠤ ᠴᠢᠨᠠᠷ ᠤᠨ ᠬᠤᠷᠸ᠎ᠠ ᠬᠠᠮᠢᠶᠠᠷᠤᠯᠲᠠ ᠶᠢ ᠬᠠᠷᠢᠭᠤᠴᠠᠨ᠎ᠠ᠃ ᠶᠠᠰᠤ ᠴᠢᠨᠠᠷ  ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠡᠷᠡᠭᠵᠢᠭᠦᠯᠵᠦ᠂ ᠨᠡᠷᠡᠲᠦ ᠲᠥᠷᠥᠯ ᠲᠡᠮᠳᠡᠭᠲᠦ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠠᠬᠢᠭᠤᠯᠤᠨ᠎ᠠ᠃ ᠶᠠᠰᠤ ᠴᠢᠨᠠᠷ ᠤᠨ ᠰᠠᠭᠤᠷᠢ ᠲᠦᠭᠦᠭᠡᠷᠤᠮᠵᠢ ᠶᠢᠨ ᠪᠠᠶᠢᠭᠤᠯᠤᠯᠲᠠ ᠬᠢᠭᠡᠳ ᠬᠡᠷᠡᠭᠯᠡᠯᠲᠡ ᠶᠢ ᠨᠢᠭᠡᠳᠦᠯᠲᠡᠶ ᠲᠥᠯᠥᠪᠯᠡᠨ᠂ ᠦᠢᠯᠡᠳᠬᠦᠨ ᠤ ᠶᠠᠰᠤ ᠴᠢᠨᠠᠷ ᠤᠨ ᠠᠳᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠭᠡᠮ ᠰᠣᠭᠤᠭ ᠲᠠᠢ ᠦᠢᠯᠡᠳᠬᠦᠨ ᠢ ᠡᠭᠡᠭᠦᠯᠦᠨ ᠠᠪᠴᠢᠷᠠᠬᠤ ᠳᠦᠷᠢᠮ ᠢ ᠪᠠᠶᠢᠭᠤᠯᠬᠤ ᠶᠢᠨ ᠬᠠᠮᠲᠤ ᠨᠢᠭᠡᠳᠦᠯᠲᠡᠶ ᠬᠡᠷᠡᠭᠵᠢᠭᠦᠯᠵᠦ᠂  ᠦᠢᠯᠡᠳᠬᠦᠨ ᠤ ᠬᠠᠭᠤᠷᠮᠠᠭ ᠢ ᠰᠡᠷᠭᠡᠶᠢᠯᠡᠬᠦ ᠠᠵᠢᠯ  ᠎ ᠳᠤ ᠬᠢᠨᠠᠯᠳᠠ ᠳᠠᠯᠪᠢᠨ ᠬᠠᠮᠢᠶᠠᠷᠤᠯᠳᠠ ᠬᠢᠨ᠎ᠠ᠃ ︵ᠨᠠᠶᠮᠠ︶ ᠦᠢᠯᠡᠳᠬᠦᠨ ᠤ ᠶᠠᠰᠤ ᠴᠢᠨᠠᠷ ᠤᠨ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠦᠢᠯᠡᠳᠬᠦᠨ ᠤ ᠶᠠᠰᠤ ᠴᠢᠨᠠᠷ ᠤᠨ ᠠᠶᠤᠯ ᠦᠭᠡᠶ ᠶᠢᠨ ᠲᠦᠭᠰᠢᠭᠦᠷᠢ ᠶᠢ ᠬᠢᠨᠠᠨ ᠡᠵᠡᠮᠳᠡᠬᠦ᠂ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠬᠤᠲᠠ ᠶᠢᠨ ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠲᠥᠯᠥᠪᠯᠡᠭᠡ ᠶᠢ ᠨᠢᠭᠡᠳᠦᠯᠲᠡᠶ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠶᠠᠰᠤ ᠴᠢᠨᠠᠷ ᠢ ᠳᠡᠰ ᠬᠤᠪᠢᠶᠠᠬᠤ ᠳᠦᠷᠢᠮ᠂ ᠶᠠᠰᠤ ᠴᠢᠨᠠᠷ ᠤᠨ ᠠᠶᠤᠯ ᠦᠭᠡᠶ ᠶᠢᠨ ᠨᠡᠬᠡᠮᠵᠢᠯᠡᠬᠦ ᠳᠦᠷᠢᠮ ᠢ ᠵᠣᠬᠢᠶᠠᠨ ᠪᠠᠶᠢᠭᠤᠯᠤᠨ  ᠬᠡᠷᠡᠭᠵᠢᠭᠦᠯᠬᠦ ᠶᠢ ᠬᠠᠷᠢᠭᠤᠴᠠᠨ᠎ᠠ᠃ ᠠᠵᠤ ᠦᠢᠯᠡᠳᠪᠦᠷᠢ ᠶᠢᠨ ᠦᠢᠯᠡᠳᠬᠦᠨ ᠤ ᠦᠢᠯᠡᠳᠪᠤᠷᠢᠯᠡᠯ ᠢ ᠵᠥᠪᠰᠢᠶᠡᠷᠡᠬᠦ ᠬᠠᠮᠢᠶᠠᠷᠤᠯᠲᠠ ᠪᠣᠯᠤᠨ ᠰᠢᠬᠢᠷᠯᠢᠭ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃ ︵ᠶᠢᠰᠦ︶ ᠣᠨᠴᠠ ᠲᠥᠷᠥᠯ ᠤᠨ ᠲᠥᠬᠦᠭᠡᠷᠦᠮᠵᠢ ᠶᠢᠨ ᠠᠶᠤᠯ ᠦᠭᠡᠶ ᠶᠢᠨ ᠬᠢᠨᠠᠯᠲᠠ ᠳᠠᠯᠪᠢᠨ ᠬᠠᠮᠢᠶᠠᠷᠤᠯᠲᠠ ᠬᠢᠬᠦ ᠶᠢ ᠬᠠᠷᠢᠭᠤᠴᠠᠨ᠎ᠠ᠃ ᠣᠨᠴᠠ ᠲᠥᠷᠥᠯ ᠤᠨ ᠲᠥᠬᠦᠭᠡᠷᠦᠮᠵᠢ ᠶᠢᠨ  ᠠᠶᠤᠯ ᠦᠭᠡᠢ ᠶᠢ ᠬᠢᠨᠠᠨ ᠪᠠᠶᠢᠴᠠᠭᠠᠬᠤ᠂ ᠬᠢᠨᠠᠯᠲᠠ ᠲᠠᠯᠪᠢᠬᠤ ᠠᠵᠢᠯ ᠢ ᠶᠡᠷᠦᠩᠬᠡᠶᠢᠯᠡᠨ ᠬᠠᠮᠢᠶᠠᠷᠴᠤ᠂ ᠡᠨᠧᠷᠭᠢ ᠶᠢᠨ ᠬᠤᠷᠤᠭᠳᠠᠯ ᠢᠶᠠᠷ ᠶᠡᠭᠡ ᠣᠨᠴᠠ ᠲᠥᠷᠥᠯ ᠤᠨ ᠲᠥᠬᠦᠭᠡᠷᠦᠮᠵᠢ ᠶᠢᠨ ᠡᠨᠧᠷᠭᠢ ᠠᠷᠪᠢᠯᠠᠬᠤ ᠪᠠᠷᠢᠮᠵᠢᠶ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ  ᠪᠠᠶᠢᠴᠠᠭᠠᠯᠳᠠ ᠬᠢᠨ᠎ᠠ᠃︵ᠠᠷᠪᠠ︶ ᠢᠳᠡᠭᠡᠨ ᠤ  ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠢᠳᠡᠭᠡᠨ ᠤ  ᠠᠮᠤᠷ ᠲᠦᠪᠰᠢᠨ ᠤ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ  ᠲᠤᠭᠤᠷᠪᠢᠨ ᠲᠤᠭᠳᠠᠭᠠᠬᠤ  ᠎ ᠶᠢᠨ ᠬᠠᠮᠲᠤ ᠬᠡᠷᠡᠭᠵᠢᠭᠦᠯᠦᠨ᠎ᠡ᠃ ᠢᠳᠡᠭᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ   ᠲᠤᠭᠳᠠᠯᠴᠠᠭ᠎ᠠ ᠶᠢᠨ ᠪᠠᠶᠢᠭᠤᠯᠤᠯᠲᠠ ᠶᠢ ᠬᠠᠷᠢᠭᠤᠴᠠᠵᠤ᠂ ᠢᠳᠡᠭᠡᠨ ᠤ ᠠᠮᠤᠷ ᠲᠦᠪᠰᠢᠨ ᠤ ᠬᠦᠨᠳᠦ ᠶᠡᠭᠡ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠪᠠ ᠪᠠᠶᠢᠴᠠᠭᠠᠨ ᠰᠢᠶᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠢᠳᠡᠭᠡᠨ ᠤ ᠠᠮᠤᠷ ᠲᠦᠪᠰᠢᠨ ᠤ ᠴᠢᠬᠤᠯᠠ ᠮᠡᠳᠡᠭᠡ ᠵᠠᠩᠭᠢ ᠶᠢ ᠰᠢᠭᠤᠳ ᠮᠡᠳᠡᠭᠦᠯᠬᠦ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠬᠤᠲᠠ ᠶᠢᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ ᠢᠳᠡᠭᠡᠨ ᠤ ᠦᠢᠯᠡᠳᠪᠤᠷᠢᠯᠡᠯ᠂ ᠭᠦᠢᠯᠭᠡᠭᠡ᠂ ᠬᠡᠷᠡᠭᠯᠡᠭᠡ ᠶᠢᠨ ᠪᠦᠬᠦ ᠶᠠᠪᠤᠴᠠ ᠶᠢ ᠬᠠᠮᠤᠷᠤᠭᠰᠠᠨ ᠬᠢᠨᠠᠯᠲᠠ ᠲᠠᠯᠪᠢᠵᠤ ᠪᠠᠶᠢᠴᠠᠭᠠᠬᠤ ᠳᠦᠷᠢᠮ ᠪᠣᠯᠤᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠲᠣᠭᠲᠠᠴᠠ ᠶᠢ ᠪᠠᠶᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂  ᠢᠳᠡᠭᠡᠨ ᠤ ᠠᠮᠤᠷ ᠲᠦᠪᠰᠢᠨ ᠤ ᠣᠷᠣᠨ ᠪᠦᠰᠡ ᠶᠢᠨ ᠴᠢᠨᠠᠷᠲᠠᠶ᠂  ᠰᠢᠰᠲ᠋ᠧᠮ ᠤᠨ ᠴᠢᠨᠠᠷᠲᠠᠶ ᠲᠦᠭᠰᠢᠭᠦᠷᠢ ᠶᠢ ᠰᠡᠷᠭᠡᠶᠢᠯᠡᠨ᠎ᠡ᠃ ᠢᠳᠡᠭᠡᠨ ᠦᠢᠯᠡᠳᠪᠤᠷᠢᠯᠡᠵᠤ ᠡᠵᠡᠩᠨᠡᠭᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠢᠳᠡᠭᠡᠨ ᠤ ᠠᠮᠤᠷ ᠲᠦᠪᠰᠢᠨ ᠎ ᠤ ᠨᠡᠬᠡᠮᠵᠢᠯᠡᠬᠦ ᠲᠤᠭᠳᠠᠯᠴᠠᠭ᠎ᠠ ᠶᠢ ᠪᠦᠷᠢᠨᠰᠢᠭᠦᠯᠦᠨ᠎ᠡ᠃ ᠢᠳᠡᠭᠡᠨ ᠤ ᠠᠮᠤᠷ ᠲᠦᠪᠰᠢᠨ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ᠂ ᠲᠦᠭᠰᠢᠭᠦᠷᠢ ᠶᠢ ᠬᠢᠨᠠᠨ ᠬᠡᠮᠵᠢᠬᠦ᠂ ᠬᠢᠨᠠᠨ ᠪᠠᠶᠢᠴᠠᠭᠠᠵᠤ ᠰᠢᠶᠳᠪᠦᠷᠢᠯᠡᠬᠦ ᠪᠠ ᠲᠦᠭᠰᠢᠭᠦᠷᠢ ᠶᠢ ᠰᠡᠷᠡᠮᠵᠢᠯᠡᠭᠦᠯᠬᠦ᠂ ᠲᠦᠭᠰᠢᠭᠦᠷᠢ ᠶᠢ ᠰᠣᠯᠢᠯᠴᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠢᠳᠡᠰᠢᠨ ᠳᠠᠪᠤᠰᠤᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠨ ᠬᠠᠮᠢᠶᠠᠷᠤᠯᠲᠠ ᠪᠠ ᠤᠨᠴᠠᠭᠠᠢ ᠢᠳᠡᠭᠡᠨ ᠢ ᠵᠦᠪᠰᠢᠶᠡᠷᠡᠬᠦ᠂ ᠳᠠᠩᠰᠠᠯᠠᠬᠤ᠂ ᠬᠢᠨᠠᠨ ᠬᠠᠮᠢᠶᠠᠷᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃︵ᠠᠷᠪᠠᠨ ᠨᠢᠭᠡ︶ ᠬᠡᠮᠵᠢᠯᠲᠡ ᠶᠢᠨ ᠠᠵᠢᠯ ᠢ ᠨᠢᠭᠡᠳᠦᠯᠲᠡᠶ ᠬᠠᠮᠢᠶᠠᠷᠬᠤ ᠶᠢ ᠬᠠᠷᠢᠭᠤᠴᠠᠨ᠎ᠠ᠃ ᠤᠯᠤᠰ ᠤᠨ ᠬᠡᠮᠵᠢᠯᠲᠡ ᠶᠢᠨ ᠳᠦᠷᠢᠮ ᠢ ᠨᠠᠶᠢᠳᠠᠪᠤᠷᠢᠵᠢᠭᠤᠯᠵᠤ᠂ ᠬᠠᠤᠯᠢ ᠪᠠᠷ ᠲᠣᠭᠲᠠᠭᠠᠭᠰᠠᠨ ᠬᠡᠮᠵᠢᠯᠲᠡ ᠶᠢᠨ ᠨᠢᠭᠡᠴᠢ ᠶᠢ ᠬᠡᠷᠡᠭᠵᠢᠭᠦᠯᠦᠨ᠂ ᠬᠡᠮᠵᠢᠯᠲᠡ ᠶᠢᠨ ᠪᠠᠭᠠᠵᠢ ᠬᠡᠷᠡᠭᠰᠡᠯ ᠵᠢᠴᠢ ᠲᠤᠭ᠎ᠠ ᠬᠡᠮᠵᠢᠭᠳᠡᠯ ᠢ ᠳᠠᠮᠵᠢᠭᠤᠯᠬᠤ ᠪᠠ ᠬᠠᠷᠢᠴᠠᠭᠤᠯᠬᠤ ᠠᠵᠢᠯ ᠢ ᠬᠠᠮᠢᠶᠠᠷᠤᠨ᠎ᠠ᠃ ᠲᠠᠸᠠᠷ ᠤᠨ ᠬᠡᠮᠵᠢᠶ᠎ᠡ ᠪᠠ ᠵᠠᠬ᠎ᠠ ᠳᠡᠯᠭᠡᠭᠦᠷ ᠤᠨ ᠬᠡᠮᠵᠢᠯᠲᠡ ᠶᠢᠨ ᠠᠵᠢᠯᠯᠠᠭ᠎ᠠ ᠶᠢ ᠵᠢᠷᠤᠮᠵᠢᠭᠤᠯᠵᠤ᠂ ᠬᠢᠨᠠᠯᠲᠠ ᠲᠠᠯᠪᠢᠨ᠎ᠠ ︵ᠠᠷᠪᠠᠨ ᠬᠤᠶᠠᠷ︶ ᠪᠦᠬᠦ ᠬᠤᠲᠠ ᠶᠢᠨ ᠪᠠᠷᠢᠮᠵᠢᠶᠠᠵᠢᠭᠤᠯᠬᠤ ᠠᠵᠢᠯ ᠢ ᠨᠢᠭᠡᠳᠦᠯᠲᠡᠢ ᠬᠠᠮᠢᠶᠠᠷᠬᠤ ᠪᠠ ᠵᠢᠯᠣᠭᠤᠳᠬᠤ ᠶᠢ ᠬᠠᠷᠢᠭᠤᠴᠠᠨ᠎ᠠ᠃ ᠣᠷᠣᠨ ᠨᠤᠲᠤᠭ ᠤᠨ ᠪᠠᠷᠢᠮᠵᠢᠶ᠎ᠠ  ᠶᠢ ᠲᠣᠭᠲᠠᠭᠠᠬᠤ᠂ ᠳ᠋ᠤᠭᠠᠷᠯᠠᠬᠤ᠂ ᠨᠡᠶᠢᠲᠡᠯᠡᠬᠦ ᠠᠵᠢᠯ ᠢ ᠬᠠᠤᠯᠢ ᠶᠣᠰᠣᠭᠠᠷ ᠡᠭᠦᠷᠭᠡᠯᠡᠵᠦ᠂ ᠡᠯ᠎ᠡ ᠠᠵᠢᠯ ᠲᠥᠷᠥᠯ ᠡᠯ᠎ᠡ ᠬᠦᠷᠢᠶ᠎ᠡ ᠴᠠᠷ᠎ᠠ ᠶᠢᠨ ᠪᠠᠷᠢᠮᠵᠢᠶᠠᠵᠢᠭᠤᠯᠬᠤ ᠠᠵᠢᠯ ᠳᠤ ᠣᠷᠣᠯᠴᠠᠬᠤ ᠶᠢ ᠠᠬᠢᠭᠤᠯᠤᠨ᠎ᠠ᠃ ᠤᠯᠤᠰ ᠤᠨ ᠪᠠᠷᠢᠮᠵᠢᠶ᠎ᠠ᠂ ᠠᠵᠢᠯ ᠲᠥᠷᠥᠯ ᠤᠨ ᠪᠠᠷᠢᠮᠵᠢᠶ᠎ᠠ᠂ ᠣᠷᠣᠨ ᠨᠤᠲᠤᠭ ᠤᠨ ᠪᠠᠷᠢᠮᠵᠢᠶ᠎ᠠ ᠎ ᠶᠢ  ᠬᠡᠷᠡᠭᠵᠢᠭᠦᠯᠦᠭᠰᠡᠨ ᠮᠡᠳᠡᠭᠡ ᠵᠠᠩᠭᠢ ᠶᠢ ᠬᠠᠷᠢᠭᠤ ᠲᠤᠰᠬᠠᠬᠤ ᠪᠠ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ︵ᠠᠷᠪᠠᠨ ᠭᠤᠷᠪᠠ︶ ᠰᠢᠯᠭᠠᠨ ᠪᠠᠶᠢᠴᠠᠭᠠᠵᠤ ᠬᠡᠮᠵᠢᠬᠦ ᠠᠵᠢᠯ ᠢ ᠨᠢᠭᠡᠳᠦᠯᠲᠡᠶ ᠬᠠᠮᠢᠶᠠᠷᠬᠤ ᠶᠢ ᠬᠠᠷᠢᠭᠤᠴᠠᠨ᠎ᠠ᠃  ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠠᠬᠢᠭᠤᠯᠵᠤ᠂ ᠵᠠᠬ᠎ᠠ ᠳᠡᠯᠭᠡᠭᠦᠷ ᠤᠨ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠵᠠᠬ᠎ᠠ ᠳᠡᠯᠭᠡᠭᠦᠷ ᠢ ᠵᠢᠷᠤᠮᠵᠢᠭᠤᠯᠤᠨ᠂  ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ  ᠲᠤᠭᠳᠠᠯᠴᠠᠭ᠎ᠠ ᠶᠢ ᠲᠡᠭᠦᠯᠳᠡᠷᠵᠢᠭᠦᠯᠵᠦ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠠᠵᠢᠯ ᠲᠥᠷᠥᠯ ᠤᠨ ᠬᠥᠭᠵᠢᠯᠲᠡ ᠶᠢ ᠵᠤᠬᠢᠴᠠᠭᠤᠯᠤᠨ ᠵᠢᠯᠤᠭᠤᠳᠣᠨ᠎ᠠ᠃ ︵ᠠᠷᠪᠠᠨ ᠳᠥᠷᠪᠡ︶ ᠪᠦᠬᠦ ᠬᠤᠲᠠ ᠶᠢᠨ ᠭᠡᠷᠡᠴᠢᠯᠡᠵᠦ ᠵᠥᠪᠰᠢᠶᠡᠷᠡᠬᠦ ᠠᠵᠢᠯ ᠢ ᠨᠢᠭᠡᠳᠦᠯᠲᠡᠢ  ᠬᠠᠮᠢᠶᠠᠷᠬᠤ᠂ ᠬᠢᠨᠠᠯᠲᠠ ᠲᠠᠯᠪᠢᠬᠤ ᠪᠠ  ᠶᠡᠷᠤᠩᠭᠡᠶᠢᠯᠡᠨ ᠵᠣᠬᠢᠴᠠᠭᠤᠯᠬᠤ ᠶᠢ ᠬᠠᠷᠢᠭᠤᠴᠠᠨ᠎ᠠ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ  ᠭᠡᠷᠡᠴᠢᠯᠡᠵᠦ ᠵᠥᠪᠰᠢᠶᠡᠷᠡᠬᠦ ᠪᠠ  ᠦᠨᠡᠯᠡᠨ ᠲᠣᠭᠲᠠᠭᠠᠬᠤ ᠳᠤ ᠬᠢᠨᠠᠯᠲᠠ ᠲᠠᠯᠪᠢᠵᠤ ᠬᠠᠮᠢᠶᠠᠷᠬᠤ ᠵᠡᠷᠭᠡ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ︵ᠠᠷᠪᠠᠨ ᠲᠠᠪᠤ︶ ᠪᠦᠬᠦ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ  ᠪᠦᠳᠦᠬᠡᠯᠳᠡ᠂ ᠬᠡᠷᠡᠭᠯᠡᠯᠳᠡ᠂  ᠬᠠᠮᠠᠭᠠᠯᠠᠯᠲᠠ᠂ ᠬᠠᠮᠢᠶᠠᠷᠤᠯᠲᠠ ᠪᠠ ᠦᠢᠯᠡᠴᠢᠯᠡᠬᠡᠨ ᠤ ᠠᠵᠢᠯ ᠢ ᠬᠠᠷᠢᠭᠤᠴᠠᠨ᠎ᠠ᠃ ᠪᠥᠬᠦ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠭᠤᠷᠪᠢᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠬᠤᠲᠠ ᠪᠠᠨ ᠬᠦᠴᠦᠷᠬᠡᠭᠵᠢᠭᠦᠯᠬᠦ  ᠪᠠᠶᠢᠭᠤᠯᠤᠯᠲᠠ ᠶᠢ ᠠᠬᠢᠭᠤᠯᠤᠨ᠎ᠠ᠃ ︵ᠠᠷᠪᠠᠨ ᠵᠢᠷᠭᠤᠭ᠎ᠠ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠲᠤᠭᠳᠠᠯᠴᠠᠭ᠎ᠠ ᠶᠢᠨ ᠪᠠᠶᠢᠭᠤᠯᠤᠯᠲᠠ ᠶᠢᠨ ᠲᠥᠰᠦᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠡᠷᠡᠭᠯᠡᠯᠲᠡ ᠶᠢ ᠠᠬᠢᠭᠤᠯᠤᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠪᠠ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ  ᠲᠤᠭᠳᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠠᠵᠢᠯ ᠢ ᠥᠷᠨᠢᠭᠦᠯᠦᠨ᠎ᠡ᠃ ᠪᠦᠬᠦ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠰᠬᠠᠢ  ᠪᠡᠯᠡ ᠮᠥᠩᠭᠦ ᠶᠢ ᠬᠠᠮᠢᠶᠠᠷᠴᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ  ᠎ ᠶᠢ ᠬᠤᠪᠢᠷᠠᠭᠤᠯᠬᠤ ᠴᠢᠬᠤᠯᠠ ᠶᠡᠭᠡ ᠲᠥᠷᠦᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠰᠢᠯᠵᠢᠭᠦᠯᠦᠨ ᠬᠤᠪᠢᠷᠠᠭᠤᠯᠬᠤ ᠶᠢ ᠠᠬᠢᠭᠤᠯᠤᠨ᠎ᠠ᠃ ᠲᠠᠸᠠᠷ ᠤᠨ ᠲᠡᠮᠳᠡᠭ ᠤᠨ ᠲᠤᠰᠬᠠᠶ ᠠᠰᠢᠭ ᠤᠨ ᠬᠠᠤᠯᠢ ᠬᠡᠷᠡᠭᠵᠢᠭᠦᠯᠬᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠠᠷᠭᠤᠯᠳᠤᠭᠠᠨ ᠢ ᠰᠢᠶᠳᠪᠦᠷᠢᠯᠡᠬᠦ᠂ ᠡᠷᠬᠡ ᠪᠠᠨ ᠬᠠᠮᠠᠭᠠᠯᠠᠬᠤ ᠳᠤ ᠲᠤᠰᠠᠯᠠᠮᠵᠢ ᠦᠵᠡᠭᠦᠯᠬᠦ ᠪᠠ ᠵᠢᠭᠤᠷᠠᠯᠳᠤᠭᠠᠨ ᠢ ᠡᠶᠡᠳᠡᠭᠦᠯᠦᠨ ᠰᠢᠶᠳᠪᠦᠷᠢᠯᠡᠬᠦ ᠶᠢ ᠵᠢᠯᠣᠭᠤᠳᠴᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠤᠷᠢᠯᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠷᠢᠳᠴᠢᠯᠠᠨ ᠰᠡᠷᠡᠮᠵᠢᠯᠡᠭᠦᠯᠬᠦ ᠪᠠ ᠭᠠᠳᠠᠭᠠᠳᠤ ᠳᠤ ᠬᠤᠯᠪᠣᠭᠳᠠᠬᠤ ᠵᠡᠷᠭᠡ ᠠᠵᠢᠯ ᠢ ᠵᠢᠯᠤᠭᠤᠳᠣᠨ ᠵᠣᠬᠢᠶᠠᠨ  ᠪᠠᠶᠢᠭᠤᠯᠤᠨ᠎ᠠ  ᠃ ︵ᠠᠷᠪᠠᠨ ᠳᠣᠯᠤᠭ᠎ᠠ  ︶ ᠡᠮ ᠤᠨ ᠵᠦᠢᠯ ᠤᠨ ᠦᠢᠯᠡᠳᠪᠦᠷᠢᠯᠡᠯ᠂ ᠡᠵᠡᠩᠨᠡᠯᠲᠡ᠂ ᠡᠮᠴᠢᠯᠡᠭᠡᠨ ᠤ ᠪᠠᠶᠢᠭᠤᠯᠤᠮᠵᠢ ᠶᠢᠨ ᠡᠮ ᠨᠠᠶᠢᠷᠠᠭᠤᠯᠬᠤ ᠵᠡᠷᠭᠡ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠢ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠡᠮ ᠤᠨ ᠵᠦᠶᠯ ᠤᠨ ᠦᠶᠯᠡᠳᠪᠦᠷᠢᠯᠡᠯ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠠᠩᠬᠠᠨ ᠤ ᠬᠢᠨᠠᠯᠲᠠ᠂ ᠡᠮ ᠤᠨ ᠵᠦᠶᠯ ᠤᠨ ᠦᠶᠯᠡᠳᠪᠦᠷᠢᠯᠡᠯ ᠤᠨ ᠠᠵᠤ ᠠᠬᠤᠶᠢᠯᠠᠯ ᠤᠨ ᠶᠠᠰᠤ ᠴᠢᠨᠠᠷ ᠤᠨ ᠡᠷᠬᠡ ᠣᠯᠭᠤᠯᠲᠠ ᠳᠤ ᠬᠤᠪᠢᠷᠠᠯᠲᠠ ᠭᠠᠷᠤᠭᠰᠠᠨ ᠡᠮ ᠎ ᠤᠨ ᠵᠦᠢᠯ ᠤᠨ ᠦᠢᠯᠡᠳᠪᠤᠷᠢᠯᠡᠯ ᠤᠨ ᠵᠥᠪᠰᠢᠶᠡᠷᠡᠯ ᠤᠨ ᠦᠨᠡᠮᠯᠡᠯ ᠤᠨ ᠳᠠᠩᠰᠠᠯᠠᠯ ᠵᠢᠴᠢ ᠪᠥᠬᠦ ᠬᠤᠲᠠ ᠶᠢᠨ ᠬᠡᠪᠴᠢᠶᠡᠨ ᠳᠠᠬᠢ ᠡᠮᠴᠢᠯᠡᠭᠡᠨ ᠤ ᠪᠠᠶᠢᠭᠤᠯᠤᠮᠵᠢ ᠶᠢᠨ ᠮᠣᠩᠭᠤᠯ ᠡᠮ ᠤᠨ ᠨᠠᠶᠢᠷᠠᠭᠤᠯᠭ᠎ᠠ  ᠎ ᠶᠢ ᠳᠣᠭᠢᠷᠠᠭᠤᠯᠤᠨ ᠬᠡᠷᠡᠭᠯᠡᠬᠦ ᠵᠠᠰᠠᠭ ᠵᠠᠬᠢᠷᠭᠠᠨ ᠤ ᠵᠥᠪᠰᠢᠶᠡᠷᠡᠯ ᠢ ᠬᠠᠷᠢᠭᠤᠴᠠᠨ᠎ᠠ᠃ ᠮᠣᠩᠭᠤᠯ ᠡᠮ  ᠎ ᠢ ᠰᠤᠳᠤᠯᠤᠨ ᠦᠶᠯᠡᠳᠬᠦ ᠂ ᠦᠶᠯᠡᠳᠪᠦᠷᠢᠯᠡᠬᠦ᠂ ᠭᠦᠶᠯᠭᠡᠭᠡᠬᠦ ᠪᠠ ᠬᠡᠷᠡᠭᠯᠡᠬᠦ ᠡᠯ᠎ᠡ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠡᠮᠴᠢᠯᠡᠭᠡᠨ ᠤ ᠪᠠᠭᠠᠵᠢ  ᠬᠡᠷᠡᠭᠰᠡᠯ ᠤᠨ ᠡᠵᠡᠩᠨᠡᠯᠳᠡ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠪᠣᠯᠤᠨ  ᠬᠡᠷᠡᠭᠯᠡᠯᠳᠡ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠢ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠨᠢᠭᠡᠳᠦᠭᠡᠷ ᠲᠥᠷᠥᠯ ᠤᠨ ᠡᠮᠴᠢᠯᠡᠭᠡᠨ ᠤ  ᠪᠠᠭᠠᠵᠢ  ᠬᠡᠷᠡᠭᠰᠡᠯ ᠤᠨ ᠦᠢᠯᠡᠳᠬᠦᠨ  ᠎ ᠢ ᠳᠠᠩᠰᠠᠯᠠᠬᠤ᠂ ᠦᠢᠯᠡᠳᠪᠦᠷᠢᠯᠡᠬᠦ ᠠᠵᠤ ᠠᠬᠤᠶᠢᠯᠠᠯ ᠢ  ᠳᠠᠩᠰᠠᠯᠠᠬᠤ ᠶᠢ ᠬᠠᠷᠢᠭᠤᠴᠠᠨ᠎ᠠ᠃ ᠡᠮ ᠤᠨ ᠵᠦᠢᠯ ᠤᠨ ᠵᠢᠵᠢᠭᠯᠡᠨ ᠬᠤᠳᠠᠯᠳᠤᠬᠤ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠡᠵᠡᠩᠨᠡᠬᠦ  ᠎ ᠶᠢ  ᠵᠦᠪᠰᠢᠶᠡᠷᠡᠬᠦ᠂ ᠪᠠᠶᠢᠴᠠᠭᠠᠯᠲᠠ ᠬᠢᠬᠦ ᠪᠠ ᠰᠢᠳᠬᠡᠨ ᠲᠣᠷᠭᠠᠬᠤ ᠵᠢᠴᠢ ᠵᠠᠰᠠᠯ ᠴᠢᠮᠡᠭ ᠤᠨ ᠡᠳ᠋ ᠤᠨ ᠡᠵᠡᠩᠨᠡᠯᠲᠡ ᠪᠣᠯᠤᠨ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠢ ᠬᠡᠷᠡᠭᠯᠡᠬᠦ ᠭᠤᠭᠴᠤᠭ᠎ᠠ ᠶᠢᠨ ᠶᠠᠰᠤ ᠴᠢᠨᠠᠷ ᠤᠨ ᠪᠠᠶᠢᠴᠠᠭᠠᠯᠲᠠ ᠬᠢᠬᠦ ᠪᠣᠯᠤᠨ ᠰᠢᠳᠬᠡᠨ ᠲᠣᠷᠭᠠᠬᠤ ᠶᠢ ᠬᠠᠷᠢᠭᠤᠴᠠᠨ᠎ᠠ᠃︵ᠠᠷᠪᠠᠨ ᠨᠠᠶᠮᠠ︶  ᠪᠥᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠵᠢᠯᠣᠭᠤᠳᠤᠨ ᠵᠢᠵᠢᠭ  ᠪᠢᠴᠢᠯ ᠠᠵᠤ ᠠᠬᠤᠶᠢᠯᠠᠯ᠂ ᠦᠶᠯᠡᠳᠪᠦᠷᠢ ᠬᠤᠳᠠᠯᠳᠤᠭᠠᠨ ᠤ ᠬᠤᠪᠢ ᠡᠷᠦᠬᠡ᠂ ᠲᠤᠰᠬᠠᠶ ᠵᠠᠬ᠎ᠠ ᠳᠡᠯᠭᠡᠭᠦᠷ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠥᠷᠨᠢᠭᠦᠯᠦᠨ᠎ᠡ᠃ ᠪᠦᠬᠦ ᠬᠤᠲᠠ ᠶᠢᠨ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠵᠣᠬᠢᠶᠠᠨ ᠪᠠᠢᠭᠤᠯᠤᠯᠲᠠ ᠶᠢᠨ ᠡᠪᠯᠡᠯ ᠤᠨ ᠪᠠᠶᠢᠭᠤᠯᠤᠯᠳᠠ ᠶᠢᠨ ᠠᠵᠢᠯ ᠢ ᠵᠢᠯᠣᠭᠤᠳᠤᠨ᠎ᠠ᠃ ︵ᠠᠷᠪᠠ ᠶᠢᠰᠦ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠪᠠ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ᠂ ᠰᠣᠨᠢᠨ ᠮᠡᠳᠡᠭᠡᠨ ᠤ ᠤᠬᠠᠭᠤᠯᠭ᠎ᠠ ᠵᠡᠷᠭᠡ ᠠᠵᠢᠯ ᠢ ᠬᠠᠷᠢᠭᠤᠴᠠᠨ᠎ᠠ᠃ ︵ᠬᠤᠷᠢ  ︶ ᠬᠤᠲᠠ ᠶᠢᠨ ᠲᠣᠰ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ  ᠵᠠᠰᠠᠭ ᠵᠠᠬᠢᠷᠭᠠᠨ ᠤ  ᠶᠡᠷᠤᠩᠭᠡᠶᠢᠯᠡᠨ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠵᠤ᠂ ᠪᠦᠬᠦ ᠬᠤᠲᠠ ᠶᠢᠨ ᠴᠢᠨᠠᠷᠲᠠᠢ ᠬᠤᠰᠢᠭᠤ ᠲᠣᠭᠤᠷᠢᠭ ᠠᠯᠤᠰᠯᠠᠭᠰᠠᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ  ᠴᠠᠷ᠎ᠠ ᠳᠠᠬᠢ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ᠂ ᠬᠦᠨᠳᠦ ᠶᠡᠭᠡ ᠵᠠᠰᠠᠭ ᠵᠠᠬᠢᠷᠭᠠᠨ ᠤ ᠬᠡᠷᠡᠭ ᠢ ᠰᠢᠢᠳᠪᠦᠷᠢᠯᠡᠨ᠎ᠡ᠃ ᠬᠤᠰᠢᠭᠤ ᠲᠣᠭᠤᠷᠢᠭ ᠤᠨ  ᠵᠠᠰᠠᠭ ᠵᠠᠬᠢᠷᠭᠠᠨ ᠤ ᠬᠠᠮᠢᠶ᠎ᠠ ᠪᠦᠬᠦᠢ ᠶᠡᠷᠤᠩᠭᠡᠶᠢᠯᠡᠨ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ᠂ ᠬᠢᠨᠠᠯᠲᠠ ᠲᠠᠯᠪᠢᠵᠤ ᠬᠠᠮᠢᠶᠠᠷᠤᠨ᠎ᠠ᠃︵ᠬᠤᠷᠢᠨ ᠨᠢᠭᠡ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ  ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ ︵ᠬᠤᠷᠢᠨ ᠬᠤᠶᠠᠷ︶  ᠴᠢᠳᠠᠪᠬᠢ ᠶᠢᠨ  ᠬᠤᠪᠢᠶᠠᠷᠢᠯᠡᠯᠳᠠ᠃ 1 . ᠶᠠᠰᠤ ᠴᠢᠨᠠᠷ ᠢ ᠳᠡᠭᠡᠭᠰᠢᠯᠡᠭᠦᠯᠬᠦ ᠶᠢ ᠶᠡᠬᠡᠪᠡᠷ ᠠᠬᠢᠭᠤᠯᠤᠨ᠎ᠠ᠃ ᠶᠠᠰᠤ ᠴᠢᠨᠠᠷ ᠤᠨ ᠪᠥᠬᠦ ᠲᠠᠯ᠎ᠠ ᠶᠢᠨ ᠬᠠᠮᠢᠶᠠᠷᠤᠯᠲᠠ ᠪᠠ ᠶᠠᠰᠤ ᠴᠢᠨᠠᠷ ᠤᠨ ᠰᠠᠭᠤᠷᠢ ᠳᠦᠭᠦᠭᠡᠷᠤᠮᠵᠢ ᠶᠢᠨ ᠲᠤᠭᠳᠠᠯᠴᠠᠭ᠎ᠠ ᠶᠢᠨ  ᠪᠠᠶᠢᠭᠤᠯᠤᠯᠲᠠ ᠶᠢ ᠴᠢᠩᠭᠠᠳᠬᠠᠵᠤ᠂ ᠶᠠᠰᠤ ᠴᠢᠨᠠᠷ ᠤᠨ ᠤᠷᠮᠠᠰᠢᠭᠤᠯᠬᠤ ᠲᠦᠷᠢᠮ ᠢ ᠲᠡᠭᠦᠯᠳᠡᠷᠵᠢᠭᠦᠯᠦᠨ᠂ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠠᠵᠤ ᠠᠬᠤᠶᠢᠯᠠᠯ ᠤᠨ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠠᠳᠠᠯ ᠢ ᠠᠯᠪᠠᠳᠠᠨ ᠮᠡᠳᠡᠭᠦᠯᠬᠦ ᠳᠦᠷᠢᠮ ᠵᠢᠴᠢ ᠡᠵᠡᠩᠨᠡᠭᠴᠢ ᠠᠴᠠ ᠬᠠᠷᠢᠭᠤᠴᠠᠯᠭ᠎ᠠ ᠠᠠᠰᠠᠭᠤᠬᠤ ᠪᠠ ᠲᠥᠯᠥᠪᠦᠷᠢ ᠶᠢ ᠤᠷᠢᠳᠠᠪᠠᠷ ᠥᠭᠬᠦ ᠳᠦᠷᠢᠮ ᠢ ᠨᠠᠶᠢᠳᠠᠪᠤᠷᠢᠵᠢᠭᠤᠯᠵᠤ᠂ ᠭᠤᠷᠪᠠᠳᠤᠭᠠᠷ ᠳᠠᠯ᠎ᠠ ᠶᠢᠨ ᠶᠠᠰᠤ ᠴᠢᠨᠠᠷ ᠲᠤ ᠦᠨᠡᠯᠡᠯᠲᠡ ᠶᠢᠨ ᠰᠢᠨ᠎ᠡ ᠶᠢ ᠡᠭᠦᠳᠴᠦ᠂ ᠦᠢᠯᠡᠳᠪᠤᠷᠢᠯᠡᠭᠴᠢ ᠡᠵᠡᠩᠨᠡᠭᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠨ᠂ ᠶᠠᠰᠤ ᠴᠢᠨᠠᠷ ᠤᠨ ᠲᠡᠷᠢᠭᠦᠨ ᠤ ᠬᠠᠮᠢᠶᠠᠷᠤᠯᠲᠠ ᠶᠢᠨ ᠠᠷᠭ᠎ᠠ ᠶᠢ ᠳᠡᠯᠭᠡᠷᠡᠭᠦᠯᠦᠨ᠎ᠡ᠃ ᠠᠵᠤ ᠠᠬᠤᠶᠢᠯᠠᠯ ᠤᠨ ᠦᠢᠯᠡᠳᠬᠦᠨ ᠬᠢᠭᠡᠳ ᠦᠢᠯᠡᠴᠢᠯᠡᠭᠡᠨ ᠤ ᠪᠠᠷᠢᠮᠵᠢᠶ᠎ᠠ ᠶᠢ ᠥᠪᠡᠷ ᠢᠶᠠᠨ  ᠢᠯᠡᠷᠭᠡᠶᠢᠯᠡᠨ ᠢᠯᠡ ᠪᠣᠯᠭᠠᠬᠤ ᠪᠠ ᠬᠢᠨᠠᠯᠲᠠ ᠲᠠᠯᠪᠢᠬᠤ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠲᠡᠷᠢᠭᠦᠨ ᠤ ᠮᠡᠷᠭᠡᠵᠢᠯ ᠲᠠᠢ ᠪᠦᠯᠬᠦᠮ ᠨᠡᠶᠢᠲᠡ ᠶᠢᠨ ᠪᠠᠷᠢᠮᠵᠢᠶ᠎ᠠ ᠶᠢ ᠪᠤᠶᠢᠵᠢᠭᠤᠯᠤᠨ ᠬᠥᠭᠵᠢᠭᠦᠯᠵᠦ᠂  ᠪᠠᠷᠢᠮᠵᠢᠶᠠᠵᠢᠭᠤᠯᠤᠯᠳᠠ ᠪᠠᠷ ᠶᠠᠰᠤ ᠴᠢᠨᠠᠷ ᠤᠨ ᠬᠦᠴᠦᠷᠭᠡᠭ ᠬᠤᠲᠠ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠤᠨ᠎ᠠ᠃ 2 . ᠵᠠᠰᠠᠭ ᠢ  ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢ ᠭᠦᠨᠵᠡᠭᠡᠶ ᠠᠬᠢᠭᠤᠯᠤᠨ᠎ᠠ᠃ ᠦᠶᠯᠡᠳᠪᠦᠷᠢ ᠬᠤᠳᠠᠯᠳᠤᠭ᠎ᠠ ᠶᠢᠨ ᠳᠠᠩᠰᠠᠯᠠᠯᠳᠠ ᠶᠢᠨ ᠲᠦᠷᠢᠮ ᠎ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠨᠡᠷᠡᠶᠢᠳᠦᠯ ᠢ ᠬᠠᠷᠭᠤᠭᠤᠯᠤᠨ ᠵᠥᠪᠰᠢᠶᠡᠷᠡᠬᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠤᠴᠠᠭᠠᠨ ᠭᠠᠷᠭᠠᠬᠤ ᠵᠡᠷᠭᠡ ᠲᠦᠷᠢᠮ ᠢ ᠥᠭᠡᠷᠡᠴᠢᠯᠡᠨ᠂ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠦᠨᠡᠮᠯᠡᠯ ᠣᠯᠭᠤᠭᠰᠡᠨ ᠤ ᠳᠠᠷᠠᠭ᠎ᠠ ᠭᠡᠷᠡᠴᠢ ᠶᠢ ᠬᠠᠰᠤᠬᠤ︾᠎ ᠶᠢ ᠠᠬᠢᠭᠤᠯᠤᠨ᠂  ᠠᠵᠤ ᠠᠬᠤᠶᠢᠯᠠᠯ  ᠎ ᠢ ᠨᠡᠭᠡᠭᠡᠨ ᠡᠷᠬᠢᠯᠡᠬᠦ ᠴᠠᠭ ᠢ ᠤᠬᠤᠷ ᠪᠤᠯᠭᠠᠨ᠎ᠠ᠃  ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠲᠦᠷᠭᠡᠳᠬᠡᠨ᠎ᠡ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠤᠯᠠᠮ ᠨᠢᠭᠡ ᠠᠯᠬᠤᠮ ᠴᠥᠭᠡᠳᠬᠡᠵᠦ᠂ ᠠᠵᠤ ᠦᠢᠯᠡᠳᠪᠦᠷᠢ ᠶᠢᠨ ᠦᠢᠯᠡᠳᠬᠦᠨ ᠤ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠶᠡᠭᠡ ᠪᠠᠷ ᠪᠠᠭᠠᠰᠬᠠᠨ  ᠂ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠰᠢᠯᠢᠳᠡᠭᠵᠢᠭᠦᠯᠬᠦ ᠶᠢ ᠠᠬᠢᠭᠤᠯᠤᠨ᠎ᠠ᠃3 . ᠠᠮᠤᠷ ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠰᠠᠬᠢᠨ᠎ᠠ  ᠃  ︽ᠬᠠᠮᠤᠭ ᠤᠨ ᠴᠢᠩᠭ᠎ᠠ ᠪᠠᠷᠢᠮᠵᠢᠶ᠎ᠠ᠂ ᠬᠠᠮᠤᠭ ᠤᠨ ᠴᠢᠩᠭ᠎ᠠ ᠬᠢᠨᠠᠨ ᠬᠠᠮᠢᠶᠠᠷᠤᠯᠲᠠ᠂ ᠬᠠᠮᠤᠭ ᠤᠨ ᠴᠢᠩᠭ᠎ᠠ ᠰᠢᠳᠬᠡᠯ ᠲᠣᠷᠭᠠᠭᠤᠯᠢ᠂ ᠬᠠᠮᠤᠭ ᠤᠨ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ︾ ᠱᠠᠭᠠᠷᠳᠠᠯᠭ᠎ᠠ ᠶᠢ ᠵᠢᠷᠤᠮᠯᠠᠨ᠂ ᠢᠳᠡᠭᠡᠨ ᠪᠠ ᠡᠮ ᠤᠨ ᠵᠦᠶᠯ ᠎ ᠤᠨ ᠠᠮᠤᠷ ᠲᠦᠪᠰᠢᠨ᠂  ᠦᠶᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ᠂ ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ ᠲᠦᠪᠰᠢᠨ ᠤ  ᠬᠢᠨᠠᠨ ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭᠠᠳᠬᠠᠵᠤ᠂ ᠲᠤᠬᠠᠶ ᠶᠢᠨ ᠲᠠᠯᠠᠪᠠᠶ ᠶᠢᠨ ᠪᠠᠶᠢᠴᠠᠭᠠᠯᠲᠠ ᠶᠢ ᠴᠢᠩᠭᠠᠷᠠᠭᠤᠯᠤᠨ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠰᠢᠶᠳᠬᠡᠵᠦ᠂ ᠰᠢᠰᠲ᠋ᠧᠮ ᠤᠨ ᠴᠢᠨᠠᠷᠲᠠᠶ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ᠂ ᠠᠷᠠᠳ ᠣᠯᠠᠨ ᠢ ᠬᠤᠳᠠᠯᠳᠤᠨ ᠠᠪᠬᠤ  ᠂ ᠬᠡᠷᠡᠭᠯᠡᠬᠦ᠂ ᠢᠳᠡᠬᠦ ᠳᠤ ᠰᠠᠨᠠᠭ᠎ᠠ ᠠᠮᠤᠷ ᠪᠠᠶᠢᠯᠭᠠᠨ᠎ᠠ᠃4 . ᠬᠡᠷᠡᠭ ᠤᠨ ᠳᠣᠮᠳᠠ ᠬᠡᠷᠡᠭ ᠤᠨ ᠬᠤᠶᠢᠨᠠᠬᠢ ᠬᠢᠨᠠᠨ ᠬᠠᠮᠢᠶᠠᠷᠤᠯᠲᠠ ᠶᠢ ᠴᠢᠩᠭᠠᠳᠬᠠᠨ᠎ᠠ᠃ ᠨᠢᠭᠡᠳᠦᠯᠲᠡᠢ ᠵᠠᠬ᠎ᠠ ᠳᠡᠯᠭᠡᠭᠦᠷ ᠪᠠ ᠭᠤᠣᠯᠴᠢ ᠥᠷᠢᠰᠥᠯᠳᠦᠭᠡᠨ ᠢ ᠬᠠᠷᠰᠢᠯᠠᠬᠤ ᠡᠯ᠎ᠡ ᠵᠦᠢᠯ ᠤᠨ ᠲᠣᠭᠲᠠᠭᠠᠯ ᠪᠠ ᠠᠷᠭ᠎ᠠ ᠪᠠᠷᠢᠯ ᠢ ᠲᠦᠷᠭᠡᠨ ᠢᠶᠠᠷ ᠬᠦᠴᠦᠨ ᠦᠭᠡᠢ ᠪᠣᠯᠭᠠᠵᠤ᠂ ᠭᠠᠭᠴᠠᠭᠠᠷ ᠡᠵᠡᠮᠰᠢᠬᠦ ᠶᠢ ᠡᠰᠡᠷᠭᠦᠴᠡᠬᠦ᠂ ᠵᠦᠢ ᠪᠤᠰᠤ ᠥᠷᠢᠰᠥᠯᠳᠦᠭᠡᠨ ᠢ ᠡᠰᠡᠷᠭᠦᠴᠡᠬᠦ  ᠨᠢᠭᠡᠳᠣᠯᠳᠠᠢ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠨ᠎ᠠ᠃ ᠪᠠᠷᠢᠮᠵᠢᠶ᠎ᠠ ᠶᠢ ᠦᠨᠳᠦᠰᠦᠯᠡᠨ ᠬᠢᠨᠠᠨ ᠬᠠᠮᠢᠶᠠᠷᠬᠤ ᠶᠢ ᠴᠢᠩᠭᠠᠳᠬᠠᠵᠤ᠂ ᠲᠦᠭᠰᠢᠭᠦᠷᠢ ᠶᠢᠨ ᠬᠠᠮᠢᠶᠠᠷᠤᠯᠲᠠ ᠶᠢ ᠴᠢᠩᠭᠠᠷᠠᠭᠤᠯᠤᠨ᠂  ︽ᠬᠤᠤᠰ ᠳᠠᠰᠢᠷᠠᠮ᠂ ᠨᠢᠭᠡ ᠶᠢ ᠢᠯᠡ ᠪᠣᠯᠭᠠᠬᠤ︾ ᠪᠠ ︽ᠢᠨᠲ᠋ᠧᠷ ᠰᠦᠯᠵᠢᠶ᠎ᠡ + ᠬᠢᠨᠠᠨ ᠬᠠᠮᠢᠶᠠᠷᠬᠤ︾᠎ ᠶᠢ ᠪᠥᠬᠦ ᠲᠠᠯ᠎ᠠ ᠪᠠᠷ ᠬᠡᠷᠡᠭᠵᠢᠭᠦᠯᠵᠦ᠂  ᠬᠢᠨᠠᠨ ᠬᠠᠮᠢᠶᠠᠷᠤᠯᠲᠠ ᠶᠢᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠲᠦᠷᠭᠡᠳᠬᠡᠨ ᠠᠬᠢᠭᠤᠯᠵᠤ᠂ ᠮᠡᠳᠡᠭᠡ ᠵᠠᠩᠭᠢ ᠶᠢ ᠢᠯᠡ ᠨᠡᠶᠢᠲᠡᠯᠡᠬᠦ ᠪᠠᠷ ᠠᠷᠭ᠎ᠠ ᠪᠠᠷᠢᠯ ᠪᠣᠯᠭᠠᠭᠰᠠᠨ᠂ ᠢᠲᠡᠭᠡᠮᠵᠢ ᠶᠢᠨ ᠬᠢᠨᠠᠨ ᠬᠠᠮᠢᠶᠠᠷᠤᠯᠲᠠ ᠪᠠᠷ ᠭᠤᠤᠯ ᠪᠣᠯᠭᠠᠭᠰᠠᠨ ᠰᠢᠨ᠎ᠡ ᠬᠡᠯᠪᠡᠷᠢ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ  ᠰᠢᠰᠲ᠋ᠧᠮ ᠢ  ᠪᠠᠶᠢᠭᠤᠯᠤᠨ᠎ᠠ᠃5 . ᠦᠶᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠡᠷᠡᠭᠯᠡᠭᠴᠢᠳ ᠤᠨ ᠵᠠᠭᠠᠯᠳᠤᠯᠭ᠎ᠠ᠂ ᠶᠠᠰᠤ ᠴᠢᠨᠠᠷ ᠲᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠂ ᠢᠳᠡᠭᠡᠨ ᠪᠠ ᠡᠮ ᠤᠨ ᠵᠦᠶᠯ ᠤᠨ ᠵᠠᠭᠠᠯᠳᠤᠯᠭ᠎ᠠ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠭᠠᠯᠳᠤᠯᠭ᠎ᠠ᠂ ᠦᠨ᠎ᠡ ᠬᠠᠩᠰᠢ ᠶᠢᠨ ᠢᠯᠡᠴᠢᠯᠡᠨ ᠮᠡᠳᠡᠭᠦᠯᠬᠦ ᠲᠤᠰᠬᠠᠶ ᠤᠳᠠᠰᠤ ᠶᠢ ᠲᠦᠷᠭᠡᠨ ᠢᠶᠠᠷ ᠡᠮᠬᠢᠯᠡᠨ ᠨᠡᠶᠢᠯᠡᠭᠦᠯᠦᠨ᠎ᠡ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ  ᠣᠷᠣᠬᠤ ᠶᠢ ᠵᠦᠪᠰᠢᠶᠡᠷᠡᠬᠦ ᠠᠴᠠ ᠪᠤᠴᠠᠭᠠᠨ ᠭᠠᠷᠭᠠᠬᠤ ᠪᠥᠬᠦ ᠶᠠᠪᠤᠴᠠ ᠶᠢ ᠳᠥᠭᠦᠮ  ᠳᠦᠳᠡᠴᠢᠯᠡᠬᠦ ᠶᠢ ᠠᠬᠢᠭᠤᠯᠵᠤ᠂ ᠰᠢᠨ᠎ᠡ ᠮᠡᠷᠭᠡᠵᠢᠯ᠂ ᠰᠢᠨ᠎ᠡ ᠠᠵᠤ ᠦᠶᠯᠡᠰ᠂ ᠰᠢᠨ᠎ᠡ ᠡᠵᠡᠩᠨᠡᠯᠲᠡ ᠶᠢᠨ ᠬᠡᠯᠪᠡᠷᠢ᠂ ᠰᠢᠨ᠎ᠡ ᠬᠡᠪ ᠵᠠᠭᠪᠤᠷ ᠤᠨ ᠬᠥᠭᠵᠢᠯᠲᠡ ᠳᠤ ᠰᠠᠨᠠᠭᠠᠴᠢᠯᠠᠭ᠎ᠠ ᠠᠴᠠ ᠪᠠᠨ ᠦᠶᠯᠡᠴᠢᠯᠡᠵᠦ᠂ ᠲᠣᠮᠣ ᠳ᠋ᠠᠶᠢᠲ᠋ᠠ ᠶᠢ ᠬᠡᠷᠡᠭᠯᠡᠨ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠦᠢᠯᠡᠴᠢᠯᠡᠬᠦ ᠦᠶᠯᠡᠴᠢᠯᠡᠭᠡ ᠶᠢ ᠴᠢᠩᠭᠠᠳᠬᠠᠨ᠂ ᠦᠶᠯᠡᠳᠪᠦᠷᠢ ᠬᠤᠳᠠᠯᠳᠤᠭᠠᠨ ᠤ ᠬᠤᠪᠢ ᠡᠷᠦᠬᠡ᠂ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ ᠪᠠ ᠠᠵᠢᠯ ᠶᠠᠪᠤᠳᠠᠯ ᠭᠦᠶᠴᠡᠳᠬᠡᠬᠦ ᠣᠯᠠᠨ ᠲᠦᠮᠡᠨ ᠳᠤ ᠢᠳᠡᠪᠬᠢᠲᠡᠶ ᠪᠠᠷ ᠦᠶᠯᠡᠴᠢᠯᠡᠵᠦ᠂ ᠲᠦᠭ ᠲᠦᠮᠡᠨ ᠢᠶᠠᠷ ᠢᠶᠠᠨ ᠠᠳᠠᠯ ᠦᠶᠯᠡᠰ ᠴᠣᠭᠴᠠᠯᠠᠨ᠂ ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ ᠶᠢ ᠠᠬᠢᠭᠤᠯᠤᠨ᠎ᠠ᠃ 6 . ᠡᠬᠢ ᠪᠠᠶᠠᠯᠢᠭ ᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂ ᠠᠯᠬᠤᠮ ᠴᠤᠪᠤᠷᠠᠯ ᠢ ᠰᠢᠯᠢᠳᠡᠭᠵᠢᠭᠦᠯᠦᠨ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠪᠦᠲᠦᠮᠵᠢᠲᠡᠶ ᠠᠰᠢᠭᠯᠠᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠡᠳᠡᠭᠡ ᠵᠠᠩᠬᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠲᠦᠷᠭᠡᠳᠬᠡᠨ ᠪᠠᠶᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠡᠳᠡᠭᠡ ᠵᠠᠩᠭᠢ ᠶᠢ ᠴᠤᠭᠯᠠᠭᠤᠯᠤᠨ᠂ ᠠᠵᠤ ᠦᠢᠯᠡᠰ ᠤᠨ ᠬᠦᠷᠢᠶ᠎ᠡ ᠴᠠᠷ᠎ᠠ ᠎ ᠪᠠᠷ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ  ᠎ ᠳᠤ ᠵᠠᠮᠴᠢᠯᠠᠬᠤ ᠶᠢ ᠴᠢᠩᠭᠠᠳᠬᠠᠵᠤ᠂ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠳᠤ ᠪᠠᠶᠢᠴᠠᠭᠠᠨ ᠯᠠᠪᠯᠠᠬᠤ ᠠᠰᠠᠭᠤᠨ ᠯᠠᠪᠯᠠᠬᠤ ᠵᠡᠷᠭᠡ ᠳᠥᠭᠦᠮ ᠳᠥᠲᠡ ᠦᠢᠯᠡᠴᠢᠯᠡᠭᠡ ᠶᠢ ᠬᠠᠩᠭᠠᠵᠤ᠂ ᠮᠡᠳᠡᠭᠡ ᠵᠠᠩᠭᠢ ᠶᠢ ᠰᠦᠢᠳᠬᠡᠯ ᠬᠤᠷᠢᠶᠠᠬᠤ ᠦᠭᠡᠶ ᠪᠤᠶᠤ ᠳᠣᠣᠷ᠎ᠠ ᠥᠪᠡᠷ ᠤᠨ ᠥᠷᠲᠡᠭ ᠢᠶᠠᠷ ᠨᠡᠭᠡᠭᠡᠬᠦ ᠶᠢ ᠪᠡᠶᠡᠯᠡᠭᠦᠯᠦᠨ᠂ ᠪᠦᠬᠦ ᠨᠡᠶᠢᠭᠡᠮ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠪᠠ ᠲᠦᠭᠰᠢᠭᠦᠷᠢ ᠶᠢ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠭᠦᠯᠦᠨ᠎ᠡ  ᠃ ᠲᠠᠸᠠᠷ ᠤᠨ ᠲᠡᠮᠳᠡᠭ ᠢ ᠵᠠᠪᠳᠤᠨ ᠳᠠᠩᠰᠠᠯᠠᠭᠤᠯᠬᠤ᠂ ᠬᠡᠪ ᠤᠨ ᠪᠤᠰᠤ  ᠎ ᠶᠢᠨ ᠲᠤᠰᠬᠠᠶ ᠠᠰᠢᠭ ᠢ ᠭᠤᠶᠤᠴᠢᠯᠠᠬᠤ ᠵᠡᠷᠭᠡ ᠦᠢᠯᠡ ᠠᠵᠢᠯᠯᠠᠭ᠎ᠠ ᠶᠢᠨ ᠢᠲᠡᠭᠡᠮᠵᠢ ᠶᠢᠨ ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ ᠲᠠᠸᠠᠷ ᠤᠨ ᠲᠡᠮᠳᠡᠭ ᠢ ᠳᠠᠩᠰᠠᠯᠠᠭᠤᠯᠬᠤ ᠪᠠ ᠲᠤᠰᠬᠠᠶ ᠠᠰᠢᠭ ᠢ ᠭᠤᠶᠤᠴᠢᠯᠠᠬᠤ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠡᠷᠬᠡᠲᠦ ᠬᠥᠮᠦᠨ ᠤ ᠬᠠᠤᠯᠢ ᠶᠣᠰᠣᠨ ᠤ ᠡᠷᠬᠡ ᠠᠰᠢᠭ ᠢ  ᠬᠠᠮᠠᠭᠠᠯᠠᠨ᠎ᠠ᠃ ︵ᠬᠤᠷᠢᠨ ᠭᠤᠷᠪᠠ︶  ᠬᠠᠮᠢᠶ᠎ᠠ ᠪᠦᠬᠦᠢ ᠲᠤᠰᠢᠶᠠᠯ ᠬᠠᠷᠢᠭᠤᠴᠠᠯᠭ᠎ᠠ  ᠠᠵᠢᠯ ᠤᠨ ᠬᠤᠪᠢᠶᠠᠷᠢᠯᠠᠯ᠃ 1. ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠠᠢ ᠬᠤᠯᠪᠣᠭᠳᠠᠬᠤ ᠲᠤᠰᠢᠶᠠᠯ ᠬᠠᠷᠢᠭᠤᠴᠠᠯᠭ᠎ᠠ  ᠠᠵᠢᠯ ᠤᠨ ᠬᠤᠪᠢᠶᠠᠷᠢᠯᠠᠯ᠃ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠡᠮ ᠤᠨ ᠵᠦᠶᠯ᠂ ᠡᠮᠴᠢᠯᠡᠭᠡᠨ ᠤ ᠪᠠᠭᠠᠵᠢ ᠬᠡᠷᠡᠭᠰᠡᠯ ᠪᠠ ᠵᠠᠰᠠᠯ ᠴᠢᠮᠡᠭ ᠤᠨ ᠡᠳ᠋ ᠤᠨ ᠲᠤᠬᠠᠢ ᠶᠠᠯᠠᠲᠤ ᠬᠡᠷᠡᠭ ᠢ ᠳᠠᠩᠨᠠᠬᠤ ᠠᠵᠢᠯ ᠢ  ᠵᠣᠬᠢᠶᠠᠨ  ᠪᠠᠶᠢᠭᠤᠯᠤᠨ ᠵᠢᠯᠤᠭᠤᠳᠬᠤ ᠶᠢ ᠬᠠᠷᠢᠭᠤᠴᠠᠨ᠎ᠠ᠃ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠠᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢᠨ ᠠᠵᠢᠯ ᠢ ᠵᠣᠯᠭᠠᠭᠤᠯᠬᠤ ᠲᠣᠭᠲᠠᠴᠠ ᠶᠢ  ᠪᠠᠶᠢᠭᠤᠯᠤᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠨᠢ ᠶᠠᠯ᠎ᠠ ᠬᠢᠭᠰᠡᠨ ᠰᠡᠵᠢᠭᠯᠡᠯᠲᠡᠶ ᠪᠠᠶᠢᠬᠤ ᠶᠢ ᠣᠯᠵᠤ ᠮᠡᠳᠡᠪᠡᠯ᠂ ᠬᠠᠮᠢᠶ᠎ᠠ ᠪᠥᠬᠦᠶ ᠲᠣᠭᠲᠠᠭᠠᠯ ᠶᠣᠰᠣᠭᠠᠷ ᠴᠠᠭ ᠲᠤᠬᠠᠶ ᠳᠤᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠭᠦᠯᠦᠨ  ᠬᠦᠷᠭᠡᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠦᠳᠲᠡᠷ ᠲᠦᠷᠭᠡᠨ ᠬᠢᠨᠠᠨ ᠪᠠᠶᠢᠴᠠᠭᠠᠬᠤ ᠶᠢᠨ ᠬᠠᠮᠲᠤ ᠬᠠᠤᠯᠢ ᠶᠣᠰᠣᠭᠠᠷ ᠬᠡᠷᠡᠭ ᠪᠣᠯᠭᠠᠨ ᠳᠠᠩᠰᠠᠯᠠᠬᠤ ᠡᠰᠡᠬᠦ ᠶᠢᠨ ᠲᠤᠬᠠᠢ ᠲᠣᠭᠲᠠᠭᠠᠯ ᠭᠠᠷᠭᠠᠨ᠎ᠠ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠵᠠᠬ᠎ᠠ ᠳᠡᠯᠭᠡᠭᠦᠷ ᠎ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠰᠢᠯᠭᠠᠨ ᠪᠠᠶᠢᠴᠠᠭᠠᠬᠤ᠂ ᠬᠢᠨᠠᠨ ᠲᠣᠭᠲᠠᠭᠠᠬᠤ᠂ ᠮᠠᠭᠠᠳᠯᠠᠨ ᠲᠣᠭᠲᠠᠭᠠᠬᠤ ᠵᠡᠷᠭᠡ ᠳᠠᠯ᠎ᠠ ᠪᠠᠷ  ᠬᠠᠮᠵᠢᠯᠴᠠᠬᠤ ᠶᠢ  ᠬᠠᠤᠯᠢ ᠶᠣᠰᠣᠭᠠᠷ ᠳᠣᠷᠠᠳᠣᠨ ᠳᠡᠪᠰᠢᠭᠦᠯᠦᠭᠰᠡᠨ ᠪᠤᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ  ᠎ ᠠᠴᠠ ᠬᠠᠮᠵᠢᠯᠴᠠᠪᠠᠯ ᠵᠤᠬᠢᠨ᠎ᠠ᠃ 2 . ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠲᠠᠢ ᠬᠤᠯᠪᠣᠭᠳᠠᠬᠤ ᠲᠤᠰᠢᠶᠠᠯ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ᠃ ︵1︶ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠢᠳᠡᠰᠢᠨ ᠤ ᠲᠠᠷᠢᠶᠠᠯᠠᠩ ᠤᠨ ᠪᠦᠳᠦᠭᠡᠭᠳᠡᠭᠦᠨ ᠮᠠᠯ  ᠎ ᠤᠨ ᠠᠰᠢᠭ ᠰᠢᠮ᠎ᠡ ᠶᠢᠨ ᠳᠠᠷᠢᠵᠤ ᠲᠡᠵᠢᠭᠡᠬᠦ ᠭᠤᠭᠴᠤᠭ᠎ᠠ ᠠᠴᠠ ᠪᠥᠭᠡᠮ ᠢᠶᠠᠷ ᠬᠤᠳᠠᠯᠳᠤᠬᠤ ᠵᠢᠵᠢᠭᠯᠡᠨ ᠬᠤᠳᠠᠯᠳᠤᠬᠤ᠂ ᠵᠠᠬ᠎ᠠ ᠳᠡᠯᠭᠡᠭᠦᠷ ᠪᠤᠶᠤ ᠦᠶᠯᠡᠳᠪᠦᠷᠢᠯᠡᠵᠦ ᠡᠳ᠋ᠰᠢᠭᠦᠯᠬᠦ  ᠠᠵᠤ ᠠᠬᠤᠯᠠᠯ ᠳᠤ ᠣᠷᠣᠬᠤ ᠠᠴᠠ ᠡᠮᠤᠨᠡᠬᠢ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃  ᠢᠳᠡᠰᠢᠨ ᠤ ᠳᠠᠷᠢᠶᠠᠯᠠᠩ ᠤᠨ ᠪᠦᠳᠦᠭᠡᠭᠳᠡᠭᠦᠨ ᠮᠠᠯ ᠤᠨ ᠠᠰᠢᠭ  ᠰᠢᠮ᠎ᠡ ᠶᠢᠨ ᠪᠦᠭᠡᠮ ᠢᠶᠠᠷ ᠬᠤᠳᠠᠯᠳᠣᠬᠤ᠂ ᠵᠢᠵᠢᠭᠯᠡᠨ ᠬᠤᠳᠠᠯᠳᠣᠬᠤ ᠵᠠᠬ᠎ᠠ ᠳᠡᠯᠭᠡᠭᠦᠷ ᠪᠤᠶᠤ ᠦᠢᠯᠡᠳᠪᠤᠷᠢᠯᠡᠵᠤ ᠡᠳ᠋ᠰᠢᠯᠡᠭᠦᠯᠭᠦ ᠠᠵᠤ ᠠᠬᠤᠶᠢᠯᠠᠯ ᠎ ᠳᠤ ᠣᠷᠣᠭᠰᠡᠨ ᠤ ᠳᠠᠷᠠᠭ᠎ᠠ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ ᠠᠴᠠ ᠬᠢᠨᠠᠯᠳᠠ ᠳᠠᠯᠪᠢᠨ ᠬᠠᠮᠢᠶᠠᠷᠤᠨ᠎ᠠ᠃ ︵2  ︶ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠠᠮᠢᠲᠠᠨ ᠤᠷᠭᠤᠮᠠᠯ ᠤᠨ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠪᠠ ᠮᠠᠯ ᠵᠢᠭᠦᠷᠲᠡᠨ ᠎ ᠢ ᠨᠢᠲᠤᠯᠬᠤ ᠭᠤᠭᠴᠤᠭ᠎ᠠ᠂ ᠲᠦᠭᠦᠬᠡᠶ ᠰᠦ ᠬᠤᠳᠠᠯᠳᠤᠨ ᠠᠪᠬᠤ ᠭᠤᠭᠴᠤᠭ᠎ᠠ ᠶᠢᠨ ᠶᠠᠰᠤ ᠴᠢᠨᠠᠷ ᠤᠨ ᠠᠶᠤᠯ ᠦᠭᠡᠶ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ︵3  ︶ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ  ᠳᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ ᠲᠠᠢ ᠢᠳᠡᠭᠡᠨ ᠤ ᠠᠮᠤᠷ ᠲᠦᠪᠰᠢᠨ  ᠎ ᠢ ᠭᠠᠷᠤᠯᠲᠠ ᠶᠢᠨ ᠭᠠᠵᠠᠷ ᠠᠴᠠ ᠵᠥᠪᠰᠢᠶᠡᠷᠡᠨ ᠭᠠᠷᠭᠠᠬᠤ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠪᠠ ᠮᠥᠷᠳᠡᠬᠦ ᠲᠣᠭᠲᠠᠴᠠ ᠶᠢ ᠪᠠᠶᠢᠭᠤᠯᠵᠤ᠂  ᠵᠤᠬᠢᠴᠠᠯᠳᠣᠨ ᠬᠠᠮᠵᠢᠯᠴᠠᠬᠤ ᠪᠠ ᠠᠵᠢᠯ ᠢᠶᠠᠨ ᠵᠣᠯᠭᠠᠭᠤᠯᠬᠤ ᠶᠢ ᠴᠢᠩᠭᠠᠳᠬᠠᠨ᠂  ᠬᠢᠨᠠᠨ  ᠬᠠᠮᠢᠶᠠᠷᠬᠤ ᠶᠢᠨ ᠨᠡᠶᠢᠯᠡᠮᠡᠯ ᠬᠦᠴᠦᠨ ᠢ ᠪᠣᠶ ᠪᠣᠯᠭᠠᠨ᠎ᠠ 3 . ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠤᠯᠪᠣᠭᠳᠠᠬᠤ ᠲᠤᠰᠢᠶᠠᠯ ᠬᠠᠷᠢᠭᠤᠴᠠᠯᠭ᠎ᠠ  ᠠᠵᠢᠯ ᠤᠨ ᠬᠤᠪᠢᠶᠠᠷᠢᠯᠠᠯ᠃ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠬᠠᠷᠢᠭᠤᠴᠠᠵᠤ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠬᠡᠮᠵᠢᠬᠦ ᠲᠥᠯᠥᠪᠯᠡᠭᠡ ᠶᠢ ᠲᠣᠭᠲᠠᠭᠠᠨ ᠬᠡᠷᠡᠭᠵᠢᠭᠦᠯᠦᠨ᠎ᠡ᠃ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠬᠡᠮᠵᠢᠬᠦ  ᠎ ᠪᠠᠷ ᠳᠠᠮᠵᠢᠨ ᠢᠳᠡᠭᠡᠨ ᠤ ᠠᠮᠤᠷ ᠲᠦᠪᠰᠢᠨ ᠤ ᠳᠡᠯᠳᠡ ᠬᠡᠮ ᠢ ᠢᠯᠡᠷᠡᠭᠦᠯᠬᠦ ᠪᠤᠶᠤ ᠢᠳᠡᠭᠡᠨ ᠤ ᠠᠮᠤᠷ ᠲᠦᠪᠰᠢᠨ ᠤ ᠳᠠᠯᠳᠠ ᠭᠡᠮ ᠤᠨ ᠢᠯᠡᠴᠢᠯᠡᠨ ᠮᠡᠳᠡᠭᠦᠯᠦᠯᠳᠡ ᠶᠢ ᠬᠦᠯᠢᠶᠡᠨ ᠤᠯᠪᠠᠯ᠂ ᠳᠠᠷᠤᠶᠢᠬᠠᠨ ᠵᠣᠬᠢᠶᠠᠨ ᠪᠠᠶᠢᠭᠤᠯᠤᠨ ᠰᠢᠯᠭᠠᠨ ᠪᠠᠶᠢᠴᠠᠭᠠᠬᠤ ᠪᠠ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠶᠢᠨ ᠬᠠᠮᠲᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠭᠰᠡᠨ ᠦᠷ᠎ᠡ ᠳ᠋ᠦᠩ  ᠎ ᠢ  ᠴᠠᠭ ᠲᠤᠬᠠᠶ ᠳᠤᠨᠢ ᠮᠡᠳᠡᠭᠦᠯᠵᠦ᠂ ᠠᠶᠤᠯ ᠲᠠᠢ ᠭᠡᠰᠡᠨ ᠳ᠋ᠦᠩᠨᠡᠯᠲᠡ  ᠭᠠᠷᠭᠠᠭᠰᠠᠨ ᠢᠳᠡᠭᠡᠨ ᠳᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠳᠠᠷᠤᠶᠢᠬᠠᠨ ᠠᠷᠭ᠎ᠠ ᠬᠡᠮᠵᠢᠶ᠎ᠡ ᠠᠪᠤᠨ᠎ᠠ᠃ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠢᠨᠠᠯᠲᠠ ᠬᠠᠮᠢᠶᠠᠷᠤᠯᠲᠠ ᠶᠢᠨ ᠠᠵᠢᠯ ᠤᠨ ᠳᠤᠮᠳᠠ ᠪᠠᠨ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠎ ᠳᠤ ᠦᠨᠡᠯᠡᠨ ᠵᠢᠱᠢᠯᠲᠡ ᠬᠢᠬᠦ ᠴᠢᠬᠤᠯᠠᠲᠠᠶ ᠪᠠᠶᠢᠬᠤ ᠶᠢ ᠢᠯᠡᠷᠡᠭᠦᠯᠪᠡᠯ᠂  ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠴᠠᠭ ᠲᠤᠬᠠᠶ ᠳᠤᠨᠢ ᠰᠠᠨᠠᠭᠤᠯᠭ᠎ᠠ ᠲᠤᠷᠠᠳᠤᠨ᠎ᠠ᠃ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠠᠮᠲᠤᠷᠠᠨ ᠡᠮ ᠤᠨ ᠵᠦᠶᠯ ᠤᠨ ᠮᠠᠭᠤ ᠦᠢᠯᠡᠳᠦᠯ ᠪᠠ ᠡᠮᠴᠢᠯᠡᠭᠡᠨ ᠤ ᠪᠠᠭᠠᠵᠢ ᠬᠡᠷᠡᠭᠰᠡᠯ ᠤᠨ  ᠡᠷᠡᠭᠦᠯ ᠪᠤᠰᠣ  ᠬᠦᠨᠳᠦ ᠶᠡᠭᠡ ᠬᠡᠷᠡᠭ  ᠎ ᠢ ᠬᠠᠷᠢᠯᠴᠠᠨ ᠮᠡᠳᠡᠭᠳᠡᠬᠦ  ᠂ ᠬᠠᠮᠲᠤᠷᠠᠨ ᠰᠢᠶᠳᠪᠦᠷᠢᠯᠡᠬᠦ ᠲᠣᠭᠲᠠᠴᠠ ᠶᠢ ᠪᠠᠶᠢᠭᠤᠯᠤᠨ᠎ᠠ᠃4 . ᠣᠷᠳᠣᠰ ᠪᠣᠭᠤᠮᠲᠠ ᠲᠠᠢ ᠬᠤᠯᠪᠣᠭᠳᠠᠬᠤ  ᠲᠤᠰᠢᠶᠠᠯ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ᠃ ︵1︶ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ  ᠎ ᠨᠢ ᠣᠷᠳᠣᠰ ᠪᠣᠭᠤᠮᠲᠠ ᠲᠠᠢ ᠬᠠᠷᠢᠯᠴᠠᠨ ᠨᠡᠪᠲᠡᠷᠡᠯᠴᠡᠵᠦ ᠬᠠᠷᠢᠯᠴᠠᠨ ᠬᠤᠯᠪᠣᠭᠠᠯᠠᠬᠤ ᠵᠡᠷᠭᠡ ᠠᠵᠢᠯ ᠤᠨ ᠲᠣᠭᠲᠠᠴᠠ ᠶᠢ ᠪᠠᠶᠢᠭᠤᠯᠵᠤ᠂ ᠡᠯ᠎ᠡ ᠲᠥᠷᠥᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠠᠸᠠᠷ  ᠂ ᠢᠳᠡᠭᠡᠨ᠂  ᠵᠠᠰᠠᠯ ᠴᠢᠮᠡᠭ ᠤᠨ ᠡᠳ᠋ ᠢ  ᠳᠠᠬᠢᠨ ᠳᠠᠪᠳᠠᠨ ᠰᠢᠯᠭᠠᠨ ᠪᠠᠶᠢᠴᠠᠭᠠᠬᠤ᠂  ᠳᠠᠬᠢᠨ ᠳᠠᠪᠳᠠᠨ ᠰᠦᠢᠳᠬᠡᠯ ᠬᠤᠷᠢᠶᠠᠬᠤ᠂    ᠳᠠᠬᠢᠨ ᠳᠠᠪᠳᠠᠨ ᠰᠢᠳᠬᠡᠨ ᠲᠣᠷᠭᠠᠬᠤ  ᠎ ᠠᠴᠠ ᠵᠠᠶᠢᠯᠠᠰᠬᠢᠵᠦ᠂ ᠠᠵᠤ ᠠᠬᠤᠶᠢᠯᠠᠯ ᠤᠨ ᠳᠠᠷᠤᠭᠠᠰᠤ ᠶᠢ ᠬᠦᠩᠭᠡᠷᠡᠭᠦᠯᠦᠨ᠎ᠡ᠃ ︵2︶ ᠣᠷᠳᠣᠰ ᠪᠣᠭᠤᠮᠲᠠ ᠭᠠᠳᠠᠭᠠᠳᠤ ᠠᠴᠠ ᠣᠷᠣᠭᠤᠯᠬᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠭᠠᠳᠠᠭᠠᠳᠤ ᠠᠴᠠ ᠣᠷᠣᠭᠤᠯᠬᠤ ᠢᠳᠡᠭᠡᠨ ᠵᠢᠴᠢ ᠢᠳᠡᠭᠡᠨ ᠯᠦᠭᠡ ᠬᠤᠯᠪᠣᠭᠳᠠᠬᠤ ᠦᠢᠯᠡᠳᠬᠦᠨ ᠨᠢ ᠳᠤᠮᠳᠠᠳᠤ ᠤᠯᠤᠰ ᠤᠨ ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶ᠎ᠠ ᠎ ᠳᠤ ᠨᠡᠶᠢᠴᠡᠭᠰᠡᠨ ᠪᠠᠶᠢᠬᠤ ᠬᠡᠷᠡᠭᠲᠡᠶ᠃ ᠬᠢᠯᠢ  ᠠᠴᠠ ᠭᠠᠷᠤᠭᠰᠠᠨ ᠢᠳᠡᠭᠡᠨ ᠤ ᠠᠮᠤᠷ ᠲᠦᠪᠰᠢᠨ ᠤ ᠬᠡᠷᠡᠭ ᠨᠢ ᠳᠤᠮᠳᠠᠳᠤ ᠤᠯᠤᠰ ᠤᠨ ᠬᠢᠯᠢ ᠳᠣᠲᠣᠷ᠎ᠠ ᠨᠥᠯᠥᠭᠡ ᠪᠣᠯᠵᠤ ᠮᠡᠳᠡᠬᠦ ᠪᠤᠶᠤ ᠭᠠᠳᠠᠭᠠᠳᠤ ᠠᠴᠠ ᠣᠷᠣᠭᠤᠯᠬᠤ ᠢᠳᠡᠭᠡᠨ ᠤ ᠳᠣᠲᠣᠷ᠎ᠠ ᠠᠴᠠ ᠢᠳᠡᠭᠡᠨ ᠤ  ᠠᠮᠤᠷ ᠲᠦᠪᠰᠢᠨ  ᠎ ᠤ ᠬᠦᠨᠳᠦ ᠨᠣᠴᠢᠲᠠᠶ ᠠᠰᠠᠭᠤᠳᠠᠯ ᠢ ᠣᠯᠵᠤ ᠮᠡᠳᠡᠪᠡᠯ᠂ ᠣᠷᠳᠣᠰ ᠪᠣᠭᠤᠮᠲᠠ ᠴᠠᠭ ᠲᠤᠬᠠᠶ ᠳᠤᠨᠢ ᠲᠦᠭᠰᠢᠭᠦᠷᠢ ᠶᠢ ᠰᠡᠷᠡᠮᠵᠢᠯᠡᠭᠦᠯᠬᠦ ᠪᠤᠶᠤ ᠬᠢᠵᠠᠭᠠᠷᠯᠠᠬᠤ ᠠᠷᠭ᠎ᠠ ᠬᠡᠮᠵᠢᠶ᠎ᠡ ᠠᠪᠬᠤ ᠶᠢᠨ ᠬᠠᠮᠲᠤ ᠵᠠᠬ᠎ᠠ ᠳᠡᠯᠭᠡᠭᠦᠷ ᠎ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ  ᠮᠡᠳᠡᠭᠳᠡᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠴᠠᠭ ᠲᠤᠬᠠᠶ ᠎ ᠳᠤᠨᠢ ᠵᠣᠬᠢᠴᠠᠩᠭᠤᠶ ᠠᠷᠭ᠎ᠠ ᠬᠡᠮᠵᠢᠶ᠎ᠡ  ᠠᠪᠤᠨ᠎ᠠ  ᠃ ︵3︶  ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ ᠨᠢ ᠣᠷᠳᠣᠰ ᠪᠤᠭᠤᠮᠳᠠ ᠲᠠᠢ ᠭᠠᠳᠠᠭᠠᠳᠣ ᠠᠴᠠ ᠣᠷᠣᠭᠤᠯᠬᠤ ᠦᠢᠯᠡᠳᠭᠦᠨ ᠤ ᠭᠡᠮ ᠰᠣᠭᠤᠭ ᠤᠨ ᠮᠡᠳᠡᠭᠡ ᠵᠠᠩᠬᠢ ᠶᠢ ᠮᠡᠳᠡᠭᠳᠡᠬᠦ ᠪᠠ ᠬᠠᠮᠵᠢᠯᠴᠠᠬᠤ ᠲᠤᠭᠳᠠᠴᠠ ᠶᠢ ᠪᠠᠶᠢᠭᠤᠯᠤᠨ᠎ᠠ᠃ ᠣᠷᠳᠣᠰ  ᠪᠣᠭᠤᠮᠲᠠ ᠪᠣᠭᠤᠮᠲᠠ ᠶᠢᠨ ᠰᠢᠯᠭᠠᠨ ᠪᠠᠶᠢᠴᠠᠭᠠᠵᠤ ᠬᠢᠨᠠᠨ ᠬᠠᠮᠢᠶᠠᠷᠬᠤ ᠳᠤᠮᠳᠠ ᠬᠢᠷᠢ ᠲᠡᠩᠴᠡᠬᠦ ᠦᠭᠡᠶ ᠪᠤᠶᠤ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠭ᠎ᠠ ᠭᠠᠳᠠᠭᠠᠳᠤ ᠠᠴᠠ ᠣᠷᠣᠭᠤᠯᠤᠭᠰᠠᠨ ᠦᠢᠯᠡᠳᠬᠦᠨ ᠢ ᠣᠯᠵᠤ ᠮᠡᠳᠡᠪᠡᠯ᠂ ᠬᠠᠤᠯᠢ ᠶᠣᠰᠣᠭᠠᠷ ᠮᠡᠷᠭᠡᠵᠢᠯ ᠤᠨ ᠰᠢᠶᠳᠪᠦᠷᠢᠯᠡᠯᠲᠡ ᠬᠢᠬᠦ᠂ ᠪᠤᠴᠠᠭᠠᠨ ᠳᠡᠭᠡᠭᠡᠪᠤᠷᠢᠯᠡᠬᠦ᠂ ᠤᠰᠠᠳᠬᠠᠬᠤ  ᠎ ᠶᠢ ᠬᠡᠷᠡᠭᠵᠢᠭᠦᠯᠬᠦ ᠶᠢᠨ ᠬᠠᠮᠲᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠳᠡᠨ᠎ᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ  ᠭᠡᠮ ᠰᠣᠭᠤᠭ ᠲᠠᠢ ᠦᠢᠯᠡᠳᠬᠦᠨ ᠢ ᠡᠭᠡᠭᠦᠯᠦᠨ ᠠᠪᠴᠢᠷᠠᠬᠤ ᠠᠵᠢᠯ ᠢ ᠨᠢᠭᠡᠳᠦᠯᠲᠡᠶ ᠬᠠᠮᠢᠶᠠᠷᠴᠤ᠂ ᠬᠡᠷᠡᠭᠯᠡᠭᠴᠢᠳ ᠎ ᠤᠨ ᠮᠡᠳᠡᠭᠦᠯᠦᠯᠲᠡ᠂ ᠠᠳᠡᠯ ᠤᠨ ᠪᠠᠶᠢᠴᠠᠭᠠᠯᠲᠠ᠂ ᠭᠡᠮᠲᠦᠯ ᠢ ᠬᠢᠨᠠᠨ ᠬᠡᠮᠵᠢᠬᠦ ᠵᠡᠷᠭᠡ ᠪᠠᠷ ᠳᠠᠮᠵᠢᠨ ᠭᠠᠳᠠᠭᠠᠳᠤ ᠠᠴᠠ ᠣᠷᠣᠭᠤᠯᠤᠭᠰᠠᠨ ᠦᠢᠯᠡᠳᠬᠦᠨ ᠳᠤ  ᠭᠡᠮ ᠰᠣᠭᠤᠭ ᠣᠷᠣᠰᠢᠵᠤ ᠪᠠᠶᠢᠬᠤ ᠣᠯᠵᠣ ᠮᠡᠳᠡᠪᠡᠯ᠂ ᠡᠭᠡᠭᠦᠯᠦᠨ ᠠᠪᠴᠢᠷᠠᠬᠤ ᠠᠷᠭ᠎ᠠ ᠬᠡᠮᠵᠢᠶ᠎ᠡ ᠶᠢ ᠬᠠᠤᠯᠢ ᠶᠣᠰᠣᠭᠠᠷ ᠬᠡᠷᠡᠭᠵᠢᠭᠦᠯᠦᠨ᠎ᠡ︔ ᠡᠭᠡᠭᠦᠯᠦᠨ ᠠᠪᠴᠢᠷᠠᠬᠤ ᠡᠭᠦᠷᠭᠡ ᠪᠠᠨ ᠭᠦᠶᠴᠡᠳᠬᠡᠬᠦ ᠥᠬᠡᠶ ᠪᠣᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠪᠣᠭᠤᠮᠲᠠ ᠶᠢᠨ ᠰᠠᠯᠠᠭ᠎ᠠ ᠮᠥᠴᠢᠷ ᠲᠤ ᠮᠡᠳᠡᠭᠳᠡᠵᠦ᠂ ᠣᠷᠳᠣᠰ ᠪᠣᠭᠤᠮᠲᠠ ᠠᠴᠠ ᠬᠠᠤᠯᠢ ᠶᠣᠰᠣᠭᠠᠷ ᠵᠣᠬᠢᠬᠤ ᠠᠷᠭ᠎ᠠ ᠬᠡᠮᠵᠢᠶ᠎ᠡ ᠠᠪᠤᠨ᠎ᠠ᠃5 . ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠲᠠᠢ  ᠬᠤᠯᠪᠣᠭᠳᠠᠬᠤ ᠲᠣᠰᠢᠶᠠᠯ ᠬᠠᠷᠢᠭᠤᠴᠠᠯᠭ᠎ᠠ  ᠠᠵᠢᠯ ᠤᠨ ᠬᠤᠪᠢᠶᠠᠷᠢᠯᠠᠯ᠃ ︵1︶ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠭᠠᠳᠠᠭᠠᠳᠤ ᠳᠤ ᠬᠤᠯᠪᠣᠭᠳᠠᠬᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠴᠢᠷ ᠶᠠᠪᠤᠳᠠᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠬᠠᠷᠢᠭᠤᠴᠠᠨ᠎ᠠ᠃ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠵᠤ ᠠᠬᠤᠶ ᠠᠷᠠᠯᠵᠢᠶ᠎ᠠ ᠯᠤᠭ᠎ᠠ ᠬᠤᠯᠪᠣᠭᠳᠠᠬᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠬᠠᠶ   ᠣᠯᠠᠨ ᠳᠠᠯ᠎ᠠ ᠬᠤᠶᠠᠷ ᠳᠠᠯ᠎ᠠ ᠶᠢᠨ ᠭᠠᠳᠠᠭᠠᠳᠣ ᠬᠡᠯᠡᠯᠴᠡᠭᠡ ᠬᠢᠬᠦ᠂ ᠬᠤᠶᠠᠷ ᠲᠠᠯ᠎ᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠲᠤᠷᠠᠯᠴᠠᠭ᠎ᠠ ᠶᠢ ᠵᠥᠪᠳᠡᠯᠴᠡᠬᠦ ᠲᠣᠭᠲᠠᠴᠠ ᠵᠡᠷᠭᠡ ᠠᠵᠢᠯ ᠢ ᠬᠠᠷᠢᠭᠤᠴᠠᠨ᠎ᠠ᠃ ︵2︶ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠵᠠᠬ᠎ᠠ ᠳᠡᠯᠭᠡᠭᠦᠷ ᠤᠨ ᠦᠨᠡᠨᠴᠢ ᠢᠲᠡᠭᠡᠮᠵᠢ ᠶᠢᠨ ᠣᠯᠠᠨ ᠨᠡᠶᠢᠲᠡ ᠶᠢᠨ ᠦᠶᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠵᠡᠷᠭᠡ ᠵᠠᠬ᠎ᠠ ᠳᠡᠯᠭᠡᠭᠦᠷ ᠤᠨ ᠠᠵᠤ ᠠᠬᠤᠶ ᠶᠢᠨ ᠡᠮᠬᠢ ᠳᠢᠭᠯᠢᠮ ᠢ ᠠᠬᠢᠭᠤᠯᠬᠤ ᠬᠠᠮᠢᠶ᠎ᠠ ᠪᠥᠬᠦᠶ ᠠᠵᠢᠯ ᠢ ᠲᠦᠷᠦᠭᠦᠯᠡᠨ ᠬᠠᠷᠢᠭᠤᠴᠠᠨ᠎ᠠ᠃ ᠠᠷᠢᠬᠢᠨ ᠤ ᠵᠦᠶᠯ ᠤᠨ ᠭᠦᠶᠯᠭᠡᠭᠡᠨ ᠤ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠶᠢ ᠲᠤᠭᠳᠠᠭᠠᠬᠤ ᠶᠢ ᠬᠠᠷᠢᠭᠤᠴᠠᠨ᠎ᠠ᠃ ︵3︶ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ  ᠡᠵᠡᠩᠨᠡᠭᠴᠢᠳ ᠤᠨ  ᠭᠠᠭᠴᠠᠭᠠᠷ ᠡᠵᠡᠮᠰᠢᠬᠦ ᠶᠢ  ᠡᠰᠡᠷᠭᠦᠴᠡᠬᠦ ᠲᠦᠪᠯᠡᠷᠡᠭᠦᠯᠦᠨ ᠬᠠᠥᠯᠢ  ᠬᠡᠷᠡᠭᠵᠢᠭᠦᠯᠬᠦ ᠶᠢ ᠬᠠᠷᠢᠭᠤᠴᠠᠵᠤ᠂ ᠬᠤᠲᠠ ᠶᠢᠨ ᠶᠡᠷᠦᠩᠬᠡᠶᠢᠯᠡᠭᠰᠡᠨ ᠠᠵᠤ ᠠᠬᠤᠶ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠪᠠ ᠬᠤᠳᠠᠯ ᠬᠠᠭᠤᠷᠮᠠᠭ ᠴᠢᠨᠠᠷ ᠮᠠᠭᠤ ᠲᠠᠸᠠᠷ ᠦᠶᠯᠡᠳᠴᠦ ᠪᠣᠷᠣᠯᠠᠭᠤᠯᠤᠭᠰᠠᠨ ᠠᠵᠢᠯᠯᠠᠭ᠎ᠠ ᠎ ᠳᠤ ᠴᠣᠬᠢᠯᠲᠠ ᠥᠭᠬᠦ ᠵᠡᠷᠭᠡ ᠠᠵᠢᠯ ᠢ ᠡᠭᠦᠷᠭᠡᠯᠡᠵᠦ᠂ ᠠᠷᠢᠬᠢᠨ ᠤ ᠵᠦᠶᠯ ᠤᠨ ᠭᠦᠶᠯᠭᠡᠭᠡᠨ ᠤ  ᠬᠢᠨᠠᠨ ᠬᠠᠮᠢᠶᠠᠷᠤᠯᠲᠠ ᠪᠠ ᠠᠷᠢᠬᠢᠨ ᠤ ᠵᠦᠶᠯ ᠤᠨ ᠢᠳᠡᠭᠡᠨ ᠤ ᠠᠮᠤᠷ ᠲᠦᠪᠰᠢᠨ ᠢ ᠬᠠᠷᠢᠭᠤᠴᠠᠨ᠎ᠠ᠃ ︵4︶  ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠡᠮ ᠤᠨ ᠵᠦᠶᠯ ᠤᠨ ᠭᠦᠶᠯᠭᠡᠭᠡᠨ ᠤ ᠬᠥᠭᠵᠢᠯᠲᠡ ᠶᠢᠨ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢ ᠬᠠᠷᠢᠭᠤᠴᠠᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠮ ᠤᠨ ᠵᠦᠢᠯ ᠢ ᠬᠢᠨᠠᠨ ᠬᠠᠮᠢᠶᠠᠷᠬᠤ ᠠᠵᠢᠯ ᠤᠨ ᠳᠤᠮᠳᠠ ᠪᠠᠨ ᠡᠮ ᠤᠨ ᠵᠦᠢᠯ ᠤᠨ ᠭᠦᠢᠯᠭᠡᠭᠡᠨ ᠤ ᠬᠥᠭᠵᠢᠯᠲᠡ ᠶᠢᠨ ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠶᠢ ᠬᠠᠮᠵᠢᠯᠴᠠᠨ ᠬᠡᠷᠡᠭᠵᠢᠭᠦᠯᠦᠨ᠎ᠡ᠃6 . ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ︵ᠬᠤᠲᠠ ᠶᠢᠨ ᠰᠣᠨᠢᠨ  ᠮᠡᠳᠡᠭᠡ  ᠬᠡᠪᠯᠡᠯ ᠷᠠᠳᠢᠣ᠋᠂ ᠺᠢᠨᠣ᠋ ᠲᠧᠯᠸᠢᠰ ᠤᠨ ᠲᠣᠪᠴᠢᠶ᠎ᠠ︶᠎ ᠲᠠᠢ  ᠬᠤᠯᠪᠣᠭᠳᠠᠬᠤ ᠲᠤᠰᠢᠶᠠᠯ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ᠃ ᠵᠣᠬᠢᠶᠠᠯ ᠪᠦᠲᠦᠭᠡᠯ ᠤᠨ ᠡᠷᠬᠡ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠵᠢᠯ ᠢ ᠬᠡᠪᠯᠡᠯ ᠤᠨ ᠡᠷᠬᠡ ᠶᠢᠨ ᠬᠠᠮᠢᠶᠠᠷᠤᠯᠲᠠ ᠶᠢᠨ ᠴᠢᠳᠠᠪᠬᠢ ᠶᠢᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠠᠵᠢᠯ ᠬᠤᠪᠢᠶᠠᠷᠢᠯᠠᠨ ᠭᠦᠢᠴᠡᠳᠬᠡᠨ᠎ᠡ᠃ᠳᠥᠷᠪᠡᠳᠦᠭᠡᠷ ᠵᠦᠢᠯ   ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ  ᠎ ᠳᠤ  ᠳᠣᠣᠷ ᠮᠡᠳᠣ ᠳᠣᠲᠣᠭᠠᠳᠤ ᠶᠢᠨ ᠪᠠᠶᠢᠭᠤᠯᠤᠮᠵᠢ ᠶᠢ ᠪᠠᠶᠢᠭᠤᠯᠤᠨ᠎ᠠ᠄ ︵ᠨᠢᠭᠡ  ︶ ᠠᠯᠪᠠᠨ ᠭᠡᠷ᠃  ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠪᠢᠴᠢᠭ       ᠮᠠᠲ᠋ᠧᠷᠢᠶᠠᠯ᠂  ᠴᠠᠬᠢᠯᠭᠠᠨ ᠮᠡᠳᠡᠭᠡ᠂ ᠬᠤᠷᠠᠯ  ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠳᠠᠩᠰᠠ ᠡᠪᠬᠡᠮᠡᠯ᠂ ᠵᠠᠬᠢᠳᠠᠯ  ᠰᠣᠷᠪᠣᠯᠵᠢᠯᠠᠭ᠎ᠠ  ᠂ ᠵᠠᠰᠠᠭ ᠤᠨ ᠶᠠᠪᠤᠳᠠᠯ  ᠎ ᠢ ᠱᠠᠯᠠᠪᠳᠠᠭᠤᠯᠤᠨ ᠪᠠᠶᠢᠴᠠᠭᠠᠬᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠵᠡᠷᠭᠡ ᠠᠵᠢᠯ ᠢ ᠡᠭᠦᠷᠭᠡᠯᠡᠨ᠎ᠡ᠃  ᠶᠡᠷᠦᠩᠬᠡᠶᠢᠯᠡᠭᠰᠡᠨ ᠴᠢᠨᠠᠷᠲᠠᠶ ᠴᠢᠬᠤᠯᠠ ᠪᠢᠴᠢᠭ ᠮᠠᠲ᠋ᠧᠷᠢᠶᠠᠯ᠂ ᠡᠬᠡ ᠪᠢᠴᠢᠭ ᠢ ᠲᠤᠭᠤᠷᠪᠢᠬᠤ ᠠᠵᠢᠯ ᠢ ᠡᠭᠦᠷᠭᠡᠯᠡᠨ᠎ᠡ᠃ ᠪᠦᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢ ᠨᠡᠶᠢᠳᠡᠯᠡᠬᠦ ᠳᠦᠷᠢᠮ  ᠢ  ᠲᠤᠭᠤᠷᠪᠢᠨ ᠲᠤᠭᠳᠠᠭᠠᠵᠤ᠂ ᠮᠡᠳᠡᠭᠡ ᠵᠠᠩᠭᠢ᠂ ᠰᠣᠨᠢᠨ ᠮᠡᠳᠡᠭᠡᠨ ᠤ ᠤᠬᠠᠭᠤᠯᠭ᠎ᠠ᠂ ᠰᠣᠨᠢᠨ ᠮᠡᠳᠡᠭᠡ  ᠨᠡᠶᠢᠳᠡᠯᠡᠬᠦ  ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠬᠦ᠂ ᠵᠠᠳᠠᠯᠬᠤ ᠪᠠ ᠵᠣᠬᠢᠴᠠᠭᠤᠯᠤᠨ ᠰᠢᠶᠳᠪᠦᠷᠢᠯᠡᠬᠦ ᠠᠵᠢᠯ ᠢ ᠵᠢᠯᠣᠭᠤᠳᠤᠨ᠎ᠠ᠃ ᠴᠢᠬᠤᠯᠠ ᠶᠡᠭᠡ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠴᠠᠭᠤᠯᠤᠨ ᠵᠣᠬᠢᠶᠠᠨ ᠪᠠᠶᠢᠭᠤᠯᠤᠨ᠎ᠠ᠃ ︵ᠬᠤᠶᠠᠷ  ︶  ᠶᠡᠷᠦᠩᠬᠡᠶᠢᠯᠡᠭᠰᠡᠨ ᠲᠥᠯᠥᠪᠵᠢᠭᠦᠯᠭᠡ ᠪᠠ ᠰᠢᠨᠵᠢᠯᠡᠬᠦ ᠤᠬᠠᠭᠠᠨ ᠮᠡᠷᠭᠡᠵᠢᠯ ᠮᠡᠳᠡᠭᠡ ᠵᠠᠩᠭᠢ ᠶᠢᠨ ᠰᠠᠯᠠᠭ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠵᠣᠬᠢᠴᠠᠭᠤᠯᠤᠨ ᠠᠬᠢᠭᠤᠯᠬᠤ ᠲᠠᠯ᠎ᠠ ᠪᠠᠷ  ᠎ ᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠢ ᠵᠣᠬᠢᠴᠠᠭᠤᠯᠤᠨ ᠠᠬᠢᠭᠤᠯᠤᠨ᠎ᠠ᠃ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠤᠳᠤᠯᠤᠯ ᠪᠣᠯᠤᠨ ᠶᠡᠷᠦᠩᠬᠡᠶᠢᠯᠡᠭᠰᠡᠨ ᠵᠠᠳᠠᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠳᠣᠮᠳᠠ ᠤᠷᠲᠤ ᠬᠤᠭᠤᠴᠠᠭᠠᠨ ᠤ ᠲᠥᠯᠥᠪᠵᠢᠭᠦᠯᠭᠡ ᠶᠢ  ᠲᠤᠭᠤᠷᠪᠢᠨ ᠲᠤᠭᠳᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠭ᠎ᠠ ᠪᠦᠷᠢᠳᠬᠡᠯ ᠤᠨ ᠠᠵᠢᠯ ᠢ  ᠡᠭᠦᠷᠭᠡᠯᠡᠬᠦ ᠶᠢᠨ ᠬᠠᠮᠳᠣ ᠵᠢᠯᠣᠭᠤᠳᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠪᠠ ᠮᠡᠷᠭᠡᠵᠢᠯ ᠤᠨ ᠪᠠᠶᠢᠭᠤᠯᠤᠮᠵᠢ ᠶᠢᠨ ᠬᠠᠮᠢᠶ᠎ᠠ ᠪᠦᠬᠦᠢ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠨ ᠬᠡᠷᠡᠭᠵᠢᠭᠦᠯᠵᠦ᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠴᠡᠭᠡ ᠶᠢ ᠳᠤᠷᠠᠳᠤᠨ ᠭᠠᠷᠭᠠᠵᠤ᠂ ᠬᠠᠮᠢᠶ᠎ᠠ ᠪᠦᠬᠦᠢ ᠰᠢᠨᠵᠢᠯᠡᠬᠦ ᠤᠬᠠᠭᠠᠨ ᠤ ᠰᠣᠳᠣᠯᠣᠯ ᠤᠨ ᠪᠤᠭᠤᠮᠳᠠ ᠰᠢᠪᠳᠦᠯᠬᠤ᠂ ᠮᠡᠷᠭᠡᠵᠢᠯ ᠣᠷᠣᠭᠤᠯᠬᠤ᠂ ᠬᠠᠮᠲᠤᠷᠠᠯᠴᠠᠭ᠎ᠠ ᠰᠣᠯᠢᠯᠴᠠᠭ᠎ᠠ ᠬᠢᠬᠦ᠂ ᠦᠷ᠎ᠡ ᠪᠦᠲᠦᠭᠡᠯ ᠢ ᠬᠡᠷᠡᠭᠯᠡᠬᠦ ᠵᠡᠷᠭᠡ ᠠᠵᠢᠯ ᠢ ᠡᠭᠦᠷᠭᠡᠯᠡᠨ᠎ᠡ᠃ ᠪᠦᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠳᠠ ᠶᠢ ᠨᠢᠭᠡᠳᠦᠯᠲᠡᠢ  ᠲᠦᠯᠦᠪᠯᠡᠨ ᠲᠥᠯᠥᠪᠵᠢᠭᠦᠯᠬᠦ᠂ ᠵᠢᠯᠣᠭᠤᠳᠤᠨ ᠬᠡᠷᠡᠭᠵᠢᠭᠦᠯᠬᠦ ᠵᠡᠷᠭᠡ ᠠᠵᠢᠯ ᠢ ᠡᠭᠦᠷᠭᠡᠯᠡᠨ᠎ᠡ᠃ ᠶᠡᠷᠦᠩᠬᠡᠶᠢᠯᠡᠭᠰᠡᠨ ᠠᠵᠢᠯ ᠪᠣᠯᠤᠨ ᠬᠠᠮᠢᠶᠠᠷᠬᠤ ᠡᠲᠡᠭᠡᠳ ᠤᠨ  ᠪᠣᠯᠪᠣᠰᠤᠷᠠᠯ ᠤᠨ ᠠᠵᠢᠯ ᠢ ᠬᠠᠷᠢᠭᠤᠴᠠᠨ᠎ᠠ᠃ ︵ᠭᠤᠷᠪᠠ︶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠰᠠᠯᠠᠭ᠎ᠠ  ᠃ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ᠂ ᠵᠠᠰᠠᠭ ᠵᠠᠬᠢᠷᠭᠠᠨ ᠤ ᠲᠥᠯᠥᠪᠦᠷᠢ ᠥᠭᠬᠦ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠢ ᠡᠭᠦᠷᠭᠡᠯᠡᠨ᠎ᠡ᠃ ᠬᠠᠤᠯᠢ ᠬᠡᠷᠡᠭᠵᠢᠭᠦᠯᠬᠦ ᠳᠡᠰ ᠳᠠᠷᠠᠭᠠᠯᠠᠯ ᠢ ᠬᠠᠤᠯᠢ ᠲᠣᠭᠲᠠᠭᠠᠯ ᠶᠣᠰᠣᠭᠠᠷ ᠵᠢᠷᠤᠭᠯᠠᠨ ᠲᠥᠯᠥᠪᠯᠡᠬᠦ᠂ ᠴᠢᠯᠥᠭᠡᠲᠦ ᠲᠠᠰᠤᠯᠤᠯᠲᠠ ᠶᠢᠨ ᠡᠷᠬᠡ ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠰᠡᠨ ᠬᠡᠷᠡᠭ ᠢ ᠬᠢᠨᠠᠨ ᠪᠠᠶᠢᠴᠠᠭᠠᠬᠤ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠎ ᠢ ᠵᠢᠷᠤᠮᠵᠢᠭᠤᠯᠤᠨ᠎ᠠ᠃ ᠬᠠᠮᠢᠶ᠎ᠠ ᠪᠦᠬᠦᠢ ᠭᠡᠷᠡᠴᠢᠯᠡᠭᠡ ᠰᠣᠨᠣᠰᠬᠤ ᠠᠵᠢᠯ᠂ ᠬᠠᠣᠯᠢᠵᠢᠯ ᠤᠨ ᠤᠬᠠᠭᠤᠯᠭ᠎ᠠ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ︵ᠳᠥᠷᠪᠡ  ︶ ᠡᠳ᠋ ᠤᠨ ᠶᠠᠪᠤᠳᠠᠯ  ᠂  ᠲᠤᠨᠤᠭᠯᠠᠯ ᠤᠨ ᠰᠠᠯᠠᠭ᠎ᠠ᠃ ᠪᠠᠶᠢᠭᠤᠯᠭ᠎ᠠ ᠪᠠ ᠬᠠᠷᠢᠶ᠎ᠠ ᠨᠢᠭᠡᠴᠡ ᠶᠢᠨ ᠡᠳ᠋ ᠤᠨ ᠶᠠᠪᠤᠳᠠᠯ᠂ ᠬᠢᠨᠠᠨ ᠪᠤᠳᠤᠯᠳᠠ᠂ ᠲᠥᠰᠦᠪ ᠪᠠ ᠲᠥᠰᠦᠪ ᠤᠨ ᠭᠦᠢᠴᠡᠳᠬᠡᠯ᠂ ᠭᠠᠶᠢᠯᠢ ᠶᠢᠨ ᠪᠤᠰᠤ ᠣᠷᠣᠯᠭ᠎ᠠ᠂ ᠤᠯᠤᠰ ᠤᠨ ᠦᠮᠴᠢᠯᠡᠯᠳᠣ ᠡᠳ᠋ ᠬᠦᠷᠦᠩᠭᠡ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠦᠨᠳᠦᠰᠦᠨ ᠪᠦᠳᠦᠭᠡᠨ ᠪᠠᠶᠢᠭᠤᠯᠤᠯᠲᠠ ᠪᠠ ᠡᠯ᠎ᠡ ᠲᠦᠷᠦᠯ ᠤᠨ ᠪᠡᠯᠡ ᠮᠥᠩᠭᠦ᠂ ᠲᠤᠰᠬᠠᠢ ᠬᠡᠷᠡᠭᠯᠡᠭᠡᠨ ᠤ ᠰᠠᠭᠤᠷᠢ ᠮᠥᠩᠭᠦ ᠵᠢᠴᠢ ᠦᠢᠯᠡᠳᠴᠦ ᠤᠭᠰᠠᠷᠠᠬᠤ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠡᠯ᠎ᠡ ᠲᠥᠷᠥᠯ ᠤᠨ ᠪᠡᠯᠡ ᠮᠥᠩᠭᠦ ᠶᠢᠨ  ᠦᠷ᠎ᠡ ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠪᠦᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠲᠤᠨᠤᠭᠯᠠᠯ ᠲᠣᠬᠢᠷᠠᠭᠤᠯᠬᠤ ᠠᠵᠢᠯ ᠢ ᠵᠢᠯᠣᠭᠤᠳᠤᠨ᠎ᠠ᠃︵ᠲᠠᠪᠤ︶ ᠠᠵᠢᠯᠲᠠᠨ ᠤ ᠶᠠᠪᠤᠳᠠᠯ ᠬᠥᠮᠦᠵᠢᠯ ᠪᠠ ᠠᠵᠢᠯ ᠤᠨ ᠦᠷ᠎ᠡ  ᠪᠦᠲᠦᠮᠵᠢ ᠶᠢ ᠰᠢᠯᠭᠠᠨ ᠲᠣᠭᠲᠠᠭᠠᠬᠤ  ᠰᠠᠯᠠᠭ᠎ᠠ    ᠪᠠᠶᠢᠭᠤᠯᠭ᠎ᠠ ᠵᠢᠴᠢ ᠬᠠᠷᠢᠶ᠎ᠠ ᠨᠢᠭᠡᠴᠡ ᠶᠢᠨ ᠺᠠᠳ᠋ᠷ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠪᠠᠶᠢᠭᠤᠯᠤᠮᠵᠢ ᠶᠢᠨ ᠣᠷᠣᠨ ᠲᠤᠭ᠎ᠠ᠂ ᠴᠢᠳᠠᠪᠤᠷᠢᠲᠠᠨ ᠢ ᠬᠥᠮᠦᠵᠢᠭᠦᠯᠬᠦ᠂ ᠬᠥᠳᠡᠯᠮᠦᠷᠢ ᠴᠠᠯᠢᠩ ᠮᠦᠩᠬᠦ ᠵᠡᠷᠭᠡ ᠠᠵᠢᠯ ᠢ ᠬᠠᠷᠢᠭᠤᠴᠠᠨ᠎ᠠ  ᠃ ᠵᠠᠬ᠎ᠠ ᠳᠡᠯᠭᠡᠭᠦᠷ ᠤᠨ  ᠬᠢᠨᠠᠨ ᠬᠠᠮᠢᠶᠠᠷᠤᠯᠲᠠ ᠶᠢᠨ ᠡᠩᠨᠡᠭᠡ  ᠎ ᠶᠢᠨ ᠵᠢᠷᠤᠮᠵᠢᠭᠰᠡᠨ ᠪᠠᠶᠢᠭᠤᠯᠤᠯᠳᠠ ᠶᠢᠨ ᠠᠵᠢᠯ ᠢ ᠡᠭᠦᠷᠭᠡᠯᠡᠨ ᠵᠢᠯᠣᠭᠤᠳᠤᠨ᠎ᠠ᠃ ᠪᠠᠶᠢᠭᠤᠯᠭ᠎ᠠ ᠶᠢᠨ ᠠᠵᠢᠯ ᠠᠴᠠ ᠪᠠᠨ ᠠᠮᠠᠷᠠᠭᠰᠠᠳ ᠤᠨ ᠠᠵᠢᠯ ᠢ ᠬᠠᠷᠢᠭᠤᠴᠠᠨ᠎ᠠ  ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠣᠨ ᠤ ᠬᠠᠷᠠᠯᠲᠠ ᠪᠠ  ᠰᠢᠯᠭᠠᠨ ᠬᠢᠨᠠᠬᠤ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ  ᠃ ︵ᠵᠢᠷᠭᠤᠭ᠎ᠠ  ︶ ᠬᠠᠤᠯᠢ ᠬᠡᠷᠡᠭᠵᠢᠭᠦᠯᠦᠯᠲᠡ ᠮᠥᠷᠳᠡᠨ ᠪᠠᠶᠢᠴᠠᠭᠠᠬᠤ ᠲᠣᠪᠴᠢᠶ᠎ᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠤᠩᠭᠡᠶᠢᠯᠡᠨ ᠬᠠᠤᠯᠢ ᠬᠡᠷᠡᠭᠵᠢᠭᠦᠯᠬᠦ ᠵᠢᠴᠢ ᠮᠦᠷᠳᠡᠨ ᠪᠠᠶᠢᠴᠠᠭᠠᠬᠤ ᠬᠡᠷᠡᠭ ᠰᠢᠶᠳᠪᠦᠷᠢᠯᠡᠬᠦ ᠳᠦᠷᠢᠮ ᠠᠷᠭ᠎ᠠ ᠬᠡᠮᠵᠢᠶ᠎ᠡ ᠶᠢ  ᠲᠤᠭᠤᠷᠪᠢᠨ ᠲᠤᠭᠳᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠵᠥᠪᠰᠢᠶᠡᠷᠡᠬᠦ᠂ ᠦᠶᠯᠡᠳᠪᠦᠷᠢᠯᠡᠬᠦ᠂ ᠡᠵᠡᠩᠨᠡᠬᠦ᠂ ᠠᠷᠠᠯᠵᠢᠶᠠᠯᠠᠬᠤ ᠳᠤᠮᠳᠠᠬᠢ ᠬᠠᠮᠢᠶ᠎ᠠ ᠪᠦᠬᠦᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠪᠠ ᠬᠡᠷᠡᠭ ᠢ ᠪᠠᠶᠢᠴᠠᠭᠠᠨ ᠰᠢᠶᠳᠪᠦᠷᠢᠯᠡᠬᠦ ᠠᠵᠢᠯ ᠢ ᠵᠢᠯᠣᠭᠤᠳᠤᠨ ᠪᠠᠶᠢᠴᠠᠭᠠᠨ ᠰᠢᠶᠳᠪᠦᠷᠢᠯᠡᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠪᠠᠶᠢᠴᠠᠭᠠᠨ ᠰᠢᠢᠳᠪᠤᠷᠢᠯᠡᠨ᠎ᠡ᠃ ᠨᠥᠯᠥᠭᠡᠯᠡᠬᠦ ᠬᠡᠪᠴᠢᠶ᠎ᠡ ᠪᠠᠷ ᠥᠷᠭᠡᠨ ᠪᠤᠶᠤ ᠬᠤᠰᠢᠭᠤ ᠲᠣᠭᠤᠷᠢᠭ ᠠᠯᠤᠰᠯᠠᠭᠰᠠᠨ ᠵᠠᠰᠠᠭ ᠵᠠᠬᠢᠷᠭᠠᠨ ᠤ ᠬᠦᠨᠳᠦ ᠶᠡᠭᠡ ᠬᠡᠷᠡᠭ ᠢ ᠵᠣᠬᠢᠶᠠᠨ ᠪᠠᠶᠢᠭᠤᠯᠵᠤ ᠪᠠᠶᠢᠴᠠᠭᠠᠨ ᠰᠢᠶᠳᠪᠦᠷᠢᠯᠡᠬᠦ᠂  ᠱᠠᠯᠠᠪᠳᠠᠭᠤᠯᠤᠨ ᠪᠠᠶᠢᠴᠠᠭᠠᠵᠤ ᠰᠢᠶᠳᠪᠦᠷᠢᠯᠡᠭᠦᠯᠬᠦ ᠠᠵᠢᠯ ᠢ ᠡᠭᠦᠷᠭᠡᠯᠡᠨ᠎ᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ  ᠶᠡᠷᠤᠩᠭᠡᠶᠢᠯᠡᠨ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ᠎ᠠ  ᠃ ︵ᠳᠣᠯᠤᠭ᠎ᠠ︶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠲᠣᠭᠲᠠᠭᠠᠭᠰᠠᠨ ᠡᠷᠬᠡ ᠶᠢᠨ ᠮᠡᠳᠡᠯ ᠤᠨ ᠬᠡᠪᠴᠢᠶ᠎ᠠ᠂ ᠵᠠᠰᠠᠭ ᠵᠠᠬᠢᠷᠭᠠᠨ ᠤ ᠵᠥᠪᠰᠢᠶᠡᠷᠡᠯ᠂ ᠨᠤᠲᠠᠯᠠᠬᠤ᠂ ᠱᠠᠩᠨᠠᠬᠤ᠂ ᠥᠭᠬᠦ ᠵᠦᠶᠯᠡᠰ ᠢ ᠭᠥᠯᠢᠶᠡᠨ ᠠᠪᠴᠤ ᠰᠢᠶᠳᠪᠦᠷᠢᠯᠡᠬᠦ᠂ ᠬᠢᠨᠠᠨ ᠵᠥᠪᠰᠢᠶᠡᠷᠡᠬᠦ᠂ ᠰᠢᠯᠵᠢᠭᠦᠯᠦᠨ ᠮᠡᠳᠡᠭᠦᠯᠬᠦ ᠵᠡᠷᠭᠡ ᠠᠵᠢᠯ ᠪᠠ ᠡᠳᠦᠷ ᠲᠤᠲᠤᠮ ᠤᠨ ᠬᠠᠮᠢᠶᠠᠷᠤᠯᠲᠠ ᠦᠶᠯᠡᠴᠢᠯᠡᠭᠡᠨ ᠤ ᠲᠥᠷᠥᠯ ᠵᠡᠷᠭᠡ ᠵᠦᠶᠯᠡᠰ ᠢ ᠬᠢᠨᠠᠨ ᠬᠠᠷᠭᠤᠭᠤᠯᠬᠤ᠂ ᠵᠥᠪᠰᠢᠶᠡᠷᠡᠬᠦ᠂ ᠳᠠᠩᠰᠠᠯᠠᠬᠤ ᠵᠡᠷᠭᠡ ᠠᠵᠢᠯ ᠢ ᠡᠭᠦᠷᠭᠡᠯᠡᠨ᠎ᠡ  ᠃ ᠡᠯ᠎ᠡ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠶᠯᠡᠰ ᠳᠤ ᠳᠡᠮᠵᠢᠯᠭᠡ ᠦᠵᠡᠭᠦᠯᠬᠦ ᠶᠢ ᠵᠣᠬᠢᠴᠠᠭᠤᠯᠤᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠤᠬᠠᠶᠢᠯᠠᠭᠰᠠᠨ ᠠᠵᠢᠯ᠂ ᠮᠡᠷᠭᠡᠵᠢᠯ ᠤᠨ ᠬᠢᠨᠠᠨ ᠬᠠᠷᠭᠤᠭᠤᠯᠬᠤ᠂ ᠬᠢᠨᠠᠨ ᠪᠠᠶᠢᠴᠠᠭᠠᠵᠤ ᠵᠢᠷᠤᠮᠵᠢᠭᠤᠯᠬᠤ ᠳᠦᠷᠢᠮ ᠢ ᠬᠠᠷᠢᠭᠤᠴᠠᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ  ᠃  ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠵᠦᠶᠯᠡᠰ ᠢ ᠭᠦᠶᠴᠡᠳᠬᠡᠬᠦ ᠶᠢ ᠬᠠᠷᠢᠭᠤᠴᠠᠨ᠎ᠠ  ᠃ ᠵᠠᠰᠠᠭ ᠵᠠᠬᠢᠷᠭᠠᠨ ᠤ ᠡᠷᠬᠡ ᠲᠤᠰᠢᠶᠠᠯ᠂ ᠵᠠᠭᠤᠴᠢ ᠦᠶᠯᠡᠴᠢᠯᠡᠭᠡᠨ ᠤ ᠨᠠᠷᠢᠨ  ᠳᠠᠩᠰᠠ ᠶᠢ ᠬᠥᠳᠡᠯᠦᠩᠭᠦᠶ ᠪᠠᠷ ᠡᠮᠬᠢᠯᠡᠨ ᠢᠯᠡ ᠪᠣᠯᠭᠠᠵᠤ᠂  ︽ᠲᠠᠯᠪᠢᠬᠤ᠂ ᠬᠠᠮᠢᠶᠠᠷᠬᠤ᠂ ᠦᠶᠯᠡᠴᠢᠯᠡᠬᠦ  ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠰᠢᠯᠢᠳᠡᠭᠵᠢᠭᠦᠯᠬᠦ ᠠᠵᠢᠯ ᠢ ᠡᠭᠦᠷᠭᠡᠯᠡᠨ᠎ᠡ  ᠃ ︵ᠨᠠᠢᠮᠠ︶ ᠪᠦᠷᠢᠳᠬᠡᠨ ᠳᠠᠩᠰᠠᠯᠠᠬᠤ ᠰᠠᠯᠠᠭ᠎ᠠ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠨᠢᠭᠡᠳᠦᠯᠲᠡᠶ ᠳᠠᠩᠰᠠᠯᠠᠨ ᠲᠡᠮᠳᠡᠭᠯᠡᠬᠦ ᠪᠠ ᠡᠵᠡᠩᠨᠡᠯᠲᠡ ᠶᠢᠨ ᠦᠨᠡᠮᠯᠡᠯ ᠢ ᠬᠢᠨᠠᠨ ᠣᠯᠭᠤᠬᠤ ᠳᠦᠷᠢᠮ ᠤᠨ ᠠᠷᠭ᠎ᠠ ᠬᠡᠮᠵᠢᠶ᠎ᠡ ᠎ ᠶᠢ ᠲᠤᠭᠤᠷᠪᠢᠨ ᠲᠤᠭᠳᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠳᠠᠩᠰᠠᠯᠠᠨ ᠲᠡᠮᠳᠡᠭᠯᠡᠬᠦ ᠪᠦᠬᠦ ᠶᠠᠪᠤᠴᠠ ᠶᠢᠨ ᠡᠯᠧᠺᠲᠷᠤᠨᠴᠢᠯᠡᠬᠦ ᠠᠵᠢᠯ ᠢ ᠵᠢᠯᠣᠭᠤᠳᠤᠨ᠎ᠠ᠃ ᠬᠢᠨᠠᠨ ᠵᠥᠪᠰᠢᠶᠡᠷᠡᠬᠦ ᠶᠢ ᠪᠠᠷᠢᠮᠵᠢᠶᠠᠵᠢᠭᠤᠯᠬᠤ ᠪᠠ ᠳᠥᠭᠦᠮ ᠳᠦᠳᠡᠴᠢᠯᠡᠭᠰᠡᠨ ᠬᠤᠳᠠᠯᠳᠤᠭ᠎ᠠ ᠡᠵᠡᠩᠨᠡᠬᠦ ᠲᠦᠷᠢᠮ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠳᠠᠩᠰᠠᠯᠠᠨ ᠲᠡᠮᠳᠡᠭᠯᠡᠭᠦᠯᠦᠭᠰᠡᠨ ᠮᠡᠳᠡᠭᠡ ᠵᠠᠩᠭᠢ ᠶᠢᠨ ᠵᠠᠳᠠᠯᠤᠯᠲᠠ ᠶᠢ ᠢᠯᠡ ᠪᠣᠯᠭᠠᠬᠤ ᠠᠵᠢᠯ ᠢ ᠡᠭᠦᠷᠭᠡᠯᠡᠨ᠎ᠡ᠃ ᠠᠵᠤ ᠠᠬᠤᠶᠢᠯᠠᠯ ᠳᠤ ᠬᠤᠯᠪᠣᠭᠳᠠᠬᠤ ᠮᠡᠳᠡᠭᠡ ᠵᠠᠩᠭᠢ ᠶᠢ ᠯᠠᠪᠯᠠᠬᠤ ᠦᠶᠯᠡᠴᠢᠯᠡᠭᠡ ᠶᠢ ᠬᠠᠤᠯᠢ ᠶᠣᠰᠣᠭᠠᠷ ᠬᠠᠩᠭᠠᠨ᠎ᠠ᠃ ᠬᠠᠮᠢᠶ᠎ᠠ ᠪᠦᠬᠦᠢ ᠳᠠᠩᠰᠠᠯᠠᠨ ᠲᠡᠮᠳᠡᠭᠯᠡᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠦᠨᠡᠮᠯᠡᠯ ᠦᠭᠡᠶ ᠪᠠᠷ ᠦᠢᠯᠡᠳᠪᠦᠷᠢᠯᠡᠵᠦ ᠡᠵᠡᠩᠨᠡᠬᠦ ᠪᠠ ᠬᠠᠮᠢᠶ᠎ᠠ ᠪᠦᠬᠦᠢ ᠦᠨᠡᠮᠯᠡᠯ ᠦᠭᠡᠶ ᠪᠠᠷ ᠦᠢᠯᠡᠳᠪᠦᠷᠢᠯᠡᠵᠦ ᠡᠵᠡᠩᠨᠡᠬᠦ ᠠᠵᠢᠯᠯᠠᠭ᠎ᠠ ᠶᠢ ᠵᠢᠯᠣᠭᠤᠳᠤᠨ ᠪᠠᠶᠢᠴᠠᠭᠠᠨ ᠰᠢᠶᠳᠪᠦᠷᠢᠯᠡᠨ᠎ᠡ᠃ ᠬᠤᠪᠢ ᠶᠢᠨ ᠡᠵᠡᠩᠨᠡᠯᠲᠡ ᠶᠢᠨ ᠠᠵᠤ ᠠᠬᠤᠶ ᠶᠢᠨ ᠬᠥᠭᠵᠢᠯᠲᠡ ᠶᠢ ᠲᠡᠳᠬᠦᠵᠦ᠂ ᠵᠢᠵᠢᠭ ᠪᠢᠴᠢᠯ ᠠᠵᠤ ᠠᠬᠤᠶᠢᠯᠠᠯ  ᠎ ᠢ ᠬᠠᠮᠠᠭᠠᠯᠠᠬᠤ ᠠᠵᠢᠯ ᠢ ᠡᠭᠦᠷᠭᠡᠯᠡᠨ᠎ᠡ  ᠃ ︵ᠶᠢᠰᠦ  ︶ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠲᠦᠷᠢᠮ ᠤᠨ ᠠᠷᠭ᠎ᠠ ᠶᠢ ᠲᠤᠭᠤᠷᠪᠢᠨ ᠲᠣᠭᠲᠠᠭᠠᠬᠤ ᠪᠥᠭᠡᠳ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠠᠩᠰᠠᠯᠠᠨ ᠲᠡᠮᠳᠡᠭᠯᠡᠬᠦ  ᠠᠵᠢᠯᠯᠠᠭ᠎ᠠ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ  ᠃ ᠢᠲᠡᠭᠡᠮᠵᠢ ᠶᠢᠨ ᠲᠥᠷᠥᠯ ᠬᠤᠪᠢᠶᠠᠨ ᠬᠠᠮᠢᠶᠠᠷᠬᠤ ᠪᠠ ᠮᠡᠳᠡᠭᠡ ᠵᠠᠩᠭᠢ ᠨᠡᠶᠢᠲᠡᠯᠡᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠨᠡᠶᠢᠲᠡᠯᠡᠬᠦ ᠰᠢᠰᠲ᠋ᠧᠮ ︵ᠥᠪᠥᠷ ᠮᠣᠩᠭᠤᠯ  ︶ ᠵᠢᠴᠢ ᠰᠠᠯᠠᠭ᠎ᠠ ᠮᠥᠴᠢᠷ ᠤᠨ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ᠤᠨ ᠪᠠᠶᠢᠭᠤᠯᠤᠯᠲᠠ ᠪᠠ ᠬᠡᠷᠡᠭᠯᠡᠭᠡᠨ ᠤ ᠠᠵᠢᠯ ᠳᠤ ᠬᠠᠮᠵᠢᠯᠴᠠᠨ᠎ᠠ᠃ ᠬᠡᠪ ᠤᠨ ᠪᠤᠰᠤ ᠡᠵᠡᠩᠨᠡᠯᠲᠡ ᠶᠢᠨ ᠨᠡᠷᠡᠰ ᠤᠨ ᠵᠢᠭᠰᠠᠭᠠᠯᠲᠠ ᠪᠠ  ︽ᠨᠡᠷ᠎ᠡ ᠶᠢᠨ ᠬᠠᠷ᠎ᠠ ᠳᠠᠩᠰᠠ︾ ᠪᠠᠶᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠪᠠ ᠨᠡᠶᠢᠲᠡ ᠳᠤ ᠵᠠᠷᠯᠠᠭᠰᠠᠨ ᠮᠡᠳᠡᠭᠡ ᠵᠠᠩᠭᠢ ᠶᠢ ᠴᠤᠭᠯᠠᠭᠤᠯᠤᠨ ᠨᠡᠶᠢᠯᠡᠭᠦᠯᠵᠦ ᠬᠠᠮᠲᠤᠪᠠᠷ  ᠡᠳ᠋ᠯᠡᠬᠦ᠂ ᠬᠠᠮᠲᠤᠷᠠᠨ ᠵᠠᠯᠬᠠᠭᠠᠨ ᠴᠡᠭᠡᠷᠯᠡᠭᠦᠯᠬᠦ  ᠂ ᠵᠣᠬᠢᠴᠠᠭᠤᠯᠤᠨ ᠬᠠᠷᠢᠯᠴᠠᠬᠤ ᠵᠡᠷᠭᠡ ᠠᠵᠢᠯ ᠢ ᠡᠭᠦᠷᠭᠡᠯᠡᠨ᠎ᠡ  ᠃ ᠪᠥᠬᠦ ᠬᠤᠲᠠ ᠶᠢᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠣᠨ ᠤ ᠮᠡᠳᠡᠭᠦᠯᠦᠯᠲᠡ ᠶᠢᠨ ᠠᠵᠢᠯ ᠪᠠ  ︽ ᠬᠤᠤᠰ ᠳᠠᠰᠢᠷᠠᠮ᠂ ᠨᠢᠭᠡ ᠶᠢ ᠢᠯᠡ ᠪᠣᠯᠭᠠᠬᠤ  ︾ ᠬᠠᠮᠲᠤᠷᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ  ᠃ ᠪᠦᠬᠦ ᠬᠤᠲᠠ ᠶᠢᠨ ᠦᠶᠯᠡᠳᠬᠦᠨ ᠤ ᠶᠠᠰᠤ ᠴᠢᠨᠠᠷ ᠤᠨ ᠢᠲᠡᠭᠡᠮᠵᠢ ᠶᠢᠨ ᠳᠦᠷᠢᠮ ᠢ ᠪᠠᠶᠢᠭᠤᠯᠤᠨ᠎ᠠ  ᠃  ︵ᠠᠷᠪᠠ︶ ᠬᠡᠷᠡᠭᠯᠡᠭᠡᠨ ᠤ ᠣᠷᠴᠢᠨ ᠲᠤᠭᠤᠷᠢᠨ ᠤ ᠪᠠᠶᠢᠭᠤᠯᠤᠯᠲᠠ  ᠶᠢ ᠵᠢᠯᠣᠭᠤᠳᠬᠤ ᠰᠠᠯᠠᠭ᠎ᠠ᠃ ᠬᠤᠯᠪᠣᠭᠳᠠᠯ ᠪᠦᠬᠦᠢ ᠦᠢᠯᠡᠴᠢᠯᠡᠭᠡᠨ ᠤ  ᠬᠦᠷᠢᠶ᠎ᠡ ᠴᠠᠷᠠᠭ᠎ᠠ ᠎ ᠶᠢᠨ ᠡᠵᠡᠩᠨᠡᠯᠲᠡ ᠶᠢᠨ  ᠠᠵᠢᠯᠯᠠᠭ᠎ᠠ ᠶᠢ ᠵᠢᠷᠤᠮᠵᠢᠭᠤᠯᠬᠤ ᠪᠠ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠬᠡᠷᠡᠭᠯᠡᠭᠴᠢᠳ ᠎ ᠤᠨ ᠯᠠᠪᠯᠠᠯᠭ᠎ᠠ ᠠᠪᠬᠤ᠂ ᠵᠠᠭᠠᠯᠳᠤᠬᠤ᠂ ᠢᠯᠡᠴᠢᠯᠡᠨ ᠮᠡᠳᠡᠭᠦᠯᠬᠦ ᠶᠢ ᠬᠦᠯᠢᠶᠡᠨ ᠠᠪᠬᠤ ᠪᠠ ᠰᠦᠯᠵᠢᠶᠡᠨ ᠤ ᠲᠤᠭᠳᠠᠯᠴᠠᠭ᠎ᠠ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠬᠡᠷᠡᠭᠯᠡᠭᠡᠨ ᠤ ᠣᠷᠴᠢᠨ ᠲᠤᠭᠤᠷᠢᠨ ᠤ ᠪᠠᠶᠢᠭᠤᠯᠤᠯᠲᠠ ᠪᠣᠯᠤᠨ ᠦᠨᠡᠯᠡᠯᠲᠡ ᠶᠢᠨ ᠠᠵᠢᠯ ᠢ ᠵᠢᠯᠣᠭᠤᠳᠤᠨ᠎ᠠ᠃ ᠬᠡᠷᠡᠭᠯᠡᠭᠴᠢᠳ ᠤᠨ ᠡᠷᠬᠡ ᠠᠰᠢᠭ ᠤᠨ ᠵᠠᠰᠠᠭ ᠵᠠᠬᠢᠷᠭᠠᠨ ᠤ ᠬᠠᠮᠠᠭᠠᠯᠠᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠤᠨ᠎ᠠ᠃ ᠣᠷᠳᠣᠰ ᠬᠤᠲᠠ ᠶᠢᠨ ᠬᠡᠷᠡᠭᠯᠡᠭᠴᠢᠳ ᠤᠨ ᠨᠡᠶᠢᠭᠡᠮᠯᠢᠭ ᠤᠨ ᠠᠵᠢᠯ ᠢ ᠵᠢᠯᠣᠭᠤᠳᠤᠨ᠎ᠠ᠃ ︵ᠠᠷᠪᠠᠨ ᠨᠢᠭᠡ  ︶ ᠦᠨ᠎ᠡ ᠬᠠᠩᠰᠢ ᠳᠤ ᠬᠢᠨᠠᠯᠳᠠ ᠳᠠᠯᠪᠢᠵᠤ ᠪᠠᠶᠢᠴᠠᠭᠠᠯᠳᠠ ᠬᠢᠬᠦ ᠪᠠ ᠵᠦᠢ ᠪᠤᠰᠤ ᠥᠷᠢᠰᠥᠯᠳᠦᠭᠡᠨ ᠢ ᠡᠰᠡᠷᠭᠦᠴᠡᠬᠦ ᠲᠣᠪᠴᠢᠶ᠎ᠠ᠃ ᠦᠨ᠎ᠡ ᠬᠠᠩᠰᠢ᠂ ᠰᠦᠢᠳᠬᠡᠯ ᠬᠤᠷᠢᠶᠠᠬᠤ ᠳᠤ ᠬᠢᠨᠠᠯᠳᠠ ᠳᠠᠯᠪᠢᠵᠤ ᠪᠠᠶᠢᠴᠠᠭᠠᠯᠳᠠ ᠬᠢᠬᠦ ᠬᠠᠮᠢᠶ᠎ᠠ ᠪᠦᠬᠦᠢ ᠲᠦᠷᠢᠮ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠨ᠎ᠠ᠃ ᠲᠠᠸᠠᠷ ᠤᠨ ᠦᠨ᠎ᠡ ᠬᠠᠩᠰᠢ᠂ ᠦᠢᠯᠡᠴᠢᠯᠡᠭᠡᠨ ᠤ ᠦᠨ᠎ᠡ ᠬᠠᠩᠰᠢ ᠵᠢᠴᠢ ᠲᠥᠷᠥ ᠶᠢᠨ ᠪᠠᠶᠢᠭᠤᠯᠭ᠎ᠠ᠂ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠳᠤ ᠬᠢᠨᠠᠯᠲᠠ ᠲᠠᠯᠪᠢᠵᠤ  ᠪᠠᠶᠢᠴᠠᠭᠠᠯᠳᠠ ᠬᠢᠬᠦ ᠠᠵᠢᠯ ᠢ ᠵᠣᠬᠢᠶᠠᠨ ᠪᠠᠶᠢᠭᠤᠯᠤᠨ ᠶᠠᠪᠤᠭᠳᠠᠭᠤᠯᠤᠨ᠎ᠠ᠃ ᠦᠨ᠎ᠡ ᠬᠠᠩᠰᠢ ᠰᠦᠢᠳᠬᠡᠯ ᠬᠤᠷᠢᠶᠠᠬᠤ ᠶᠢᠨ ᠬᠠᠤᠯᠢ ᠲᠣᠭᠲᠠᠭᠠᠯ ᠎ ᠠᠴᠠ ᠵᠥᠷᠢᠴᠡᠭᠰᠡᠨ ᠠᠵᠢᠯᠯᠠᠭ᠎ᠠ ᠪᠣᠯᠤᠨ ᠵᠦᠢ  ᠪᠤᠰᠤ ᠪᠠᠷ ᠥᠷᠢᠰᠥᠯᠳᠦᠬᠦ ᠠᠵᠢᠯᠯᠠᠭ᠎ᠠ ᠶᠢ ᠪᠠᠶᠢᠴᠠᠭᠠᠨ ᠰᠢᠢᠳᠪᠤᠷᠢᠯᠡᠬᠦ ᠶᠢ ᠵᠣᠬᠢᠶᠠᠨ ᠪᠠᠶᠢᠭᠤᠯᠤᠨ ᠵᠢᠯᠤᠭᠤᠳᠤᠨ᠎ᠠ᠃ ᠰᠢᠭᠤᠳ ᠪᠣᠷᠣᠯᠠᠭᠤᠯᠬᠤ ᠠᠵᠤ ᠠᠬᠤᠶᠢᠯᠠᠯ᠂ ᠰᠢᠭᠤᠳ ᠪᠣᠷᠣᠯᠠᠭᠤᠯᠤᠭᠴᠢ ᠵᠢᠴᠢ ᠰᠢᠭᠤᠳ ᠪᠣᠷᠣᠯᠠᠭᠤᠯᠬᠤ ᠠᠵᠢᠯᠯᠠᠭ᠎ᠠ ᠳᠤ ᠬᠢᠨᠠᠯᠲᠠ ᠲᠠᠯᠪᠢᠵᠤ ᠬᠠᠮᠢᠶᠠᠷᠬᠤ ᠪᠠ ᠳᠠᠮᠵᠢᠭᠤᠯᠤᠨ ᠪᠣᠷᠣᠯᠠᠭᠤᠯᠬᠤ ᠳᠤ ᠴᠣᠬᠢᠯᠲᠠ ᠥᠭᠬᠦ ᠠᠵᠢᠯ ᠢ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠎ ᠶᠢᠨ ᠲᠣᠪᠴᠢᠶ᠎ᠠ ᠶᠢᠨ ᠨᠠᠶᠢᠳᠠᠯᠭ᠎ᠠ ᠪᠠᠷ᠂ ᠭᠠᠭᠴᠠᠭᠠᠷ  ᠡᠵᠡᠮᠰᠢᠬᠦ ᠶᠢ ᠡᠰᠡᠷᠭᠦᠴᠡᠬᠦ ᠬᠡᠷᠡᠭ ᠲᠤ ᠪᠠᠶᠢᠴᠠᠭᠠᠯᠲᠠ ᠬᠢᠬᠦ ᠶᠢ ᠬᠡᠷᠡᠭᠵᠢᠭᠦᠯᠦᠨ᠎ᠡ᠃ ᠭᠤᠤᠯᠴᠢ ᠥᠷᠢᠰᠥᠯᠳᠦᠭᠡᠨ ᠢ ᠬᠢᠨᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ︵ᠠᠷᠪᠠᠨ ᠬᠤᠶᠠᠷ︶ ᠰᠦᠯᠵᠢᠶᠡᠨ ᠤ ᠠᠷᠠᠯᠵᠢᠶ᠎ᠠ  ᠎ ᠶᠢᠨ ᠬᠢᠨᠠᠯᠳᠠ ᠬᠠᠮᠢᠶᠠᠷᠤᠯᠳᠠ ᠶᠢᠨ ᠰᠠᠯᠠᠭ᠎ᠠ  ᠃ ᠰᠦᠯᠵᠢᠶᠡᠨ ᠤ ᠲᠠᠸᠠᠷ ᠤᠨ ᠠᠷᠠᠯᠵᠢᠶ᠎ᠠ ᠵᠢᠴᠢ  ᠬᠠᠮᠢᠶ᠎ᠠ ᠪᠦᠬᠦᠢ ᠦᠢᠯᠡᠴᠢᠯᠡᠭᠡ  ᠎ ᠳᠤ  ᠬᠢᠨᠠᠯᠳᠠ ᠳᠠᠯᠪᠢᠵᠤ ᠬᠠᠮᠢᠶᠠᠷᠤᠯᠳᠠ ᠬᠢᠬᠦ ᠳᠦᠷᠢᠮ᠂ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ ᠬᠡᠷᠡᠭᠵᠢᠭᠦᠯᠦᠨ᠎ᠡ᠃ ᠰᠦᠯᠵᠢᠶᠡᠨ ᠤ ᠠᠷᠠᠯᠵᠢᠶᠠᠨ ᠤ ᠲᠠᠪᠴᠠᠩ ᠪᠣᠯᠤᠨ ᠰᠦᠯᠵᠢᠶᠡᠨ ᠤ ᠡᠵᠡᠩᠨᠡᠯᠲᠡ ᠶᠢᠨ ᠭᠤᠤᠯ ᠴᠣᠭᠴᠠ ᠶᠢ ᠵᠢᠷᠤᠮᠵᠢᠭᠤᠯᠤᠨ ᠬᠠᠮᠢᠶᠠᠷᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠰᠦᠯᠵᠢᠶᠡᠨ ᠤ ᠵᠠᠬ᠎ᠠ ᠳᠡᠯᠭᠡᠭᠦᠷ ᠢ ᠬᠢᠨᠠᠨ ᠬᠡᠮᠵᠢᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ᠂ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠵᠢᠷᠤᠮᠵᠢᠭᠤᠯᠬᠤ ᠪᠠ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ ᠃ ᠭᠡᠷ᠎ᠡ᠂ ᠦᠨ᠎ᠡ ᠬᠠᠶᠠᠵᠤ ᠬᠤᠳᠠᠯᠳᠤᠬᠤ ᠠᠵᠢᠯᠯᠠᠭ᠎ᠠ ᠳᠤ ᠬᠢᠨᠠᠯᠳᠠ ᠳᠠᠯᠪᠢᠨ ᠬᠠᠮᠢᠶᠠᠷᠤᠯᠳᠠ ᠬᠢᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠥᠳᠡᠯᠬᠦ ᠬᠦᠷᠦᠩᠭᠡ ᠶᠢᠨ ᠪᠠᠷᠢᠴᠠᠭᠠᠨ ᠤ ᠡᠳ᠋ ᠢ ᠳᠠᠩᠰᠠᠯᠠᠬᠤ ᠠᠵᠢᠯ ᠢ ᠬᠠᠮᠢᠶᠠᠷᠤᠨ᠎ᠠ᠃ ︵ᠠᠷᠪᠠᠨ ᠭᠤᠷᠪᠠ︶ ᠵᠠᠷ ᠮᠡᠳᠡᠭᠡ ᠎ ᠳᠤ ᠬᠢᠨᠠᠯᠳᠠ ᠳᠠᠯᠪᠢᠨ ᠬᠠᠮᠢᠶᠠᠷᠤᠯᠳᠠ ᠬᠢᠬᠦ ᠰᠠᠯᠠᠭ᠎ᠠ᠃ ᠵᠠᠷ ᠮᠡᠳᠡᠭᠡ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢ ᠲᠤᠭᠤᠷᠪᠢᠨ ᠲᠤᠭᠳᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠬᠦᠯᠦᠨ᠎ᠡ᠃ ᠵᠠᠷ ᠮᠡᠳᠡᠭᠡᠨ ᠳᠤ ᠬᠢᠨᠠᠯᠲᠠ ᠲᠠᠯᠪᠢᠵᠤ ᠬᠠᠮᠢᠶᠠᠷᠬᠤ ᠳᠦᠷᠢᠮ ᠢ ᠬᠡᠷᠡᠭᠵᠢᠭᠦᠯᠬᠦ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠨ᠎ᠠ᠃ ᠡᠯ᠎ᠡ ᠲᠥᠷᠥᠯ ᠤᠨ ᠵᠠᠭᠤᠴᠢᠯᠠᠭᠤᠷ ᠤᠨ ᠵᠠᠷ ᠮᠡᠳᠡᠭᠡ ᠨᠡᠶᠢᠲᠡᠯᠡᠭᠰᠡᠨ ᠪᠠᠶᠢᠳᠠᠯ ᠢ ᠬᠢᠨᠠᠨ ᠰᠢᠨᠵᠢᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠵᠠᠷ ᠮᠡᠳᠡᠭᠡ ᠶᠢ ᠵᠣᠬᠢᠶᠠᠨ ᠪᠠᠶᠢᠭᠤᠯᠤᠨ ᠵᠢᠯᠣᠭᠤᠳᠴᠤ ᠪᠠᠶᠢᠴᠠᠭᠠᠨ ᠰᠢᠶᠳᠪᠦᠷᠢᠯᠡᠨ᠎ᠡ᠃ ᠵᠠᠷ ᠮᠡᠳᠡᠭᠡ ᠶᠢ ᠬᠢᠨᠠᠨ ᠪᠠᠶᠢᠴᠠᠭᠠᠬᠤ ᠪᠠᠶᠢᠭᠤᠯᠤᠮᠵᠢ ᠪᠠ ᠵᠠᠷ ᠮᠡᠳᠡᠭᠡ ᠶᠢᠨ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢ ᠵᠢᠯᠤᠭᠤᠳᠤᠨ᠎ᠠ  ᠃ ︵ᠠᠷᠪᠠᠨ ᠳᠦᠷᠪᠡ  ︶ ᠶᠠᠰᠤ ᠴᠢᠨᠠᠷ ᠤᠨ ᠬᠥᠭᠵᠢᠯᠲᠡ ᠶᠢᠨ ᠰᠠᠯᠠᠭ᠎ᠠ᠃ ᠶᠠᠰᠤ ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠪᠠ ᠶᠠᠰᠤ ᠴᠢᠨᠠᠷ ᠢ ᠳᠡᠭᠡᠭᠰᠢᠯᠡᠭᠦᠯᠬᠦ ᠠᠵᠢᠯ ᠢ ᠠᠬᠢᠭᠤᠯᠬᠤ ᠲᠥᠷᠥ ᠶᠢᠨ ᠪᠣᠳᠣᠯᠭ᠎ᠠ  ᠂ ᠠᠷᠭ᠎ᠠ ᠬᠡᠮᠵᠢᠶ᠎ᠡ ᠶᠢ ᠲᠤᠭᠤᠷᠪᠢᠨ ᠲᠤᠭᠳᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠶᠠᠰᠤ ᠴᠢᠨᠠᠷ ᠤᠨ ᠰᠠᠭᠤᠷᠢ ᠲᠦᠭᠦᠭᠡᠷᠤᠮᠵᠢ ᠶᠢᠨ ᠬᠠᠮᠵᠢᠯᠴᠠᠨ ᠦᠶᠯᠡᠴᠢᠯᠡᠬᠦ ᠵᠢᠴᠢ ᠬᠡᠷᠡᠭᠯᠡᠭᠡᠨ ᠤ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠨ᠎ᠠ᠃ ᠶᠠᠰᠤ ᠴᠢᠨᠠᠷ ᠢᠶᠠᠷ ᠤᠷᠮᠠᠰᠢᠭᠤᠯᠬᠤ ᠳᠦᠷᠢᠮ᠂ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠠᠳᠡᠯ ᠢ ᠠᠯᠪᠠᠳᠠᠨ ᠮᠡᠳᠡᠭᠦᠯᠬᠦ᠂ ᠭᠡᠮ ᠰᠣᠭᠤᠭ ᠲᠠᠢ ᠦᠢᠯᠡᠳᠬᠦᠨ ᠢ ᠡᠭᠡᠭᠦᠯᠦᠨ ᠠᠪᠴᠢᠷᠠᠬᠤ ᠵᠡᠷᠭᠡ ᠳᠦᠷᠢᠮ ᠢ ᠨᠠᠶᠢᠳᠠᠪᠤᠷᠢᠵᠢᠭᠤᠯᠵᠤ᠂ ᠬᠠᠭᠤᠷᠮᠠᠭ ᠦᠢᠯᠡᠳᠬᠦᠨ ᠢ ᠰᠡᠷᠭᠡᠶᠢᠯᠡᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠦᠢᠯᠡᠴᠢᠯᠡᠭᠡᠨ ᠤ ᠶᠠᠰᠤ ᠴᠢᠨᠠᠷ ᠎ ᠤᠨ ᠬᠢᠨᠠᠯᠲᠠ ᠲᠠᠯᠪᠢᠵᠤ ᠬᠢᠨᠠᠨ ᠬᠡᠮᠵᠢᠬᠦ ᠪᠠ ᠶᠠᠰᠤ ᠴᠢᠨᠠᠷ ᠤᠨ ᠪᠠᠶᠢᠳᠠᠯ ᠳᠤ ᠵᠠᠳᠠᠯᠤᠯᠲᠠ ᠬᠢᠬᠦ ᠶᠢ ᠥᠷᠨᠢᠭᠦᠯᠦᠨ᠂ ᠶᠠᠰᠤ ᠴᠢᠨᠠᠷ ᠤᠨ ᠬᠦᠨᠳᠦ ᠶᠡᠭᠡ ᠠᠳᠡᠯ ᠤᠨ ᠪᠠᠶᠢᠴᠠᠭᠠᠯᠲᠠ ᠳᠤ ᠬᠠᠮᠵᠢᠯᠴᠠᠨ᠎ᠠ᠃ ᠬᠤᠲᠠ ᠶᠢᠨ ᠶᠠᠰᠤ ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ ︵ᠠᠷᠪᠠᠨ ᠲᠠᠪᠤ  ︶ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠳᠤ ᠬᠢᠨᠠᠯᠳᠠ ᠳᠠᠯᠪᠢᠨ ᠬᠠᠮᠢᠶᠠᠷᠤᠯᠳᠠ ᠬᠢᠬᠦ ᠰᠠᠯᠠᠭ᠎ᠠ᠃ ᠪᠦᠬᠦ ᠬᠤᠲᠠ ᠶᠢᠨ ᠭᠤᠤᠯᠳᠠᠯᠭ᠎ᠠ ᠲᠠᠢ ᠬᠢᠨᠠᠯᠲᠠ ᠲᠠᠯᠪᠢᠬᠤ ᠦᠶᠯᠡᠳᠬᠦᠨ ᠤ ᠭᠠᠷᠴᠠᠭ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ᠂  ᠲᠦᠭᠰᠢᠭᠦᠷᠢ ᠶᠢ ᠬᠢᠨᠠᠨ ᠡᠵᠡᠮᠳᠡᠬᠦ ᠪᠠ ᠲᠥᠷᠥᠯ ᠬᠤᠪᠢᠶᠠᠨ  ᠬᠢᠨᠠᠯᠳᠠ ᠳᠠᠯᠪᠢᠨ ᠬᠠᠮᠢᠶᠠᠷᠤᠯᠳᠠ ᠬᠢᠬᠦ ᠠᠵᠢᠯ ᠢ ᠡᠭᠦᠷᠭᠡᠯᠡᠨ᠎ᠡ᠃ ᠦᠢᠯᠡᠳᠬᠦᠨ ᠤ ᠶᠠᠰᠤ ᠴᠢᠨᠠᠷ ᠤᠨ ᠠᠵᠢᠯ ᠲᠥᠷᠥᠯ ᠤᠨ ᠴᠢᠨᠠᠷᠲᠠᠶ᠂ ᠲᠤᠰᠬᠠᠶ ᠮᠡᠷᠭᠡᠵᠢᠯ ᠤᠨ ᠴᠢᠨᠠᠷᠲᠠᠶ ᠬᠢᠨᠠᠯᠲᠠ ᠳᠠᠯᠪᠢᠯᠳᠠ ᠶᠢ ᠵᠢᠯᠣᠭᠤᠳᠤᠨ ᠵᠣᠬᠢᠴᠠᠭᠤᠯᠤᠨ᠎ᠠ᠃ ᠬᠤᠰᠢᠭᠤ ᠲᠣᠭᠤᠷᠢᠭ ᠤᠨ ᠵᠣᠬᠢᠶᠠᠨ ᠪᠠᠶᠢᠭᠤᠯᠤᠭᠰᠠᠨ ᠦᠶᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯ ᠢ ᠵᠢᠯᠣᠭᠤᠳᠤᠨ᠎ᠠ᠃ ᠠᠵᠤ ᠦᠢᠯᠡᠳᠪᠦᠷᠢ ᠶᠢᠨ ᠦᠢᠯᠡᠳᠬᠦᠨ ᠢ ᠦᠢᠯᠡᠳᠪᠦᠷᠢᠯᠡᠬᠦ ᠶᠢ ᠵᠥᠪᠰᠢᠶᠡᠷᠡᠬᠦ ᠬᠠᠮᠢᠶᠠᠷᠤᠯᠲᠠ ᠪᠣᠯᠤᠨ ᠢᠳᠡᠭᠡᠨ ᠲᠠᠢ ᠬᠤᠯᠪᠣᠭᠳᠠᠬᠤ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠡᠭᠦᠷᠭᠡᠯᠡᠨ᠎ᠡ᠃ ᠬᠥᠪᠥᠩ ᠵᠡᠷᠭᠡ  ᠰᠢᠬᠢᠷᠯᠢᠭ ᠎ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯ ᠢ ᠡᠭᠦᠷᠭᠡᠯᠡᠨ᠎ᠡ᠃ ︵ᠠᠷᠪᠠᠨ ᠵᠢᠷᠭᠤᠭ᠎ᠠ︶ ᠢᠳᠡᠭᠡᠨ ᠤ ᠠᠮᠤᠷ ᠲᠦᠪᠰᠢᠨ ᠢ ᠵᠣᠬᠢᠴᠠᠭᠤᠯᠬᠤ ᠰᠠᠯᠠᠭ᠎ᠠ᠃ ᠢᠳᠡᠭᠡᠨ ᠤ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠶᠢ ᠠᠬᠢᠭᠤᠯᠬᠤ ᠲᠥᠷᠥ ᠶᠢᠨ ᠪᠣᠳᠣᠯᠭ᠎ᠠ  ᠂ ᠠᠷᠭ᠎ᠠ ᠬᠡᠮᠵᠢᠶ᠎ᠡ ᠶᠢ  ᠲᠤᠭᠤᠷᠪᠢᠨ ᠲᠤᠭᠳᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠢᠳᠡᠭᠡᠨ ᠤ ᠠᠮᠤᠷ ᠲᠦᠪᠰᠢᠨ ᠤ ᠭᠠᠵᠠᠷ ᠣᠷᠣᠨ ᠰᠠᠯᠠᠭ᠎ᠠ ᠮᠥᠴᠢᠷ ᠠᠯᠤᠰᠯᠠᠭᠰᠠᠨ ᠵᠤᠬᠢᠴᠠᠭᠤᠯᠤᠨ ᠬᠤᠯᠪᠤᠭᠠᠯᠠᠨ ᠬᠥᠳᠡᠯᠦᠯᠴᠡᠬᠦ ᠲᠣᠭᠲᠠᠴᠠ ᠵᠡᠷᠭᠡ ᠠᠵᠢᠯ ᠢ ᠡᠭᠦᠷᠭᠡᠯᠡᠨ᠎ᠡ᠃ ᠢᠳᠡᠭᠡᠨ ᠤ ᠠᠮᠤᠷ ᠲᠦᠪᠰᠢᠨ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠲᠥᠯᠥᠪᠯᠡᠭᠡ ᠶᠢ  ᠲᠤᠭᠤᠷᠪᠢᠨ ᠲᠤᠭᠳᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠮᠢᠶ᠎ᠠ ᠪᠥᠬᠦᠶ ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠨ᠎ᠡ᠃ ᠬᠢᠷᠢ ᠲᠡᠩᠴᠡᠬᠦ ᠦᠭᠡᠶ ᠢᠳᠡᠭᠡᠨ ᠢ ᠬᠠᠷᠭᠤᠭᠤᠯᠤᠨ ᠪᠠᠶᠢᠴᠠᠭᠠᠬᠤ᠂ ᠰᠢᠶᠳᠪᠦᠷᠢᠯᠡᠬᠦ᠂ ᠡᠭᠡᠭᠦᠯᠦᠨ ᠠᠪᠴᠢᠷᠠᠬᠤ ᠶᠢ ᠱᠠᠯᠠᠪᠳᠠᠭᠤᠯᠤᠨ ᠵᠢᠯᠤᠭᠤᠳᠤᠨ᠎ᠠ  ᠃ ᠢᠳᠡᠭᠡᠨ ᠤ ᠠᠮᠤᠷ ᠲᠦᠪᠰᠢᠨ ᠤ ᠦᠨᠡᠯᠡᠯᠲᠡ ᠎ ᠶᠢᠨ ᠴᠢᠨᠠᠷᠲᠠᠶ ᠰᠤᠭᠤᠴᠢᠨ ᠪᠠᠶᠢᠴᠠᠭᠠᠬᠤ᠂ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠪᠠ ᠰᠣᠯᠢᠯᠴᠠᠬᠤ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠲᠦᠭᠰᠢᠭᠦᠷᠢ ᠶᠢ ᠬᠢᠨᠠᠨ ᠬᠡᠮᠵᠢᠬᠦ ᠠᠵᠢᠯ ᠢ ᠡᠭᠦᠷᠭᠡᠯᠡᠨ᠎ᠡ᠃ ᠬᠤᠲᠠ ᠶᠢᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ ︵ᠠᠷᠪᠠᠨ ᠳᠣᠯᠤᠭ᠎ᠠ︶ ᠢᠳᠡᠭᠡᠨ ᠤ ᠦᠢᠯᠡᠳᠪᠦᠷᠢᠯᠡᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ᠃ ᠦᠶᠯᠡᠳᠪᠦᠷᠢᠯᠡᠯ ᠤᠨ ᠬᠦᠷᠢᠶ᠎ᠡ ᠴᠠᠷᠠᠭᠠᠨ ᠳᠠᠬᠢ ᠢᠳᠡᠭᠡᠨ ᠤ ᠠᠮᠤᠷ ᠲᠦᠪᠰᠢᠨ ᠤ ᠪᠠᠶᠢᠳᠠᠯ ᠢ ᠵᠠᠳᠠᠯᠤᠨ ᠡᠵᠡᠮᠰᠢᠵᠦ᠂ ᠢᠳᠡᠭᠡᠨ ᠤ ᠦᠶᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠪᠠ ᠢᠳᠡᠭᠡᠨ ᠦᠶᠯᠡᠳᠪᠦᠷᠢᠯᠡᠭᠴᠢᠳ ᠤᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠳᠦᠷᠢᠮ ᠤᠨ ᠠᠷᠭ᠎ᠠ ᠬᠡᠮᠵᠢᠶ᠎ᠡ ᠶᠢ ᠲᠤᠭᠤᠷᠪᠢᠨ ᠲᠤᠭᠳᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠬᠦᠯᠦᠨ᠎ᠡ᠃ ᠢᠳᠡᠭᠡᠨ ᠤ ᠦᠶᠯᠡᠳᠪᠦᠷᠢᠯᠡᠯ ᠤᠨ ᠵᠥᠪᠰᠢᠶᠡᠷᠡᠯ ᠤᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠤ ᠠᠬᠤᠶᠢᠯᠠᠯ ᠎ ᠢ ᠵᠢᠯᠣᠭᠤᠳᠤᠨ ᠢᠳᠡᠭᠡᠨ ᠤ  ᠠᠮᠤᠷ ᠲᠦᠪᠰᠢᠨ ᠢ ᠨᠡᠬᠡᠮᠵᠢᠯᠡᠵᠦ ᠪᠣᠯᠬᠤ  ᠲᠤᠭᠳᠠᠯᠴᠠᠭ᠎ᠠ ᠶᠢ ᠪᠠᠶᠢᠭᠤᠯᠤᠨ  ᠪᠦᠷᠢᠨᠰᠢᠭᠦᠯᠦᠨ᠎ᠡ  ᠃ ︵ᠠᠷᠪᠠᠨ ᠨᠠᠢᠮᠠ︶ ᠢᠳᠡᠭᠡᠨ ᠤ ᠭᠦᠢᠯᠭᠡᠭᠡᠨ ᠤ ᠠᠮᠤᠷ ᠲᠦᠪᠰᠢᠨ ᠳᠤ ᠬᠢᠨᠠᠯᠳᠠ ᠳᠠᠯᠪᠢᠨ ᠬᠠᠮᠢᠶᠠᠷᠤᠯᠳᠠ ᠬᠢᠬᠦ ᠰᠠᠯᠠᠭ᠎ᠠ᠃ ᠭᠦᠶᠯᠭᠡᠭᠡᠨ ᠤ  ᠬᠦᠷᠢᠶ᠎ᠡ ᠴᠠᠷᠠᠭᠠᠨ ᠎ ᠳᠠᠬᠢ ᠢᠳᠡᠭᠡᠨ ᠤ  ᠠᠮᠤᠷ ᠲᠦᠪᠰᠢᠨ ᠤ ᠪᠠᠶᠢᠳᠠᠯ ᠢ ᠵᠠᠳᠠᠯᠤᠨ ᠡᠵᠡᠮᠰᠢᠵᠦ᠂ ᠢᠳᠡᠭᠡᠨ ᠤ ᠭᠦᠢᠯᠭᠡᠭᠡ᠂ ᠵᠠᠬ᠎ᠠ ᠳᠡᠯᠭᠡᠭᠦᠷ ᠤᠨ ᠮᠠᠯ ᠤᠨ ᠠᠰᠢᠭ ᠰᠢᠮ᠎ᠡ᠂ ᠲᠠᠷᠢᠶᠠᠯᠠᠩ ᠤᠨ ᠪᠦᠲᠦᠭᠡᠭᠳᠡᠬᠦᠨ ᠤ ᠪᠤᠷᠤᠯᠠᠭᠤᠯᠭ᠎ᠠ ᠳᠤ ᠬᠢᠨᠠᠯᠲᠠ ᠲᠠᠯᠪᠢᠵᠤ ᠬᠠᠮᠢᠶᠠᠷᠬᠤ ᠪᠠ ᠢᠳᠡᠭᠡᠨ ᠡᠵᠡᠩᠨᠡᠭᠴᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠎ ᠪᠠᠨ ᠨᠠᠶᠢᠳᠠᠪᠤᠷᠢᠵᠢᠭᠤᠯᠬᠤ ᠳᠦᠷᠢᠮ ᠠᠷᠭ᠎ᠠ  ᠶᠢ ᠲᠤᠭᠤᠷᠪᠢᠨ ᠲᠣᠭᠲᠠᠭᠠᠵᠤ᠂ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠶᠠᠪᠤᠭᠳᠠᠭᠤᠯᠬᠤ ᠎ ᠶᠢᠨ ᠬᠠᠮᠲᠤ ᠵᠢᠯᠣᠭᠤᠳᠤᠨ  ᠥᠷᠨᠢᠭᠦᠯᠦᠨ᠎ᠡ  ᠃ ︵ᠠᠷᠪᠠ ᠶᠢᠰᠦ︶ ᠢᠳᠡᠭᠡᠨ ᠤᠮᠳᠠᠭᠠᠨ ᠤ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ᠃ ᠢᠳᠡᠭᠡᠨ ᠤᠮᠳᠠᠭᠠᠨ ᠤ ᠦᠢᠯᠡᠴᠢᠯᠡᠭᠡᠨ ᠤ ᠬᠤᠭᠤᠴᠠᠭᠠᠨ ᠎ ᠤ ᠢᠳᠡᠭᠡᠨ ᠤ ᠠᠮᠤᠷ ᠲᠦᠪᠰᠢᠨ ᠤ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠤᠨ ᠡᠵᠡᠮᠰᠢᠬᠦ ᠶᠢᠨ ᠬᠠᠮᠲᠤ ᠰᠠᠨᠠᠭᠤᠯᠭ᠎ᠠ ᠳᠤᠷᠠᠳᠤᠨ᠎ᠠ᠃ ᠢᠳᠡᠭᠡᠨ ᠤᠮᠳᠠᠭᠠᠨ ᠤ ᠦᠢᠯᠡᠴᠢᠯᠡᠭᠡᠨ ᠤ ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ ᠪᠣᠯᠤᠨ ᠢᠳᠡᠭᠡᠨ ᠤᠮᠳᠠᠭᠠᠨ ᠤ ᠦᠢᠯᠡᠴᠢᠯᠡᠭᠡ ᠬᠠᠩᠭᠠᠭᠴᠢᠳ ᠤᠨ ᠭᠤᠣᠯ ᠴᠣᠭᠴᠠ ᠎ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠦᠷᠢᠮ ᠠᠷᠭ᠎ᠠ ᠬᠡᠮᠵᠢᠶ᠎ᠡ ᠶᠢ  ᠲᠤᠭᠤᠷᠪᠢᠨ ᠲᠤᠭᠳᠠᠭᠠᠵᠤ ᠵᠤᠬᠢᠶᠠᠨ ᠬᠡᠷᠡᠭᠵᠢᠭᠦᠯᠬᠦ ᠶᠢᠨ ᠬᠠᠮᠳᠣ᠂ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠵᠢᠯᠤᠭᠤᠳᠤᠨ ᠦᠷᠨᠢᠭᠦᠯᠦᠨ᠎ᠡ᠃ ᠢᠳᠡᠭᠡᠨ ᠤᠮᠳᠠᠭᠠᠨ ᠤ ᠶᠠᠰᠤ ᠴᠢᠨᠠᠷ ᠤᠨ ᠠᠮᠤᠷ ᠲᠦᠪᠰᠢᠨ ᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠴᠢᠬᠤᠯᠠ ᠶᠡᠭᠡ ᠠᠵᠢᠯᠯᠠᠭ᠎ᠠ ᠶᠢᠨ ᠢᠳᠡᠭᠡᠨ ᠤ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠵᠢᠯᠣᠭᠤᠳᠤᠨ᠎ᠠ᠃  ︵ᠬᠤᠷᠢ  ︶ ᠣᠨᠴᠠᠭᠠᠢ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ᠃ ᠡᠷᠡᠭᠦᠯᠵᠢᠯ ᠤᠨ ᠢᠳᠡᠭᠡᠨ᠂ ᠠᠨᠠᠭᠠᠬᠤ ᠤᠬᠠᠭᠠᠨ ᠤ ᠤᠨᠴᠠᠭᠠᠢ ᠬᠡᠷᠡᠭᠴᠡᠭᠡ ᠶᠢᠨ ᠨᠠᠶᠢᠷᠠᠯᠭ᠎ᠠ ᠲᠠᠢ ᠢᠳᠡᠭᠡᠨ ᠪᠣᠯᠤᠨ ᠨᠢᠯᠬ᠎ᠠ ᠬᠡᠦᠬᠡᠳ ᠤᠨ ᠨᠠᠶᠢᠷᠠᠯᠭ᠎ᠠ ᠲᠠᠢ ᠰᠦᠨ ᠲᠠᠯᠬ᠎ᠠ ᠵᠡᠷᠭᠡ ᠤᠨᠴᠠᠭᠠᠢ ᠢᠳᠡᠭᠡᠨ ᠤ  ᠠᠮᠤᠷ ᠲᠦᠪᠰᠢᠨ ᠤ ᠪᠠᠶᠢᠳᠠᠯ ᠢ ᠵᠠᠳᠠᠯᠤᠨ ᠡᠵᠡᠮᠰᠢᠵᠦ᠂  ᠤᠨᠴᠠᠭᠠᠢ ᠢᠳᠡᠭᠡᠨ ᠤ  ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠢᠳᠡᠬᠡᠨ ᠎ ᠤ ᠳᠠᠪᠤᠰᠤ  ᠦᠢᠯᠡᠳᠪᠦᠷᠢᠯᠡᠬᠦ᠂ ᠡᠵᠡᠩᠨᠡᠬᠦ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ᠎ᠠ᠃ ︵ᠬᠤᠷᠢᠨ ᠨᠢᠭᠡ︶ ᠣᠨᠴᠠ ᠲᠥᠷᠥᠯ ᠤᠨ ᠲᠥᠬᠦᠭᠡᠷᠦᠮᠵᠢ ᠶᠢᠨ  ᠠᠮᠤᠷ ᠲᠦᠪᠰᠢᠨ ᠤ ᠬᠢᠨᠠᠨ ᠪᠠᠶᠢᠴᠠᠭᠠᠬᠤ ᠲᠣᠪᠴᠢᠶ᠎ᠠ  ᠃ ᠪᠦᠬᠦ ᠬᠤᠲᠠ ᠶᠢᠨ ᠣᠨᠴᠠ ᠲᠥᠷᠥᠯ ᠎ ᠤᠨ ᠲᠥᠬᠦᠭᠡᠷᠦᠮᠵᠢ ᠶᠢᠨ ᠠᠮᠤᠷ ᠲᠦᠪᠰᠢᠨ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠡᠷᠡᠭᠵᠢᠭᠦᠯᠵᠦ᠂ ᠡᠨᠧᠷᠭᠢ ᠶᠢᠨ ᠬᠤᠷᠣᠭᠳᠠᠯ ᠶᠡᠬᠡᠲᠡᠶ ᠣᠨᠴᠠ ᠲᠥᠷᠥᠯ ᠤᠨ ᠲᠥᠬᠦᠭᠡᠷᠦᠮᠵᠢ ᠶᠢᠨ ᠡᠨᠧᠷᠭᠢ ᠠᠷᠪᠢᠯᠠᠬᠤ ᠪᠠᠷᠢᠮᠵᠢᠶ᠎ᠠ ᠶᠢ ᠬᠡᠷᠡᠭᠵᠢᠭᠦᠯᠵᠦ  ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠨ᠎ᠠ᠃ ᠲᠤᠭᠳᠠᠭᠠᠭᠰᠡᠨ ᠡᠷᠬᠡ  ᠮᠡᠳᠡᠯ ᠤᠨ ᠬᠡᠪᠴᠢᠶ᠎ᠡ ᠶᠣᠰᠣᠭᠠᠷ ᠣᠨᠴᠠ ᠲᠥᠷᠥᠯ ᠤᠨ ᠲᠥᠬᠦᠭᠡᠷᠦᠮᠵᠢ ᠶᠢᠨ ᠠᠳᠡᠯ ᠢ ᠵᠣᠬᠢᠶᠠᠨ ᠪᠠᠶᠢᠭᠤᠯᠤᠨ ᠪᠠᠶᠢᠴᠠᠭᠠᠨ ᠰᠢᠶᠳᠪᠦᠷᠢᠯᠡᠬᠦ ᠶᠢᠨ ᠬᠠᠮᠲᠤ ᠪᠦᠷᠢᠳᠬᠡᠨ ᠵᠠᠳᠠᠯᠤᠯᠲᠠ ᠬᠢᠨ᠎ᠡ᠃ ᠣᠨᠴᠠ ᠲᠥᠷᠥᠯ ᠤᠨ ᠲᠥᠬᠦᠭᠡᠷᠦᠮᠵᠢ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠶᠯᠡᠰ ᠤᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠪᠠ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠠᠵᠢᠯᠳᠠᠨ ᠳᠤ ᠬᠢᠨᠠᠯᠲᠠ ᠲᠠᠯᠪᠢᠵᠤ ᠬᠠᠮᠢᠶᠠᠷᠤᠨ᠎ᠠ᠃ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ  ᠠᠮᠤᠷ ᠲᠦᠪᠰᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠢ ᠠᠬᠢᠭᠤᠯᠬᠤ ᠶᠢᠨ ᠬᠠᠮᠲᠤ ᠳᠡᠯᠭᠡᠷᠡᠭᠦᠯᠦᠨ ᠬᠡᠷᠡᠭᠯᠡᠨ᠎ᠡ᠃ ︵ᠬᠤᠷᠢᠨ ᠬᠤᠶᠠᠷ  ︶ ᠬᠡᠮᠵᠢᠯᠲᠡ ᠶᠢᠨ ᠰᠠᠯᠠᠭ᠎ᠠ  ᠃ ᠬᠠᠤᠯᠢ ᠪᠠᠷ ᠲᠣᠭᠲᠠᠭᠠᠭᠰᠠᠨ ᠬᠡᠮᠵᠢᠯᠲᠡ ᠶᠢᠨ ᠨᠢᠭᠡᠴᠢ ᠪᠠ ᠤᠯᠤᠰ ᠤᠨ ᠬᠡᠮᠵᠢᠯᠲᠡ ᠶᠢᠨ ᠳᠦᠷᠢᠮ ᠢ ᠬᠡᠷᠡᠭᠵᠢᠭᠦᠯᠵᠦ᠂ ᠬᠡᠮᠵᠢᠯᠲᠡ ᠶᠢᠨ ᠪᠠᠷᠢᠮᠵᠢᠶ᠎ᠠ᠂ ᠬᠡᠮᠵᠢᠯᠲᠡ ᠶᠢᠨ ᠪᠠᠷᠢᠮᠵᠢᠶᠠᠲᠤ ᠪᠣᠳᠠᠰ ᠪᠠ ᠬᠡᠮᠵᠢᠯᠲᠡ ᠶᠢᠨ ᠪᠠᠭᠠᠵᠢ ᠬᠡᠷᠡᠭᠰᠡᠯ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠬᠡᠮᠵᠢᠭᠳᠡᠯ ᠳᠠᠮᠵᠢᠭᠤᠯᠬᠤ ᠡᠬᠢ ᠰᠤᠷᠪᠤᠯᠵᠢ ᠶᠢ ᠡᠷᠢᠬᠦ ᠪᠠ ᠬᠡᠮᠵᠢᠯᠲᠡ ᠶᠢ ᠬᠠᠷᠢᠴᠠᠭᠤᠯᠬᠤ ᠠᠵᠢᠯ ᠢ ᠵᠣᠬᠢᠶᠠᠨ ᠪᠠᠶᠢᠭᠤᠯᠤᠨ᠎ᠠ᠃ ᠪᠦᠬᠦ ᠬᠤᠲᠠ ᠶᠢᠨ ᠬᠡᠮᠵᠢᠯᠲᠡ ᠶᠢᠨ ᠮᠡᠷᠭᠡᠵᠢᠯ ᠤᠨ ᠵᠢᠷᠤᠮᠵᠢᠯ ‍ᠤᠨ‌‍ᠰᠢᠰᠲ᠋ᠧᠮ ᠢ ᠪᠠᠶᠢᠭᠤᠯᠬᠤ ᠵᠢᠴᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠢ ᠡᠭᠦᠷᠭᠡᠯᠡᠨ᠎ᠡ᠃ ᠬᠡᠮᠵᠢᠯᠲᠡ ᠶᠢᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠲᠠᠸᠠᠷ ᠤᠨ ᠬᠡᠮᠵᠢᠶ᠎ᠡ᠂ ᠵᠠᠬ᠎ᠠ ᠳᠡᠯᠭᠡᠭᠦᠷ ᠤᠨ ᠬᠡᠮᠵᠢᠯᠲᠡ ᠶᠢᠨ ᠠᠵᠢᠯᠯᠠᠭ᠎ᠠ᠂ ᠬᠡᠮᠵᠢᠯᠲᠡ ᠶᠢᠨ ᠬᠥᠨᠳᠡᠯᠡᠨ ᠠᠴᠠ ᠲᠠᠰᠤᠯᠬᠤ ᠶᠢ ᠰᠢᠯᠭᠠᠨ ᠲᠣᠭᠲᠠᠭᠠᠬᠤ ᠪᠠ ᠬᠡᠮᠵᠢᠯᠲᠡ ᠶᠢᠨ ᠮᠡᠷᠭᠡᠵᠢᠯ ᠤᠨ ᠪᠠᠶᠢᠭᠤᠯᠤᠮᠵᠢ ᠵᠢᠴᠢ ᠠᠵᠢᠯᠲᠠᠨ ᠢ ᠬᠢᠨᠠᠨ ᠬᠠᠮᠢᠶᠠᠷᠬᠤ ᠠᠵᠢᠯ ᠢ ᠡᠭᠦᠷᠭᠡᠯᠡᠨ᠎ᠡ᠃ ᠬᠡᠮᠵᠢᠯᠲᠡ ᠶᠢᠨ ᠲᠤᠭ᠎ᠠ ᠪᠠᠷᠢᠮᠲᠠ ᠶᠢᠨ ᠬᠡᠷᠡᠭᠯᠡᠯᠲᠡ ᠶᠢ ᠵᠢᠷᠤᠮᠵᠢᠭᠤᠯᠤᠨ᠎ᠠ᠃ ︵ᠬᠤᠷᠢᠨ ᠭᠤᠷᠪᠠ︶  ᠪᠠᠷᠢᠮᠵᠢᠶᠠᠵᠢᠭᠤᠯᠬᠤ ᠰᠠᠯᠠᠭ᠎ᠠ᠃ ᠪᠠᠷᠢᠮᠵᠢᠶᠠᠵᠢᠭᠤᠯᠬᠤ ᠠᠵᠢᠯ ᠢ ᠨᠢᠭᠡᠳᠦᠯᠲᠡᠶ ᠬᠠᠮᠢᠶᠠᠷᠬᠤ ᠶᠢ ᠬᠠᠷᠢᠭᠤᠴᠠᠨ᠎ᠠ᠃ ᠣᠷᠣᠨ ᠨᠤᠲᠤᠭ ᠤᠨ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠣᠭᠲᠠᠭᠠᠬᠤ᠂ ᠳ᠋ᠤᠭᠠᠷᠯᠠᠬᠤ᠂ ᠨᠡᠶᠢᠲᠡᠯᠡᠬᠦ᠂ ᠬᠢᠨᠠᠯᠲᠠ ᠲᠠᠯᠪᠢᠬᠤ ᠵᠡᠷᠭᠡ ᠠᠵᠢᠯ ᠢ ᠡᠭᠦᠷᠭᠡᠯᠡᠨ᠎ᠡ᠃ ᠡᠯ᠎ᠡ ᠠᠵᠢᠯ ᠲᠥᠷᠥᠯ ᠡᠯ᠎ᠡ ᠬᠦᠷᠢᠶ᠎ᠡ ᠴᠠᠷᠠᠭ᠎ᠠ ᠶᠢᠨ ᠣᠷᠣᠨ ᠨᠤᠲᠤᠭ ᠤᠨ ᠪᠠᠷᠢᠮᠵᠢᠶ᠎ᠠ ᠶᠢ ᠰᠤᠳᠤᠯᠤᠨ ᠲᠣᠭᠲᠠᠭᠠᠬᠤ ᠳᠤ ᠣᠷᠣᠯᠴᠠᠬᠤ ᠶᠢ ᠠᠬᠢᠭᠤᠯᠤᠨ᠎ᠠ᠃ ᠪᠠᠷᠢᠮᠵᠢᠶ᠎ᠠ ᠶᠢ ᠬᠡᠷᠡᠭᠵᠢᠭᠦᠯᠵᠦ ᠬᠠᠷᠢᠭᠤ ᠲᠤᠰᠬᠠᠬᠤ ᠪᠠ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠠᠷᠢᠮᠵᠢᠶᠠᠵᠢᠭᠤᠯᠤᠯᠲᠠ ᠶᠢᠨ ᠲᠤᠷᠰᠢᠯᠲᠠ ᠴᠡᠭ ᠤᠨ ᠵᠢᠱᠢᠶ᠎ᠡ ᠦᠵᠡᠭᠦᠯᠬᠦ ᠠᠵᠢᠯ ᠢ ᠠᠬᠢᠭᠤᠯᠤᠨ᠎ᠠ᠃ ᠲᠠᠸᠠᠷ ᠤᠨ ᠲᠡᠮᠳᠡᠭ ᠤᠨ ᠠᠵᠢᠯ ᠢ ᠡᠭᠦᠷᠭᠡᠯᠡᠨ᠎ᠡ᠃ ᠪᠠᠷᠢᠮᠵᠢᠶᠠᠵᠢᠭᠤᠯᠤᠨ ᠵᠣᠬᠢᠴᠠᠭᠤᠯᠬᠤ ᠲᠣᠭᠲᠠᠴᠠ ᠶᠢᠨ ᠡᠳᠦᠷ ᠲᠤᠲᠤᠮ ᠎ ᠤᠨ ᠠᠵᠢᠯ ᠢ ᠬᠠᠷᠢᠭᠤᠴᠠᠨ᠎ᠠ᠃︵ᠬᠤᠷᠢᠨ ᠳᠥᠷᠪᠡ︶ ᠭᠡᠷᠡᠴᠢᠯᠡᠵᠦ ᠵᠥᠪᠰᠢᠶᠡᠷᠡᠬᠦ ᠪᠠ  ᠰᠢᠯᠭᠠᠨ ᠪᠠᠶᠢᠴᠠᠭᠠᠵᠤ ᠪᠠᠶᠢᠴᠠᠭᠠᠨ  ᠬᠡᠮᠵᠢᠬᠦ ᠬᠢᠨᠠᠯᠲᠠ ᠬᠠᠮᠢᠶᠠᠷᠤᠯᠲᠠ ᠶᠢᠨ ᠰᠠᠯᠠᠭ᠎ᠠ᠃ ᠰᠠᠶᠢᠨ ᠳᠤᠷ᠎ᠠ ᠎ ᠶᠢᠨ ᠴᠢᠨᠠᠷᠲᠠᠶ ᠭᠡᠷᠡᠴᠢᠯᠡᠭᠡ ᠪᠣᠯᠤᠨ ᠠᠯᠪᠠᠳᠠᠯᠭ᠎ᠠ ᠶᠢᠨ ᠴᠢᠨᠠᠷᠲᠠᠶ ᠦᠶᠯᠡᠳᠬᠦᠨ ᠤ ᠭᠡᠷᠡᠴᠢᠯᠡᠭᠡ ᠬᠢᠬᠦ ᠠᠵᠢᠯ ᠢ ᠬᠢᠨᠠᠨ ᠬᠠᠮᠢᠶᠠᠷᠴᠤ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠬᠡᠮ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠥᠷᠨᠢᠭᠦᠯᠦᠨ᠎ᠡ᠃ ᠭᠡᠷᠡᠴᠢᠯᠡᠵᠦ ᠵᠥᠪᠰᠢᠶᠡᠷᠡᠬᠦ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠠᠵᠢᠯ ᠲᠥᠷᠥᠯ ᠤᠨ ᠬᠥᠭᠵᠢᠯᠲᠡ ᠶᠢ ᠵᠢᠯᠣᠭᠤᠳᠤᠨ᠂  ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠ ᠥᠭᠡᠷᠡᠴᠢᠯᠡᠬᠦ ᠶᠢ  ᠵᠤᠬᠢᠴᠠᠭᠤᠯᠤᠨ᠎ᠠ᠃                                                        ︵ᠬᠤᠷᠢᠨ ᠲᠠᠪᠤ  ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠥᠭᠵᠢᠯᠲᠡ ᠶᠢᠨ ᠰᠠᠯᠠᠭ᠎ᠠ᠃ ᠪᠦᠬᠦ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠎ ᠤ ᠥᠮᠴᠢᠯᠡᠬᠦ ᠡᠷᠬᠡ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠮᠡᠳᠡᠯᠭᠡ ᠎ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠬᠤᠲᠠ ᠪᠠᠨ ᠬᠦᠴᠦᠷᠬᠡᠭᠵᠢᠭᠦᠯᠬᠦ ᠪᠠᠶᠢᠭᠤᠯᠤᠯᠲᠠ ᠶᠢ ᠠᠬᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠶᠯᠡᠴᠢᠯᠡᠭᠡᠨ ᠤ ᠲᠤᠭᠳᠠᠯᠴᠠᠭ᠎ᠠ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠵᠢᠯᠣᠭᠤᠳᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠠᠵᠢᠯ ᠢ ᠡᠭᠦᠷᠭᠡᠯᠡᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠷᠮᠠᠰᠢᠭᠤᠯᠤᠨ ᠱᠠᠩᠨᠠᠬᠤ᠂ ᠡᠭᠦᠳᠦᠨ ᠪᠦᠲᠦᠭᠡᠵᠦ ᠬᠡᠷᠡᠭᠯᠡᠬᠦ ᠬᠠᠮᠢᠶᠠᠷᠤᠯᠲᠠ ᠶᠢᠨ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠵᠤ ᠬᠡᠷᠡᠭᠵᠢᠭᠦᠯᠦᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠵᠠᠳᠠᠯᠤᠨ ᠦᠨᠡᠯᠡᠬᠦ᠂ ᠬᠡᠷᠡᠭᠯᠡᠬᠦ ᠵᠢᠴᠢ ᠪᠠᠷᠢᠮᠵᠢᠶᠠᠵᠢᠭᠤᠯᠬᠤ ᠲᠤᠭᠳᠠᠯᠴᠠᠭ᠎ᠠ ᠶᠢᠨ ᠪᠠᠶᠢᠭᠤᠯᠤᠯᠲᠠ ᠶᠢ ᠡᠭᠦᠷᠭᠡᠯᠡᠨ᠎ᠡ᠃ ᠳᠠᠨᠵᠢᠯᠠᠵᠤ ᠪᠡᠯᠡ  ᠴᠤᠭᠯᠠᠭᠤᠯᠬᠤ  ᠂ ᠳᠠᠯᠳᠠ ᠬᠥᠷᠥᠩᠭᠡ ᠶᠢ ᠦᠨᠡᠯᠡᠨ ᠵᠢᠱᠢᠬᠦ ᠵᠢᠴᠢ ᠬᠤᠰᠢᠭᠤ ᠲᠣᠭᠤᠷᠢᠭ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠢ ᠵᠣᠬᠢᠴᠠᠭᠤᠯᠤᠨ ᠵᠢᠯᠣᠭᠤᠳᠴᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠲᠥᠷᠥᠯ ᠤᠨ ᠵᠣᠬᠢᠶᠠᠨ ᠪᠠᠶᠢᠭᠤᠯᠤᠯᠳᠠ ᠶᠢᠨ ᠠᠵᠢᠯ ᠢ  ᠵᠢᠯᠤᠭᠤᠳᠤᠨ᠎ᠠ᠃ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠨᠠᠶᠢᠳᠠᠯᠭ᠎ᠠ ᠪᠠᠷ᠂ ᠲᠠᠸᠠᠷ ᠤᠨ ᠲᠡᠮᠳᠡᠭ ᠢ ᠳᠠᠩᠰᠠᠯᠠᠬᠤ ᠪᠠ ᠲᠠᠸᠠᠷ ᠤᠨ ᠲᠡᠮᠳᠡᠭ ᠤᠨ ᠳᠠᠨᠵᠢᠯᠠᠬᠤ ᠡᠷᠬᠡ ᠎ ᠶᠢ ᠳᠠᠩᠰᠠᠯᠠᠬᠤ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ︵ᠬᠤᠷᠢᠨ ᠵᠢᠷᠭᠤᠭ᠎ᠠ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠰᠠᠯᠠᠭ᠎ᠠ  ᠃ ᠲᠠᠸᠠᠷ ᠤᠨ ᠳᠡᠮᠳᠡᠭ ᠪᠠ ᠲᠤᠰᠬᠠᠢ ᠠᠰᠢᠭ ᠤᠨ ᠬᠠᠮᠠᠭᠠᠯᠠᠯᠲᠠ ᠶᠢᠨ  ᠬᠠᠮᠢᠶ᠎ᠠ ᠪᠦᠬᠦᠢ ᠲᠦᠷᠦ ᠶᠢᠨ ᠪᠤᠳᠤᠯᠭ᠎ᠠ᠂ ᠲᠦᠷᠢᠮ ᠢ ᠲᠤᠭᠤᠷᠪᠢᠨ ᠲᠣᠭᠲᠠᠭᠠᠨ᠎ᠠ᠃ ᠰᠢᠨ᠎ᠡ ᠬᠦᠷᠢᠶ᠎ᠡ ᠴᠠᠷᠠᠭ᠎ᠠ᠂ ᠰᠢᠨ᠎ᠡ ᠡᠵᠡᠩᠨᠡᠯᠲᠡ ᠶᠢᠨ ᠬᠡᠯᠪᠡᠷᠢ᠂ ᠰᠢᠨ᠎ᠡ ᠵᠠᠭᠪᠤᠷ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ᠂ ᠬᠠᠮᠢᠶᠠᠷᠤᠯᠲᠠ ᠪᠠ ᠦᠢᠯᠡᠴᠢᠯᠡᠭᠡ ᠶᠢ ᠵᠣᠷᠢᠭᠵᠢᠭᠤᠯᠬᠤ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠵᠤ ᠬᠡᠷᠡᠭᠵᠢᠭᠦᠯᠦᠨ᠎ᠡ᠃ ᠣᠬ ᠭᠠᠷᠤᠯᠲᠠ ᠶᠢᠨ ᠭᠠᠵᠠᠷ ᠤᠨ ᠭᠠᠵᠠᠷ ᠵᠦᠢ ᠶᠢᠨ ᠲᠡᠮᠳᠡᠭ ᠵᠡᠷᠭᠡ ᠠᠯᠪᠠᠨ ᠤ ᠲᠠᠯ᠎ᠠ ᠶᠢᠨ ᠬᠠᠮᠠᠭᠠᠯᠠᠯᠲᠠ ᠶᠢ ᠡᠭᠦᠷᠭᠡᠯᠡᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠠᠷᠭᠤᠭᠠᠨ ᠢ ᠰᠢᠢᠳᠪᠦᠷᠢᠯᠡᠬᠦ᠂ ᠡᠷᠬᠡ ᠪᠠᠨ ᠬᠠᠮᠠᠭᠠᠯᠠᠬᠤ ᠎ ᠳᠤ ᠲᠤᠰᠠᠯᠠᠮᠵᠢ ᠦᠵᠡᠭᠦᠯᠬᠦ ᠪᠠ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠵᠡᠷᠭᠡ ᠠᠵᠢᠯ ᠢ ᠵᠢᠯᠣᠭᠤᠳᠤᠨ᠎ᠠ᠃ ᠲᠠᠸᠠᠷ ᠤᠨ ᠲᠡᠮᠳᠡᠭ ᠤᠨ ᠲᠤᠰᠬᠠᠶ ᠠᠰᠢᠭ ᠎ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠪᠠ ᠬᠤᠳᠠᠯ ᠬᠠᠭᠤᠷᠮᠠᠭ ᠴᠢᠨᠠᠷ ᠮᠠᠭᠤ ᠲᠠᠸᠠᠷ ᠦᠶᠯᠡᠳᠴᠦ ᠪᠣᠷᠣᠯᠠᠭᠤᠯᠤᠭᠰᠠᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠵᠢᠯᠣᠭᠤᠳᠴᠤ ᠪᠠᠶᠢᠴᠠᠭᠠᠨ ᠰᠢᠶᠳᠪᠦᠷᠢᠯᠡᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠶᠯᠡᠴᠢᠯᠡᠭᠡᠨ ᠤ ᠪᠠᠶᠢᠭᠤᠯᠤᠮᠵᠢ ᠶᠢ ᠬᠢᠨᠠᠨ ᠬᠠᠮᠢᠶᠠᠷᠴᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ  ᠲᠤᠭᠳᠠᠯᠴᠠᠭ᠎ᠠ ᠪᠠ ᠬᠠᠤᠯᠢ ᠬᠡᠷᠡᠭᠵᠢᠭᠦᠯᠵᠦ ᠬᠠᠮᠵᠢᠯᠴᠠᠬᠤ ᠲᠣᠭᠲᠠᠴᠠ ᠶᠢᠨ ᠪᠠᠶᠢᠭᠤᠯᠤᠯᠲᠠ ᠶᠢ  ᠠᠬᠢᠭᠤᠯᠤᠨ᠎ᠠ᠃ ︵ᠬᠤᠷᠢᠨ ᠳᠣᠯᠤᠭ᠎ᠠ  ︶ ᠡᠮ ᠤᠨ ᠵᠦᠶᠯ ᠤᠨ ᠳᠠᠩᠰᠠᠯᠠᠭᠤᠯᠵᠤ ᠦᠶᠯᠡᠳᠪᠦᠷᠢᠯᠡᠬᠦ ᠶᠢ ᠬᠢᠨᠠᠨ ᠬᠠᠮᠢᠶᠠᠷᠬᠤ ᠰᠠᠯᠠᠭ᠎ᠠ  ︵ᠮᠣᠩᠭᠤᠯ ᠬᠢᠲᠠᠳ ᠡᠮ ᠤᠨ ᠬᠢᠨᠠᠨ ᠬᠠᠮᠢᠶᠠᠷᠤᠯᠲᠠ ᠶᠢᠨ ᠰᠠᠯᠠᠭ᠎ᠠ  ︶᠃ ᠡᠮ ᠤᠨ ᠵᠦᠶᠯ ᠤᠨ ᠦᠶᠯᠡᠳᠪᠦᠷᠢᠯᠡᠯ ᠤᠨ ᠠᠶᠤᠯ ᠦᠭᠡᠶ ᠶᠢᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠢ ᠡᠵᠡᠮᠰᠢᠨ ᠵᠠᠳᠠᠯᠬᠤ ᠶᠢᠨ ᠬᠠᠮᠲᠤ ᠠᠵᠢᠯ ᠤᠨ ᠰᠠᠨᠠᠭᠤᠯᠭ᠎ᠠ ᠳᠤᠷᠠᠳᠤᠨ᠎ᠠ᠃ ᠡᠮ ᠤᠨ ᠵᠦᠶᠯ ᠤᠨ ᠦᠶᠯᠡᠳᠪᠦᠷᠢᠯᠡᠯ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠠᠩᠬᠠᠨ ᠤ ᠬᠢᠨᠠᠯᠲᠠ ᠶᠢᠨ ᠬᠠᠮᠢᠶ᠎ᠠ ᠪᠥᠬᠦᠶ ᠠᠵᠢᠯ ᠢ ᠵᠢᠯᠣᠭᠤᠳᠤᠨ᠎ᠠ᠃ ᠪᠦᠬᠦ ᠬᠤᠲᠠ ᠶᠢᠨ ᠬᠡᠪᠴᠢᠶᠡᠨ ᠳᠠᠬᠢ ᠡᠮᠴᠢᠯᠡᠭᠡᠨ ᠤ ᠪᠠᠶᠢᠭᠤᠯᠤᠮᠵᠢ ᠶᠢᠨ ᠮᠣᠩᠭᠤᠯ ᠡᠮ ᠢ ᠲᠣᠬᠢᠷᠠᠭᠤᠯᠤᠨ ᠬᠡᠷᠡᠭᠯᠡᠬᠦ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠬᠢᠲᠠᠳ ᠡᠮ ᠤᠨ ᠲᠥᠷᠥᠯ ᠵᠦᠢᠯ ᠢ ᠬᠠᠮᠠᠭᠠᠯᠠᠬᠤ ᠳᠦᠷᠢᠮ ᠢ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠮᠣᠩᠭᠤᠯ ᠡᠮ ᠢ ᠰᠣᠳᠣᠯᠣᠨ ᠦᠢᠯᠡᠳᠬᠦ᠂ ᠦᠢᠯᠡᠳᠪᠤᠷᠢᠯᠡᠬᠦ᠂ ᠭᠦᠶᠯᠭᠡᠭᠡᠬᠦ ᠪᠠ ᠬᠡᠷᠡᠭᠯᠡᠬᠦ ᠡᠯ᠎ᠡ  ᠭᠤᠭᠴᠤᠭ᠎ᠠ ᠎ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ ᠤ ᠦᠨᠳᠦᠰᠦᠨ ᠡᠮ ᠤᠨ ᠨᠡᠮᠡᠵᠦ ᠨᠦᠭᠦᠪᠦᠷᠢᠯᠡᠬᠦ ᠭᠠᠷᠴᠠᠭ ᠢ ᠲᠣᠭᠲᠠᠭᠠᠬᠤ ᠳᠤ ᠣᠷᠣᠯᠴᠠᠨ᠎ᠠ᠃ ᠡᠮ ᠤᠨ ᠵᠦᠢᠯ ᠤᠨ ᠦᠢᠯᠡᠳᠪᠦᠷᠢᠯᠡᠯ᠂ ᠡᠮᠴᠢᠯᠡᠭᠡᠨ ᠤ ᠪᠠᠶᠢᠭᠤᠯᠤᠮᠵᠢ ᠶᠢᠨ ᠨᠠᠶᠢᠷᠠᠯᠳᠠ ᠵᠡᠷᠭᠡ ᠶᠠᠰᠤ ᠴᠢᠨᠠᠷ ᠤᠨ ᠬᠠᠮᠢᠶᠠᠷᠤᠯᠲᠠ ᠎ ᠶᠢᠨ ᠵᠢᠷᠤᠮᠵᠢᠯ ᠢ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠡᠮ ᠤᠨ ᠵᠦᠶᠯ ᠤᠨ ᠦᠶᠯᠡᠳᠪᠦᠷᠢᠯᠡᠯ ᠤᠨ ᠠᠵᠤ ᠠᠬᠤᠶᠢᠯᠠᠯ ᠤᠨ ᠶᠠᠰᠤ ᠴᠢᠨᠠᠷ ᠤᠨ ᠡᠷᠬᠡ ᠣᠯᠭᠤᠯᠲᠠ ᠎ ᠳᠤ ᠬᠤᠪᠢᠷᠠᠯᠲᠠ ᠭᠠᠷᠤᠭᠰᠠᠨ ᠡᠮ ᠤᠨ ᠵᠦᠶᠯ ᠤᠨ ᠦᠶᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠳᠠᠩᠰᠠᠯᠠᠬᠤ ᠬᠠᠮᠢᠶ᠎ᠠ ᠪᠥᠬᠦᠶ ᠠᠵᠢᠯ ᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ ᠤ ᠡᠮ ᠤᠨ ᠵᠦᠶᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢ ᠬᠠᠪᠰᠤᠷᠤᠨ ᠡᠮ ᠤᠨ ᠵᠦᠶᠯ ᠤᠨ ᠦᠶᠯᠡᠳᠪᠦᠷᠢᠯᠡᠯ᠂ ᠡᠮᠴᠢᠯᠡᠭᠡᠨ ᠤ ᠪᠠᠶᠢᠭᠤᠯᠤᠮᠵᠢ ᠶᠢᠨ ᠡᠮ ᠨᠠᠶᠢᠷᠠᠭᠤᠯᠵᠤ ᠦᠶᠯᠡᠳᠬᠦ᠂ ᠡᠮᠴᠢᠯᠡᠭᠡᠨ ᠤ ᠪᠠᠶᠢᠭᠤᠯᠤᠮᠵᠢ ᠶᠢᠨ ᠰᠠᠴᠤᠷᠠᠭ ᠴᠢᠨᠠᠷᠲᠠᠶ ᠡᠮ ᠤᠨ ᠵᠦᠶᠯ ᠢ ᠬᠡᠷᠡᠭᠯᠡᠬᠦ ᠳᠤ ᠬᠢᠨᠠᠯᠲᠠ ᠲᠠᠯᠪᠢᠵᠤ ᠬᠠᠮᠢᠶᠠᠷᠤᠨ᠎ᠠ᠃ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢ ᠬᠠᠪᠰᠤᠷᠤᠨ ᠡᠮᠴᠢᠯᠡᠭᠡᠨ ᠎ ᠳᠤ ᠬᠡᠷᠡᠭᠯᠡᠬᠦ ᠬᠤᠣᠷᠲᠤ ᠴᠢᠨᠠᠷᠲᠠᠶ ᠡᠮ ᠤᠨ ᠵᠦᠢᠯ᠂ ᠮᠢᠨᠴᠦᠭᠦᠷᠡᠭᠦᠯᠬᠦ ᠡᠮ ᠤᠨ ᠵᠦᠢᠯ᠂ ᠮᠡᠳᠡᠷᠡᠯ ᠤᠨ ᠡᠮ ᠤᠨ ᠵᠦᠢᠯ᠂ ᠰᠠᠴᠤᠷᠠᠭ ᠴᠢᠨᠠᠷᠲᠠᠶ ᠡᠮ ᠤᠨ ᠵᠦᠢᠯ ᠪᠣᠯᠤᠨ ᠡᠮ ᠤᠨ ᠵᠦᠢᠯ ᠤᠨ ᠲᠥᠷᠥᠯ ᠤᠨ ᠬᠢᠯᠪᠠᠷᠬᠠᠨ ᠬᠤᠣᠷ ᠦᠢᠯᠡᠳᠬᠦ ᠬᠢᠮᠢ ᠶᠢᠨ ᠵᠦᠢᠯ ᠤᠨ ᠦᠢᠯᠡᠳᠪᠦᠷᠢᠯᠡᠯ ᠢ ᠬᠢᠨᠠᠨ ᠬᠠᠮᠢᠶᠠᠷᠤᠨ᠎ᠠ᠃ ᠦᠶᠯᠡᠳᠪᠦᠷᠢᠯᠡᠯ ᠤᠨ ᠭᠤᠭᠴᠤᠭ᠎ᠠ ᠳᠤ  ᠤᠯᠤᠰ ᠤᠨ ᠦᠨᠳᠦᠰᠦᠨ ᠡᠮ ᠤᠨ ᠳᠦᠷᠢᠮ ᠢ ᠬᠠᠮᠵᠢᠯᠴᠠᠨ ᠬᠡᠷᠡᠭᠵᠢᠭᠦᠯᠦᠨ᠎ᠡ᠃ ᠦᠶᠯᠡᠳᠪᠦᠷᠢᠯᠡᠯ ᠤᠨ  ᠭᠤᠭᠴᠤᠭ᠎ᠠ ᠶᠢᠨ ᠡᠮ ᠤᠨ ᠵᠦᠶᠯ ᠤᠨ ᠮᠠᠭᠤ ᠦᠢᠯᠡᠳᠦᠯ ᠢ ᠬᠢᠨᠠᠨ ᠬᠡᠮᠵᠢᠬᠦ ᠠᠵᠢᠯ ᠢ ᠥᠷᠨᠢᠭᠦᠯᠬᠦ ᠶᠢ ᠵᠢᠯᠣᠭᠤᠳᠤᠨ᠎ᠠ᠃ ᠬᠤᠲᠠ ᠶᠢᠨ ᠬᠤᠤᠷ ᠴᠠᠭᠠᠵᠠᠯᠠᠬᠤ  ᠵᠦᠪᠯᠡᠯ ᠤᠨ ᠪᠦᠷᠢᠯᠳᠦᠬᠦᠨ ᠨᠢᠭᠡᠴᠡ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠭᠦ ᠶᠢ ᠬᠠᠷᠢᠭᠤᠴᠠᠨ᠎ᠠ᠃ ︵ᠬᠤᠷᠢᠨ ᠨᠠᠶᠮᠠ︶ ᠡᠮ ᠤᠨ ᠵᠦᠶᠯ ᠤᠨ ᠭᠦᠢᠯᠭᠡᠭᠡ ᠶᠢ ᠬᠢᠨᠠᠨ ᠬᠠᠮᠢᠶᠠᠷᠬᠤ ᠰᠠᠯᠠᠭ᠎ᠠ᠃ ᠡᠮ ᠤᠨ ᠵᠦᠶᠯ ᠤᠨ ᠵᠢᠵᠢᠭᠯᠡᠨ ᠬᠤᠳᠠᠯᠳᠤᠬᠤ ᠡᠵᠡᠩᠨᠡᠯᠲᠡ ᠶᠢᠨ ᠵᠥᠪᠰᠢᠶᠡᠷᠡᠯ ᠤᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠡᠮ ᠤᠨ ᠵᠦᠢᠯ ᠤᠨ ᠡᠵᠡᠩᠨᠡᠯᠲᠡ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠢ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠡᠮ ᠤᠨ ᠵᠦᠶᠯ ᠤᠨ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠨ ᠡᠮ ᠤᠨ ᠵᠦᠶᠯ ᠤᠨ ᠶᠠᠰᠤ ᠴᠢᠨᠠᠷ ᠤᠨ ᠡᠵᠡᠩᠨᠡᠯᠲᠡ ᠬᠠᠮᠢᠶᠠᠷᠤᠯᠲᠠ ᠶᠢᠨ ᠵᠢᠷᠤᠮᠵᠢᠭᠰᠠᠨ ᠭᠡᠷᠡᠴᠢᠯᠡᠭᠡ ᠬᠢᠬᠦ ᠶᠢ ᠬᠠᠷᠢᠭᠤᠴᠠᠨ᠎ᠠ᠃ ᠡᠮ ᠤᠨ ᠵᠦᠶᠯ ᠤᠨ ᠵᠢᠵᠢᠭᠯᠡᠨ ᠬᠤᠳᠠᠯᠳᠤᠬᠤ ᠭᠤᠭᠴᠤᠭ᠎ᠠ ᠪᠣᠯᠤᠨ ᠬᠡᠷᠡᠭᠯᠡᠬᠦ ᠭᠤᠭᠴᠤᠭ᠎ᠠ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠨ᠎ᠠ᠃ ᠡᠮᠴᠢᠯᠡᠭᠡᠨ ᠳᠤ ᠬᠡᠷᠡᠭᠯᠡᠬᠦ ᠬᠤᠣᠷᠲᠤ ᠴᠢᠨᠠᠷᠲᠠᠶ ᠡᠮ ᠤᠨ ᠵᠦᠢᠯ᠂ ᠮᠢᠨᠴᠦᠭᠦᠷᠡᠭᠦᠯᠬᠦ ᠡᠮ ᠎ ᠤᠨ ᠵᠦᠢᠯ᠂ ᠮᠡᠳᠡᠷᠡᠯ ᠤᠨ ᠡᠮ ᠤᠨ ᠵᠦᠢᠯ᠂ ᠰᠠᠴᠤᠷᠠᠭ ᠴᠢᠨᠠᠷᠲᠠᠶ ᠡᠮ ᠤᠨ ᠵᠦᠢᠯ ᠪᠣᠯᠤᠨ ᠡᠮ ᠤᠨ ᠵᠦᠢᠯ ᠤᠨ ᠲᠥᠷᠥᠯ ᠤᠨ ᠬᠢᠯᠪᠠᠷᠬᠠᠨ ᠬᠤᠣᠷ ᠦᠢᠯᠡᠳᠬᠦ ᠬᠢᠮᠢ ᠶᠢᠨ ᠵᠦᠢᠯ ᠤᠨ ᠬᠡᠷᠡᠭᠯᠡᠯᠲᠡ ᠶᠢ ᠬᠢᠨᠠᠨ ᠬᠠᠮᠢᠶᠠᠷᠤᠨ᠎ᠠ᠃ ᠭᠦᠢᠯᠭᠡᠭᠡᠨ ᠤ ᠬᠦᠷᠢᠶ᠎ᠡ ᠴᠠᠷᠠᠭᠠᠨ ᠳᠠᠬᠢ ᠡᠮ ᠤᠨ ᠵᠦᠢᠯ ᠢ ᠲᠥᠷᠥᠯ ᠬᠤᠪᠢᠶᠠᠨ ᠬᠠᠮᠢᠶᠠᠷᠬᠤ ᠠᠵᠢᠯ ᠎ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠬᠤᠲᠠ ᠶᠢᠨ ᠡᠮ ᠤᠨ ᠵᠦᠶᠯ ᠤᠨ ᠰᠦᠯᠵᠢᠶᠡᠨ ᠤ ᠪᠣᠷᠣᠯᠠᠭᠤᠯᠭ᠎ᠠ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠎ ᠢ ᠬᠠᠷᠢᠭᠤᠴᠠᠨ᠎ᠠ᠃ ᠭᠦᠢᠯᠭᠡᠭᠡᠨ ᠤ ᠭᠤᠭᠴᠤᠭ᠎ᠠ ᠳᠤ ᠤᠯᠤᠰ ᠤᠨ ᠦᠨᠳᠦᠰᠦᠨ ᠡᠮ ᠤᠨ ᠳᠦᠷᠢᠮ ᠢ ᠬᠡᠷᠡᠭᠵᠢᠭᠦᠯᠬᠦ ᠳᠤ ᠬᠠᠮᠵᠢᠯᠴᠠᠨ᠎ᠠ᠃ ᠭᠦᠶᠯᠭᠡᠭᠡᠨ ᠤ  ᠭᠤᠭᠴᠤᠭ᠎ᠠ ᠶᠢᠨ ᠡᠮ ᠤᠨ ᠵᠦᠶᠯ ᠤᠨ ᠮᠠᠭᠤ  ᠦᠢᠯᠡᠳᠦᠯ ᠢ ᠬᠢᠨᠠᠨ ᠬᠡᠮᠵᠢᠬᠦ ᠠᠵᠢᠯ  ᠎ ᠢ ᠥᠷᠨᠢᠭᠦᠯᠬᠦ ᠶᠢ ᠵᠢᠯᠣᠭᠤᠳᠤᠨ᠎ᠠ᠃ ︵ᠬᠤᠷᠢ ᠶᠢᠰᠦ  ︶ ᠡᠮᠴᠢᠯᠡᠭᠡᠨ ᠤ ᠪᠠᠭᠠᠵᠢ ᠬᠡᠷᠡᠭᠰᠡᠯ ᠢ ᠬᠢᠨᠠᠨ ᠬᠠᠮᠢᠶᠠᠷᠬᠤ ᠰᠠᠯᠠᠭ᠎ᠠ  ᠃ ᠡᠮᠴᠢᠯᠡᠭᠡᠨ ᠤ  ᠪᠠᠭᠠᠵᠢ ᠬᠡᠷᠡᠭᠰᠡᠯ ᠢ ᠦᠶᠯᠡᠳᠪᠦᠷᠢᠯᠡᠬᠦ᠂ ᠡᠵᠡᠩᠨᠡᠬᠦ᠂ ᠬᠡᠷᠡᠭᠯᠡᠬᠦ ᠪᠠ ᠡᠮᠴᠢᠯᠡᠭᠡᠨ ᠤ ᠲᠤᠷᠰᠢᠯᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠢ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠡᠮᠴᠢᠯᠡᠭᠡᠨ ᠤ ᠪᠠᠭᠠᠵᠢ ᠬᠡᠷᠡᠭᠰᠡᠯ ᠤᠨ ᠪᠠᠷᠢᠮᠵᠢᠶ᠎ᠠ᠂ ᠲᠥᠷᠥᠯ ᠬᠤᠪᠢᠶᠠᠨ ᠬᠠᠮᠢᠶᠠᠷᠬᠤ ᠪᠠ ᠳᠠᠩᠰᠠᠯᠠᠭᠤᠯᠬᠤ ᠬᠠᠮᠢᠶᠠᠷᠤᠯᠲᠠ ᠶᠢᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠰᠦᠯᠵᠢᠶᠡᠨ ᠤ ᠡᠮᠴᠢᠯᠡᠭᠡᠨ ᠤ ᠪᠠᠭᠠᠵᠢ ᠬᠡᠷᠡᠭᠰᠡᠯ ᠤᠨ ᠪᠣᠷᠣᠯᠠᠭᠤᠯᠭ᠎ᠠ ᠶᠢ ᠬᠢᠨᠠᠨ ᠬᠠᠮᠢᠶᠠᠷᠬᠤ ᠠᠵᠢᠯ ᠢ ᠡᠭᠦᠷᠭᠡᠯᠡᠨ᠎ᠡ᠃ ᠨᠢᠭᠡᠳᠦᠭᠡᠷ ᠲᠥᠷᠥᠯ ᠤᠨ ᠡᠮᠴᠢᠯᠡᠭᠡᠨ ᠤ ᠮᠠᠰᠢᠨ ᠪᠠᠭᠠᠵᠢ ᠶᠢᠨ ᠦᠢᠯᠡᠳᠬᠦᠨ ᠢ ᠳᠠᠩᠰᠠᠯᠠᠬᠤ᠂ ᠦᠢᠯᠡᠳᠪᠦᠷᠢᠯᠡᠬᠦ ᠠᠵᠤ ᠠᠬᠤᠶᠢᠯᠠᠯ ᠢ ᠳᠠᠩᠰᠠᠯᠠᠬᠤ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠡᠮᠴᠢᠯᠡᠭᠡᠨ ᠎ ᠤ ᠮᠠᠰᠢᠨ ᠪᠠᠭᠠᠵᠢ ᠡᠵᠡᠩᠨᠡᠬᠦ ᠠᠵᠤ ᠠᠬᠤᠶᠢᠯᠠᠯ ᠤᠨ ᠵᠥᠪᠰᠢᠶᠡᠷᠡᠯ᠂ ᠪᠦᠷᠢᠳᠬᠡᠨ ᠳᠠᠩᠰᠠᠯᠠᠬᠤ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠡᠮᠴᠢᠯᠡᠭᠡᠨ ᠤ ᠮᠠᠰᠢᠨ ᠪᠠᠭᠠᠵᠢ ᠡᠵᠡᠩᠨᠡᠬᠦ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ᠂ ᠬᠡᠷᠡᠭᠯᠡᠬᠦ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠤᠨ ᠬᠢᠨᠠᠯᠲᠠ ᠬᠠᠮᠢᠶᠠᠷᠤᠯᠲᠠ ᠎ ᠶᠢᠨ ᠠᠵᠢᠯ ᠢ ᠬᠠᠷᠢᠭᠤᠴᠠᠨ᠎ᠠ᠃ ᠡᠮᠴᠢᠯᠡᠭᠡᠨ ᠤ ᠪᠠᠭᠠᠵᠢ ᠬᠡᠷᠡᠭᠰᠡᠯ ᠢ ᠬᠢᠨᠠᠨ ᠬᠡᠮᠵᠢᠬᠦ ᠠᠵᠢᠯ ᠢ ᠥᠷᠨᠢᠭᠦᠯᠬᠦ ᠶᠢ ᠵᠢᠯᠣᠭᠤᠳᠤᠨ᠎ᠠ᠃ ︵ᠭᠤᠴᠢ︶ ᠵᠠᠰᠠᠯ ᠴᠢᠮᠡᠭ ᠤᠨ ᠡᠳ᠋ ᠎ ᠢ ᠬᠢᠨᠠᠨ ᠬᠠᠮᠢᠶᠠᠷᠬᠤ ᠰᠠᠯᠠᠭ᠎ᠠ᠃  ᠵᠠᠰᠠᠯ ᠴᠢᠮᠡᠭ ᠤᠨ ᠡᠳ᠋ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂  ᠵᠠᠰᠠᠯ ᠴᠢᠮᠡᠭ ᠤᠨ ᠡᠳ᠋ ᠤᠨ ᠠᠶᠤᠯ ᠦᠭᠡᠶ ᠳᠤ ᠪᠦᠬᠦ ᠲᠠᠯ᠎ᠠ ᠶᠢᠨ ᠬᠢᠨᠠᠯᠲᠠ ᠬᠠᠮᠢᠶᠠᠷᠤᠯᠲᠠ ᠪᠣᠯᠤᠨ ᠵᠠᠳᠠᠯᠤᠯᠲᠠ ᠬᠢᠵᠦ᠂ ᠬᠢᠨᠠᠯᠲᠠ ᠬᠠᠮᠢᠶᠠᠷᠤᠯᠲᠠ ᠶᠢᠨ ᠳᠦᠷᠢᠮ ᠲᠣᠭᠲᠠᠴᠠ ᠶᠢ ᠰᠠᠶᠢᠵᠢᠷᠠᠭᠤᠯᠤᠨ ᠲᠡᠭᠦᠯᠳᠡᠷᠵᠢᠭᠦᠯᠬᠦ ᠰᠠᠨᠠᠭᠤᠯᠭ᠎ᠠ ᠳᠤᠷᠠᠳᠤᠨ᠎ᠠ᠃ ᠡᠵᠡᠩᠨᠡᠬᠦ᠂ ᠬᠡᠷᠡᠭᠯᠡᠬᠦ ᠭᠤᠭᠴᠤᠭ᠎ᠠ ᠶᠢᠨ ᠲᠤᠬᠠᠶ ᠶᠢᠨ ᠲᠠᠯᠠᠪᠠᠢ ᠶᠢᠨ ᠪᠠᠶᠢᠴᠠᠭᠠᠯᠲᠠ ᠶᠢ ᠬᠡᠷᠡᠭᠵᠢᠭᠦᠯᠬᠦ ᠪᠠ ᠵᠢᠯᠣᠭᠤᠳᠴᠤ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠶᠳᠪᠦᠷᠢᠯᠡᠬᠦ ᠶᠢ ᠬᠠᠷᠢᠭᠤᠴᠠᠨ᠎ᠠ᠃ ᠭᠦᠶᠯᠭᠡᠭᠡᠨ ᠤ ᠭᠤᠭᠴᠤᠭ᠎ᠠ ᠶᠢᠨ ᠵᠠᠰᠠᠯ ᠴᠢᠮᠡᠭ  ᠤᠨ ᠡᠳ᠋ ᠤᠨ ᠮᠠᠭᠤ  ᠦᠢᠯᠡᠳᠦᠯ ᠢ ᠬᠢᠨᠠᠨ ᠬᠡᠮᠵᠢᠬᠦ ᠠᠵᠢᠯ  ᠎ ᠢ ᠥᠷᠨᠢᠭᠦᠯᠬᠦ ᠶᠢ ᠵᠢᠯᠣᠭᠤᠳᠤᠨ᠎ᠠ᠃ ︵ᠭᠤᠴᠢᠨ ᠨᠢᠭᠡ︶ ᠡᠮ ᠤᠨ ᠵᠦᠢᠯ ᠤᠨ ᠠᠮᠤᠷ ᠲᠦᠪᠰᠢᠨ ᠢ ᠬᠢᠨᠠᠨ ᠪᠠᠶᠢᠴᠠᠭᠠᠬᠤ ᠰᠠᠯᠠᠭ᠎ᠠ  ᠃ ᠡᠮ ᠤᠨ ᠵᠦᠶᠯ ᠤᠨ  ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠪᠠᠶᠢᠳᠠᠯ ᠢ ᠵᠠᠳᠠᠯᠤᠨ ᠮᠠᠭᠠᠳᠯᠠᠵᠤ᠂ ᠣᠷᠣᠰᠢᠵᠤ ᠪᠠᠶᠢᠭ᠎ᠠ ᠠᠰᠠᠭᠤᠳᠠᠯ ᠳᠤ ᠠᠵᠢᠯ ᠤᠨ ᠰᠠᠨᠠᠭᠤᠯᠭ᠎ᠠ ᠳᠤᠷᠠᠳᠬᠤ ᠶᠢᠨ ᠬᠠᠮᠲᠤ ᠬᠤᠶᠢᠰᠢᠳᠠ ᠎ ᠶᠢᠨ ᠰᠢᠶᠳᠪᠦᠷᠢᠯᠡᠬᠦ ᠠᠵᠢᠯ ᠳᠤ  ᠣᠷᠣᠯᠴᠠᠨ᠎ᠠ᠃ ᠡᠮ ᠤᠨ ᠵᠦᠶᠯ᠂ ᠡᠮᠴᠢᠯᠡᠭᠡᠨ ᠤ ᠪᠠᠭᠠᠵᠢ ᠬᠡᠷᠡᠭᠰᠡᠯ ᠢ ᠦᠶᠯᠡᠳᠪᠦᠷᠢᠯᠡᠬᠦ ᠬᠦᠷᠢᠶ᠎ᠡ ᠴᠠᠷᠠᠭ᠎ᠠ ᠵᠢᠴᠢ ᠡᠮ ᠤᠨ ᠵᠦᠶᠯ ᠢ ᠪᠥᠭᠡᠮ ᠢᠶᠠᠷ ᠬᠤᠳᠠᠯᠳᠤᠬᠤ ᠡᠵᠡᠩᠨᠡᠯᠲᠡ ᠶᠢᠨ ᠬᠦᠷᠢᠶ᠎ᠡ ᠴᠠᠷᠠᠭ᠎ᠠ ᠶᠢᠨ ᠠᠮᠤᠷ ᠲᠦᠪᠰᠢᠨ ᠳᠤ ᠬᠠᠤᠯᠢ ᠶᠤᠰᠣᠴᠢ ᠴᠢᠨᠠᠷ ᠤᠨ ᠪᠠᠶᠢᠴᠠᠭᠠᠯᠳᠠ ᠶᠢ ᠲᠣᠭᠲᠠᠮᠠᠯ ᠬᠤᠭᠤᠴᠠᠭ᠎ᠠ ᠲᠠᠢ ᠪᠤᠶᠤ ᠲᠤᠭᠳᠠᠮᠠᠯ ᠪᠤᠰᠤ ᠬᠤᠭᠤᠴᠠᠭ᠎ᠠ ᠲᠠᠢ ᠪᠠᠷ ᠦᠷᠨᠢᠭᠦᠯᠦᠨ᠎ᠡ᠃ ᠪᠦᠬᠦ ᠬᠤᠲᠠ ᠶᠢᠨ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠶᠠᠰᠤ ᠴᠢᠨᠠᠷ ᠤᠨ ᠠᠯᠪᠠᠨ ᠵᠠᠷ  ᠨᠡᠶᠢᠳᠡᠯᠡᠨ᠎ᠡ᠃ ᠬᠤᠰᠢᠭᠤ ᠲᠣᠭᠤᠷᠢᠭ ᠤᠨ ᠲᠤᠰᠬᠠᠢ ᠮᠡᠷᠭᠡᠵᠢᠯ ᠤᠨ ᠪᠠᠶᠢᠴᠠᠭᠠᠭᠴᠢ ᠶᠢᠨ ᠡᠩᠨᠡᠭᠡᠨ ᠤ ᠪᠠᠶᠢᠭᠤᠯᠤᠯᠲᠠ ᠶᠢ ᠵᠢᠯᠣᠭᠤᠳᠤᠨ᠎ᠠ᠃ ︵ᠭᠤᠴᠢᠨ ᠬᠤᠶᠠᠷ︶ ᠲᠦᠭᠰᠢᠭᠦᠷᠢ ᠶᠢ ᠬᠢᠨᠠᠨ ᠲᠣᠭᠲᠠᠭᠠᠬᠤ ᠪᠠ ᠪᠠᠴᠢᠮ ᠪᠠᠶᠢᠳᠠᠯ ᠢ ᠠᠷᠭᠠᠴᠠᠬᠤ ᠰᠠᠯᠠᠭ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠴᠢᠬᠤᠯᠠ ᠶᠡᠭᠡ ᠰᠢᠶᠳᠪᠦᠷᠢᠲᠦ ᠪᠣᠳᠣᠯᠭ᠎ᠠ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠪᠠᠶᠢᠴᠠᠭᠠᠵᠤ ᠨᠤᠲᠠᠯᠠᠬᠤ᠂ ᠮᠡᠷᠭᠡᠵᠢᠯ ᠤᠨ ᠳᠡᠮᠵᠢᠯᠭᠡ ᠦᠵᠡᠭᠦᠯᠬᠦ᠂ ᠲᠦᠭᠰᠢᠭᠦᠷᠢ ᠶᠢ ᠦᠨᠡᠯᠡᠨ ᠵᠢᠱᠢᠬᠦ ᠵᠡᠷᠭᠡ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠬᠤ ᠶᠢ ᠬᠠᠷᠢᠭᠤᠴᠠᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠪᠠᠴᠢᠮ ᠪᠠᠶᠢᠳᠠᠯ ᠢ ᠠᠷᠭᠠᠴᠠᠬᠤ ᠲᠤᠭᠳᠠᠯᠴᠠᠭ᠎ᠠ ᠶᠢᠨ ᠪᠠᠶᠢᠭᠤᠯᠤᠯᠲᠠ ᠶᠢ ᠬᠠᠷᠢᠭᠤᠴᠠᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠬᠢ ᠬᠦᠨᠳᠦ ᠶᠡᠭᠡ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠪᠠ ᠠᠳᠡᠯ ᠢ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠶᠤᠯ ᠥᠬᠡᠶ ᠦᠶᠯᠡᠳᠪᠦᠷᠢᠯᠡᠯ ᠤᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠠᠮᠤᠷ ᠲᠦᠪᠰᠢᠨ ᠤ ᠴᠢᠬᠤᠯᠠ ᠮᠡᠳᠡᠭᠡ ᠵᠠᠩᠭᠢ ᠶᠢ ᠰᠢᠭᠤᠳ ᠮᠡᠳᠡᠭᠦᠯᠬᠦ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠪᠠᠴᠢᠮ ᠪᠠᠶᠢᠳᠠᠯ ᠢ ᠠᠷᠭᠠᠴᠠᠬᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠢᠶᠳᠪᠦᠷᠢᠯᠡᠭᠰᠡᠨ ᠪᠠᠶᠢᠳᠠᠯ ᠢ ᠵᠢᠯᠣᠭᠤᠳᠬᠤ᠂ ᠱᠠᠯᠠᠪᠳᠠᠭᠤᠯᠤᠨ ᠰᠢᠶᠳᠪᠦᠷᠢᠯᠡᠭᠦᠯᠬᠦ ᠪᠠ ᠳᠡᠭᠡᠭᠰᠢ ᠮᠡᠳᠡᠭᠦᠯᠬᠦ ᠠᠵᠢᠯ ᠢ ᠬᠠᠷᠢᠭᠤᠴᠠᠨ᠎ᠠ᠃ᠪᠠᠶᠢᠭᠤᠯᠭ᠎ᠠ ᠶᠢᠨ ᠨᠠᠮ ᠤᠨ ᠬᠤᠷᠢᠶ᠎ᠠ᠃ ᠪᠠᠶᠢᠭᠤᠯᠭ᠎ᠠ ᠪᠠ ᠬᠠᠷᠢᠶ᠎ᠠ  ᠨᠢᠭᠡᠴᠡ  ᠎ ᠶᠢᠨ  ᠨᠠᠮ ᠪᠠ ᠤᠯᠠᠨ ᠲᠦᠮᠡᠨ᠂ ᠰᠠᠬᠢᠯᠭ᠎ᠠ ᠪᠠᠲᠤ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃      ᠵᠢᠵᠢᠭ ᠪᠢᠴᠢᠯ ᠠᠵᠤ ᠠᠬᠤᠶᠢᠯᠠᠯ᠂ ᠦᠶᠯᠡᠳᠪᠦᠷᠢ ᠬᠤᠳᠠᠯᠳᠤᠭᠠᠨ ᠤ ᠬᠤᠪᠢ ᠡᠷᠦᠬᠡ ᠶᠢᠨ ᠲᠤᠰᠬᠠᠶ ᠵᠠᠬ᠎ᠠ ᠳᠡᠯᠭᠡᠭᠦᠷ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠠᠯᠪᠠᠨ ᠬᠡᠷ  ᠃ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠲᠠᠢ ᠬᠠᠮᠵᠢᠯᠴᠠᠨ ᠵᠢᠵᠢᠭ ᠪᠢᠴᠢᠯ ᠠᠵᠤ ᠠᠬᠤᠶᠢᠯᠠᠯ᠂ ᠦᠶᠯᠡᠳᠪᠦᠷᠢ ᠬᠤᠳᠠᠯᠳᠤᠭᠠᠨ ᠤ ᠬᠤᠪᠢ ᠡᠷᠦᠬᠡ᠂ ᠲᠤᠰᠬᠠᠶ ᠵᠠᠬ᠎ᠠ ᠳᠡᠯᠭᠡᠭᠦᠷ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠥᠷᠨᠢᠭᠦᠯᠦᠨ᠎ᠡ᠃ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠡᠪᠯᠡᠯ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ᠲᠠᠪᠤᠳᠤᠭᠠᠷ ᠵᠦᠢᠯ    ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠲᠤᠰᠬᠠᠶ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ  ᠎ ᠨᠢ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠰᠢᠭᠤᠳ ᠬᠠᠷᠢᠶ᠎ᠠ ᠬᠤᠪᠢᠶᠠᠷᠢ ᠲᠣᠪᠴᠢᠶ᠎ᠠ ᠪᠤᠯᠤᠨ᠎ᠠ  ᠃ᠲᠤᠰᠢᠶᠠᠯ ᠬᠠᠷᠢᠭᠤᠴᠠᠯᠭ᠎ᠠ ᠨᠢ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠶᠢᠳᠠᠯᠭ᠎ᠠ ᠪᠠ ᠪᠣᠳᠠᠲᠠᠢ ᠵᠢᠯᠣᠭᠤᠳᠤᠯᠭ᠎ᠠ ᠳᠣᠣᠷ᠎ᠠ᠂ ᠪᠦᠬᠦ ᠬᠤᠲᠠ ᠶᠢᠨ ᠬᠡᠪᠴᠢᠶᠡᠨ ᠳᠤ ᠭᠠᠭᠴᠠᠭᠠᠷ ᠡᠵᠡᠮᠰᠢᠬᠦ᠂  ᠭᠤᠣᠯᠴᠢ ᠪᠤᠰᠤ ᠥᠷᠢᠰᠥᠯᠳᠦᠭᠡᠨ᠂ ᠬᠤᠳᠠᠯᠳᠤᠭᠠᠨ ᠤ ᠬᠡᠭᠡᠯᠢ ᠬᠠᠭ᠋ᠤᠤᠯᠢ᠂ ᠨᠡᠶᠢᠲᠡ ᠎ ᠶᠢᠨ ᠬᠡᠷᠡᠭᠯᠡᠭᠡᠨ ᠤ ᠠᠵᠤ ᠠᠬᠤᠶᠢᠯᠠᠯ ᠪᠤᠶᠤ ᠪᠤᠰᠤᠳ ᠭᠠᠭᠴᠠᠭᠠᠷ ᠡᠵᠡᠮᠰᠢᠬᠦ  ᠪᠠᠶᠢᠷᠢ ᠰᠠᠭᠤᠷᠢ ᠲᠠᠢ ᠡᠵᠡᠩᠨᠡᠭᠴᠢ ᠶᠢᠨ ᠥᠷᠢᠰᠥᠯᠳᠦᠭᠡᠨ ᠢ ᠬᠢᠵᠠᠭᠠᠷᠯᠠᠬᠤ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠪᠦᠬᠦ ᠬᠤᠲᠠ ᠶᠢᠨ ᠰᠦᠯᠵᠢᠶᠡᠨ ᠤ ᠲᠠᠸᠠᠷ ᠤᠨ ᠠᠷᠠᠯᠵᠢᠶ᠎ᠠ ᠵᠢᠴᠢ ᠬᠤᠯᠪᠣᠭᠳᠠᠯ ᠪᠦᠬᠦᠢ ᠦᠶᠯᠡᠴᠢᠯᠡᠭᠡᠨ ᠤ ᠠᠵᠢᠯᠯᠠᠭ᠎ᠠ ᠶᠢ ᠬᠠᠤᠯᠢ ᠶᠣᠰᠣᠭᠠᠷ ᠬᠢᠨᠠᠨ ᠬᠠᠮᠢᠶᠠᠷᠤᠨ᠎ᠠ᠃ ᠲᠣᠤᠷ ᠰᠦᠯᠵᠢᠶᠡᠨ ᠤ ᠡᠵᠡᠩᠨᠡᠯᠲᠡ ᠶᠢᠨ ᠬᠢᠷᠢ ᠬᠡᠮ ᠢ ᠬᠠᠤᠯᠢ ᠶᠣᠰᠣᠭᠠᠷ ᠬᠢᠨᠠᠨ ᠬᠠᠮᠢᠶᠠᠷᠴᠤ᠂ ᠲᠣᠤᠷ ᠰᠦᠯᠵᠢᠶᠡᠨ ᠤ ᠡᠵᠡᠩᠨᠡᠯᠲᠡ ᠳᠠᠬᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ  ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠰᠡᠨ ᠬᠠᠮᠢᠶ᠎ᠠ ᠪᠥᠬᠦᠶ ᠰᠡᠵᠢᠭᠯᠡᠯᠲᠡᠶ ᠬᠡᠷᠡᠭ ᠢ ᠬᠠᠤᠯᠢ ᠶᠣᠰᠣᠭᠠᠷ ᠪᠠᠶᠢᠴᠠᠭᠠᠨ ᠰᠢᠶᠳᠪᠦᠷᠢᠯᠡᠨ᠎ᠡ᠃ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠵᠢᠭᠠᠨ ᠲᠣᠭᠲᠠᠭᠠᠭᠰᠠᠨ ᠪᠤᠰᠤᠳ ᠬᠡᠷᠡᠭ ᠢ ᠬᠠᠷᠢᠭᠤᠴᠠᠨ ᠪᠠᠶᠢᠴᠠᠭᠠᠨ ᠰᠢᠶᠳᠪᠦᠷᠢᠯᠡᠨ᠎ᠡ᠃ ᠵᠢᠷᠭᠤᠳᠤᠭᠠᠷ ᠵᠦᠢᠯ    ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ  ᠵᠠᠰᠠᠭ ᠵᠠᠬᠢᠷᠭᠠᠨ ᠤ ᠣᠷᠣᠨ ᠲᠤᠭ᠎ᠠ 100 ᠨᠡᠷᠡᠰ᠃ ᠲᠣᠪᠴᠢᠶᠠᠨ ᠳᠠᠷᠤᠭ᠎ᠠ 1 ᠨᠡᠷᠡᠰ  ︵ᠬᠤᠳᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶᠠᠨ ᠳᠠᠷᠤᠭ᠎ᠠ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠨ᠎ᠠ  ︶᠂  ᠲᠣᠪᠴᠢᠶᠠᠨ ᠳᠡᠳ᠋ ᠳᠠᠷᠤᠭ᠎ᠠ 4 ᠨᠡᠷᠡᠰ︔ 37  ᠵᠢᠩᠬᠢᠨᠢ ᠰᠠᠯᠠᠭᠠᠨ ᠲᠠᠰ  ᠂ 16  ᠳᠡᠳ᠋  ᠰᠠᠯᠠᠭᠠᠨ ᠲᠠᠰ  ︵ᠵᠢᠵᠢᠭ ᠠᠵᠤ ᠠᠬᠤᠶᠢᠯᠠᠯ ᠤᠨ ᠬᠤᠪᠢ ᠶᠢᠨ ᠦᠶᠯᠡᠳᠪᠦᠷᠢ ᠬᠤᠳᠠᠯᠳᠤᠭᠠᠨ ᠤ ᠡᠷᠦᠬᠡ ᠶᠢᠨ ᠲᠤᠰᠬᠠᠶ ᠵᠠᠬ᠎ᠠ ᠳᠡᠯᠭᠡᠭᠦᠷ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠠᠯᠪᠠᠨ ᠬᠡᠷ ᠎ ᠤᠨ ᠡᠷᠬᠢᠯᠡᠭᠴᠢ 1  ᠨᠡᠷᠡᠰ᠂ ᠢᠳᠡᠭᠡᠨ ᠤ ᠠᠮᠤᠷ ᠲᠦᠪᠰᠢᠨ ᠤ ᠶᠡᠷᠦᠩᠬᠡᠶ ᠬᠢᠨᠠᠭᠴᠢ 1 ᠨᠡᠷᠡᠰ᠂ ᠡᠮ ᠤᠨ ᠵᠦᠶᠯ ᠤᠨ ᠠᠮᠤᠷ ᠲᠦᠪᠰᠢᠨ ᠤ ᠶᠡᠷᠦᠩᠬᠡᠶ ᠬᠢᠨᠠᠭᠴᠢ 1 ᠨᠡᠷᠡᠰ᠂ ᠶᠡᠷᠦᠩᠬᠡᠶ ᠢᠨᠵᠧᠨᠧᠷ 1  ᠨᠡᠷᠡᠰ᠂ ᠪᠠᠶᠢᠭᠤᠯᠭ᠎ᠠ ᠶᠢᠨ ᠨᠠᠮ ᠤᠨ ᠬᠤᠷᠢᠶ᠎ᠠ ᠶᠢᠨ ᠲᠤᠰᠬᠠᠶ ᠲᠤᠰᠢᠶᠠᠯᠲᠤ ᠳᠡᠳ᠋ ᠱᠦᠵᠢ 1 ᠨᠡᠷᠡᠰ  ︶ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠲᠤᠰᠬᠠᠶ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ ᠶᠢᠨ ᠪᠠᠶᠢᠭᠤᠯᠭ᠎ᠠ ᠶᠢᠨ  ᠵᠠᠰᠠᠭ ᠵᠠᠬᠢᠷᠭᠠᠨ ᠤ ᠣᠷᠣᠨ ᠲᠤᠭ᠎ᠠ15 ᠨᠡᠷᠡᠰ᠃ ᠰᠠᠯᠠᠭᠠᠨ ᠳᠡᠰ ᠤᠨ ᠤᠳᠤᠷᠢᠳᠤᠯᠭ᠎ᠠ 4  ᠨᠡᠷᠡᠰ  ︵1 ᠵᠢᠩᠬᠢᠨᠢ 3 ᠳᠡᠳ᠋︶᠃ ᠳᠣᠯᠣᠳᠤᠭᠠᠷ ᠵᠦᠢᠯ   ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠶ᠎ᠠ ᠠᠵᠢᠯ ᠦᠶᠯᠡᠰ ᠤᠨ ᠨᠢᠭᠡᠴᠡ ᠶᠢᠨ ᠪᠠᠶᠢᠷᠢᠯᠠᠭᠤᠯᠤᠯᠲᠠ᠂ ᠲᠤᠰᠢᠶᠠᠯ ᠬᠠᠷᠢᠭᠤᠴᠠᠯᠭ᠎ᠠ ᠪᠠ ᠣᠷᠣᠨ ᠲᠣᠭᠠᠨ ᠤ ᠵᠦᠶᠯᠡᠰ ᠢ ᠠᠰᠲᠠᠭᠠᠨ ᠲᠣᠭᠲᠠᠭᠠᠨ᠎ᠠ᠃ ᠨᠠᠶᠮᠠᠳᠤᠭᠠᠷ  ᠵᠦᠢᠯ   ᠲᠤᠰ ᠲᠣᠭᠲᠠᠭᠠᠯ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠳᠣᠰ ᠬᠤᠲᠠ ᠶᠢᠨ ᠬᠤᠷᠢᠶ᠎ᠠ ᠶᠢᠨ ᠪᠠᠶᠢᠭᠤᠯᠤᠮᠵᠢ ᠣᠷᠣᠨ ᠲᠣᠭᠠᠨ ᠎ ᠤ ᠵᠥᠪᠯᠡᠯ ᠤᠨ ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠨ᠎ᠠ᠂ ᠲᠡᠭᠦᠨ ᠤ ᠲᠣᠬᠢᠷᠠᠭᠤᠯᠤᠯᠲᠠ ᠶᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠳᠣᠰ ᠬᠤᠲᠠ ᠶᠢᠨ ᠬᠤᠷᠢᠶ᠎ᠠ ᠶᠢᠨ ᠪᠠᠶᠢᠭᠤᠯᠤᠮᠵᠢ ᠣᠷᠣᠨ ᠲᠣᠭᠠᠨ ᠤ ᠵᠥᠪᠯᠡᠯ ᠤᠨ ᠠᠯᠪᠠᠨ ᠭᠡᠷ ᠠᠴᠠ ᠲᠣᠭᠲᠠᠭᠰᠠᠨ ᠳᠡᠰ ᠳᠠᠷᠠᠭᠠᠯᠠᠯ ᠢᠶᠠᠷ ᠭᠦᠶᠴᠡᠳᠬᠡᠨ᠎ᠡ᠃ᠶᠢᠰᠦᠳᠦᠭᠡᠷ ᠵᠦᠢᠯ   ᠲᠤᠰ ᠲᠣᠭᠲᠠᠭᠠᠯ ᠢ 2019 ᠣᠨ ᠤ 3 ᠳ᠋ᠤᠭᠠᠷ ᠰᠠᠷ᠎ᠠ ᠶᠢᠨ 27᠎ ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ᠠᠵᠢᠯᠯᠠᠬᠤ ᠭᠠᠵᠠᠷ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠴᠤᠤ ᠶᠠᠩ ᠵᠡᠭᠡᠯᠢ ᠬᠢᠭᠡᠳ ᠮᠢᠨ ᠹᠦ᠋ ᠵᠠᠮ ᠤᠨ ᠠᠭᠤᠯᠵᠠᠷ ᠤᠨ ᠲᠣᠨᠣᠯᠵᠢᠨ ᠵᠠᠮ ᠤᠨ ᠬᠤᠶᠢᠲᠤ ᠲᠠᠯ᠎ᠠ᠃ ᠠᠯᠪᠠᠯᠠᠬᠤ ᠤᠲᠠᠰᠤ᠄ 0477—8117143 ᠠᠵᠢᠯᠯᠠᠬᠤ ᠴᠠᠭ᠄ 9᠄ 00—12᠄ 00   14᠄ 00—17᠄ 30ᠰᠢᠦᠳᠠᠨ ᠳ᠋ᠤᠭᠠᠷ᠄ 017000 ᠰᠦᠯᠵᠢᠶᠡᠨ ᠤ ᠬᠠᠶ᠋ᠢᠭ᠄ http᠄ / / scjdglj . ordos . gov . cn /᠃
        ᠢᠷᠡᠯᠲᠡ᠄ ᠤᠷᠳᠤᠰ ᠮᠤᠩᠭᠤᠯ ᠰᠦᠯᠵᠢᠶ᠎ᠡ