365bet网上娱乐场_365双试投注是什么_365bet正网开户人民政府蒙古文网站 365bet网上娱乐场_365双试投注是什么_365bet正网开户

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        2023 ᠤᠨ ᠤ ᠤᠷᠳᠤᠰ ᠬᠤᠳᠠ ᠶᠢᠨ ᠬᠤᠶᠠᠷ ᠬᠤᠷᠠᠯ — 2023 ᠣᠨ ᠤ ᠭᠤᠣᠯᠳᠠᠯᠭ᠎ᠠ ᠲᠠᠢ ᠠᠵᠢᠯ ᠤᠨ ᠲᠤᠬᠢᠷᠠᠭᠤᠯᠤᠯᠳᠡ
        ᠨᠡᠶᠢᠲᠡᠯᠡᠭᠰᠡᠨ ᠴᠠᠭ᠄
        2023/1/6
              ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠶᠢ ᠲᠣᠭᠲᠠᠭᠠᠪᠠ᠄ ᠭᠠᠵᠠᠷ ᠣᠷᠣᠨ ᠤ  ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6.5% ᠣᠷᠴᠢᠮ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ  ᠨᠡᠮᠡᠭᠳᠡᠯ ᠥᠷᠲᠡᠭ ᠢ 8% ᠣᠷᠴᠢᠮ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 15% ᠣᠷᠴᠢᠮ  ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠤᠯᠠᠭᠤᠯᠬᠤ ᠶᠡᠷᠥᠩᠬᠡᠢ ᠲᠤᠭ᠎ᠠ ᠶᠢ 5% ᠣᠷᠴᠢᠮ ᠨᠡᠮᠡᠭᠳᠡᠭᠦᠯᠦᠨ᠎ᠡ︔  ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠯᠦᠭᠡ ᠦᠨᠳᠦᠰᠦᠨ ᠳᠡᠭᠡᠨ ᠠᠯᠬᠤᠮ ᠨᠢᠭᠡᠲᠡᠢ ᠪᠣᠯᠭᠠᠨ᠎ᠠ︔  ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ  ᠡᠨᠧᠷᠭᠢ ᠠᠷᠪᠢᠯᠠᠵᠤ ᠪᠣᠬᠢᠷᠳᠤᠯ ᠢ ᠪᠠᠭᠠᠰᠬᠠᠬᠤ ᠬᠠᠷᠠᠯᠲᠠ ᠡᠭᠦᠷᠭᠡ ᠶᠢ  ᠪᠡᠶᠡᠯᠡᠭᠦᠯᠦᠨ᠎ᠡ᠃      ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠡᠷᠡᠰ ᠭᠤᠶᠢᠪᠢᠰᠢ ᠦᠭᠡᠶ ᠪᠠᠷ ᠬᠡᠷᠡᠭᠵᠢᠭᠦᠯᠵᠦ᠂ ᠠᠵᠤ  ᠠᠬᠤᠶ ᠶᠢᠨ ᠶᠡᠷᠦᠩᠬᠡᠶ ᠬᠡᠮᠵᠢᠶ᠎ᠡ ᠶᠢ ᠦᠷᠭᠦᠯᠵᠢᠯᠡᠨ ᠪᠤᠵᠠᠭᠠᠶᠢᠷᠠᠭᠤᠯᠤᠨ᠎ᠠ᠃      1.ᠲᠦᠷᠦᠯ ᠵᠦᠢᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠥᠷᠨᠢᠭᠦᠯᠵᠦ᠂ ᠪᠦᠲᠦᠮᠵᠢᠲᠡᠢ ᠪᠡᠯᠡ ᠣᠷᠣᠭᠤᠯᠤᠯᠲᠠ ᠶᠢ  ᠥᠷᠭᠡᠳᠬᠡᠨ᠎ᠡ᠃      ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠳᠠᠭᠠᠷᠢᠯᠲᠠ ᠬᠢᠵᠦ᠂ 472 ᠭᠤᠣᠯᠳᠠᠯᠭ᠎ᠠ ᠲᠠᠢ ᠲᠦᠷᠦᠯ ᠵᠦᠢᠯ ᠢ ᠴᠢᠩᠭ᠎ᠠ  ᠠᠩᠬᠠᠷᠴᠤ᠂   ︽ᠤᠳᠤᠷᠢᠳᠤᠯᠭ᠎ᠠ ᠠᠴᠠ ᠳᠠᠭᠠᠭᠠᠴᠢᠯᠠᠨ ᠬᠠᠷᠢᠯᠴᠠᠬᠤ + ᠠᠵᠢᠯ ᠤᠨ ᠲᠤᠰᠬᠠᠢ ᠠᠩᠬᠢ︾᠎ ᠶᠢᠨ ᠲᠣᠭᠲᠠᠴᠠ ᠶᠢ  ᠴᠢᠩᠭᠠᠳᠬᠠᠵᠤ᠂ ᠡᠬᠢᠯᠡᠭᠦᠯᠵᠦ ᠪᠣᠯᠪᠠᠯ ᠡᠬᠢᠯᠡᠭᠦᠯᠵᠦ᠂ ᠲᠥᠷᠭᠡᠳᠭᠡᠵᠦ ᠪᠣᠯᠪᠠᠯ ᠲᠥᠷᠭᠡᠳᠭᠡᠬᠦ ᠶᠢ ᠬᠦᠴᠦᠯᠡᠨ ᠠᠬᠢᠭᠤᠯᠤᠨ᠎ᠠ᠃ ᠦᠢᠯᠡᠳᠬᠦ  ᠦᠢᠯᠡᠰ ᠤᠨ ᠪᠡᠯᠡ ᠣᠷᠤᠭᠤᠯᠤᠯᠲᠠ ᠶᠢ ᠳᠠᠬᠢᠨ ᠢᠶᠠᠷ ᠨᠡᠮᠡᠭᠳᠡᠭᠦᠯᠬᠦ ᠲᠦᠯᠦᠪᠯᠡᠭᠡ ᠶᠢ ᠬᠡᠷᠡᠭᠵᠢᠭᠦᠯᠵᠦ᠂ ᠪᠡᠶᠡᠯᠡᠭᠦᠯᠦᠭᠰᠡᠨ ᠪᠡᠯᠡ  ᠣᠷᠤᠭᠤᠯᠤᠯᠲᠠ ᠶᠢ ᠠᠵᠦ ᠦᠢᠯᠡᠳᠪᠦᠷᠢ ᠶᠢᠨ ᠪᠡᠯᠡ ᠣᠷᠤᠭᠤᠯᠤᠯᠲᠠ ᠶᠢᠨ 40%᠎ ᠳᠤ ᠬᠦᠷᠭᠡᠨ᠎ᠡ᠃ ᠲᠥᠷᠥᠯ ᠵᠦᠢᠯ ᠤᠨ ᠬᠢᠨᠠᠨ  ᠵᠥᠪᠰᠢᠶᠡᠷᠡᠯ ᠤᠨ ᠳᠠᠭᠠᠷᠢᠯᠲᠠ ᠬᠢᠵᠦ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠭᠠᠷᠳᠠᠮ ᠢ 4ᠰᠠᠷ᠎ᠠ ᠶᠢᠨ ᠰᠡᠭᠦᠯᠴᠢ ᠠᠴᠠ ᠡᠮᠦᠨ᠎ᠡ  ᠪᠦᠬᠦᠨ ᠢ ᠬᠦᠢᠴᠡᠳᠬᠡᠨ ᠳᠠᠭᠤᠰᠬᠠᠵᠤ᠂ ᠬᠠᠪᠤᠷ ᠪᠣᠯᠤᠮᠠᠭᠴᠠ ᠠᠵᠢᠯ ᠡᠬᠢᠯᠡᠭᠦᠯᠬᠦ ᠶᠢ ᠪᠡᠶᠡᠯᠡᠭᠦᠯᠦᠨ᠎ᠡ᠃ ᠪᠡᠯᠡ ᠮᠥᠩᠭᠦ ᠶᠢ ᠲᠡᠮᠡᠴᠡᠨ ᠣᠯᠬᠤ  ᠳᠠᠭᠠᠷᠢᠯᠲᠠ ᠬᠢᠵᠦ᠂ ᠭᠦᠢᠴᠡᠳ ᠬᠦᠴᠦ ᠣᠷᠣᠭᠤᠯᠵᠤ ᠪᠠᠶᠢᠭᠠᠳ ᠨᠢᠭᠡ ᠪᠦᠯᠦᠭ ᠲᠦᠷᠦᠯ ᠵᠦᠢᠯ ᠢ ᠣᠨᠣᠪᠴᠢᠲᠠᠢ ᠲᠥᠯᠥᠪᠵᠢᠭᠦᠯᠵᠦ᠂  ᠮᠡᠳᠡᠭᠦᠯᠵᠦ᠂ ᠨᠥᠭᠡᠴᠡᠯᠡᠵᠦ᠂ ᠨᠢᠭᠡ ᠤᠳᠠᠭᠠᠨ ᠤ ᠪᠡᠶ᠎ᠡ ᠤᠷᠪᠠᠭ᠋ᠤ ᠳᠠᠶᠢᠯᠠᠯᠳᠤᠭᠠᠨ ᠢ ᠰᠠᠶᠢᠲᠤᠷ ᠬᠢᠨ᠎ᠡ᠃ ᠬᠤᠳᠠᠯᠳᠤᠭᠠᠴᠢᠨ ᠤᠷᠢᠵᠤ ᠪᠠᠯᠠ  ᠣᠷᠣᠭᠤᠯᠬᠤ ᠳᠠᠭᠠᠷᠢᠯᠲᠠ ᠬᠢᠵᠦ᠂ ᠬᠤᠳᠠᠯᠳᠤᠭᠠᠴᠢᠨ ᠤᠷᠢᠵᠤ ᠪᠠᠯᠠ ᠣᠷᠤᠭᠤᠯᠤᠭᠰᠠᠨ ᠣᠷᠣᠨᠵᠢᠭᠰᠠᠨ ᠪᠠᠯᠠ ᠮᠥᠩᠭᠦ ᠶᠢ 15%᠎ ᠠᠴᠠ  ᠳᠡᠭᠡᠭᠰᠢ ᠨᠡᠮᠡᠭᠳᠡᠭᠦᠯᠦᠨ᠎ᠡ᠃      2.ᠰᠢᠨ᠎ᠡ ᠨᠡᠮᠡᠭᠳᠡᠯ ᠤᠨ ᠴᠢᠭ ᠢ ᠪᠣᠶᠢᠵᠢᠭᠤᠯᠵᠤ ᠬᠡᠷᠡᠭᠯᠡᠭᠡᠨ ᠤ ᠰᠠᠶᠢᠵᠢᠷᠠᠯᠲᠠ ᠶᠢ ᠬᠦᠴᠦᠯᠡᠨ ᠠᠬᠢᠭᠤᠯᠤᠨ᠎ᠠ᠃      ᠬᠡᠷᠡᠭᠯᠡᠭᠡ ᠶᠢ ᠳᠡᠰ ᠲᠡᠪᠰᠢᠭᠦᠯᠵᠦ ᠥᠷᠭᠡᠳᠭᠡᠬᠦ ᠶᠢ ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠬᠡᠷᠡᠭᠯᠡᠭᠡᠨ ᠤ ᠳᠠᠯᠳᠠ ᠬᠦᠴᠦᠨ ᠪᠠ  ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠰᠢᠨ᠎ᠡ ᠡᠨᠧᠷᠭᠢ ᠶᠢᠨ ᠮᠠᠰᠢᠨ ᠲᠡᠷᠭᠡ᠂ ᠪᠣᠬᠢᠷᠲᠤᠯ ᠦᠭᠡᠢ ᠣᠶᠤᠨᠴᠢ ᠭᠡᠷ ᠤᠨ ᠴᠠᠬᠢᠯᠭᠠᠨ  ᠬᠡᠷᠡᠭᠰᠡᠯ ᠵᠡᠷᠭᠡ ᠬᠡᠷᠡᠭᠯᠡᠭᠡᠨ ᠤ ᠬᠠᠯᠠᠮᠰᠢᠯ ᠴᠢᠭ ᠢ ᠪᠤᠶᠢᠵᠢᠭᠤᠯᠵᠤ᠂ ᠰᠢᠭᠤᠳ ᠨᠡᠪᠲᠡᠷᠡᠭᠦᠯᠭᠡ ᠶᠢᠨ ᠡᠯᠧᠺᠲᠷᠣᠨ ᠬᠤᠳᠠᠯᠳᠤᠭ᠎ᠠ᠂ ᠣᠶᠤᠨᠴᠢ  ᠵᠢᠵᠢᠭᠯᠡᠨ ᠪᠣᠷᠤᠯᠠᠭᠤᠯᠭ᠎ᠠ ᠵᠡᠷᠭᠡ ᠰᠢᠨ᠎ᠡ ᠡᠵᠡᠩᠨᠡᠯᠲᠡ ᠶᠢᠨ ᠪᠠᠶᠢᠳᠠᠯ ᠤᠨ ᠬᠥᠭᠵᠢᠯᠲᠡ ᠶᠢ ᠳᠡᠮᠵᠢᠵᠦ᠂ ᠤᠯᠤᠰ ᠤᠨ ᠡᠯᠧᠺᠲᠷᠣᠨ  ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠨᠢᠭᠡ ᠪᠦᠯᠦᠭ ᠳᠠᠭᠤᠷᠢᠶᠠᠯ ᠦᠵᠡᠭᠦᠯᠬᠦ ᠰᠢᠶᠠᠨ ᠢ ᠪᠠᠶᠢᠭᠤᠯᠤᠨ᠎ᠠ᠃  26 ᠨᠢᠭᠡ ᠮᠥᠴᠡ ᠳᠤ ᠬᠦᠷᠬᠦ ᠠᠷᠠᠳ ᠲᠤ ᠲᠦᠬᠦᠮ ᠦᠵᠡᠭᠦᠯᠬᠦ ᠲᠣᠭᠤᠷᠢᠭ ᠢ ᠪᠦᠳᠦᠭᠡᠨ ᠪᠠᠶᠢᠭᠤᠯᠤᠨ᠎ᠠ᠃ ᠬᠤᠳᠠᠯ ᠬᠠᠭᠤᠷᠮᠠᠭ ᠴᠢᠨᠠᠷ  ᠮᠠᠭᠤ ᠪᠠᠷᠠᠭ᠎ᠠ ᠲᠠᠸᠠᠷ ᠲᠤ ᠴᠢᠩᠭ᠎ᠠ ᠴᠣᠬᠢᠯᠲᠠ ᠥᠭᠴᠦ᠂ ᠬᠡᠷᠡᠭᠯᠡᠭᠡᠨ ᠤ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠤᠨ᠎ᠠ᠃      3.ᠲᠥᠷᠥ ᠶᠢᠨ ᠪᠣᠳᠣᠯᠭ᠎ᠠ ᠶᠢᠨ ᠬᠠᠮ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠵᠢᠭᠦᠯᠵᠦ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ  ᠬᠥᠭᠵᠢᠭᠡᠨ᠎ᠡ᠃      ᠬᠤᠲᠠ ᠶᠢᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠭᠤᠣᠯ ᠠᠵᠢᠯ ᠢᠶᠠᠨ ᠳᠡᠰ ᠲᠡᠪᠰᠢᠭᠦᠯᠬᠦ ᠪᠠ ᠰᠢᠨ᠎ᠡ  ᠦᠢᠯᠡᠰ ᠢ ᠥᠷᠭᠡᠳᠬᠡᠬᠦ ᠶᠢ ᠳᠠᠮᠵᠢᠵᠤ᠂ ᠡᠵᠡᠩᠨᠡᠯᠲᠡ ᠶᠢᠨ ᠣᠷᠣᠯᠭ᠎ᠠ ᠪᠠ ᠠᠰᠢᠭ ᠣᠷᠣᠯᠭ᠎ᠠ ᠶᠢ 20%᠎ ᠠᠴᠠ ᠳᠡᠭᠡᠭᠰᠢ ᠨᠡᠮᠡᠭᠳᠡᠭᠦᠯᠦᠨ᠎ᠡ᠃  ︽ᠬᠤᠶᠠᠷ ᠡᠷᠡᠭᠦᠯ ᠮᠡᠨᠳᠦ︾᠎ ᠶᠢ ᠶᠡᠬᠡᠪᠡᠷ ᠠᠬᠢᠭᠤᠯᠵᠤ᠂ ᠲᠦᠮᠡᠨ ᠺᠠᠳ᠋ᠷ ᠲᠦᠮᠡᠨ ᠠᠵᠤ ᠠᠬᠤᠶᠢᠯᠠᠯ ᠳᠤ ᠣᠷᠤᠵᠤ ᠰᠠᠭᠤᠬᠤ ᠠᠵᠢᠯᠯᠠᠭ᠎ᠠ ᠶᠢ  ᠥᠷᠨᠢᠭᠦᠯᠵᠦ᠂ ᠠᠷᠠᠳ ᠤᠨ ᠡᠵᠡᠩᠨᠡᠯᠲᠡ ᠶᠢᠨ ᠬᠥᠷᠥᠩᠭᠡ ᠠᠴᠠ ᠪᠠᠯᠠ ᠣᠷᠣᠭᠤᠯᠤᠯᠲᠠ ᠶᠢᠨ ᠬᠤᠯᠪᠣᠭᠠᠲᠤ ᠴᠣᠭᠴᠠ ᠪᠠᠶᠢᠭᠤᠯᠬᠤ ᠶᠢ  ᠳᠡᠮᠵᠢᠨ᠎ᠡ᠃ ᠲᠣᠮᠣ ᠳᠤᠮᠳᠠ ᠵᠢᠵᠢᠭ ᠠᠵᠤ ᠠᠬᠤᠶᠢᠯᠠᠯ ᠢ ᠱᠠᠲᠤᠴᠢᠯᠠᠨ ᠪᠤᠶᠢᠵᠢᠭᠤᠯᠬᠤ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠭᠤᠤᠯ  ᠴᠣᠭᠴᠠ᠂ ︽ᠬᠡᠪᠴᠢᠶᠡᠵᠢᠯ ᠠᠴᠠ ᠳᠡᠭᠡᠭᠰᠢᠬᠢ ᠳᠥᠷᠪᠡᠨ ᠲᠦᠷᠦᠯ ᠤᠨ ᠠᠵᠤ ᠠᠬᠤᠶᠢᠯᠠᠯ︾᠎ ᠤᠨ ᠲᠤᠭ᠎ᠠ ᠬᠡᠮᠵᠢᠶ᠎ᠡ ᠶᠢ 10%᠎ ᠠᠴᠠ  ᠳᠡᠭᠡᠭᠰᠢ ᠨᠡᠮᠡᠭᠳᠡᠭᠦᠯᠦᠨ᠎ᠡ᠃ ᠮᠥᠩᠭᠦᠨ ᠭᠦᠢᠯᠭᠡᠭᠡᠨ ᠢᠶᠠᠷ ᠬᠦᠴᠦᠨ ᠨᠡᠮᠡᠷᠢᠯᠡᠵᠦ ᠬᠥᠭᠵᠢᠯᠲᠡ ᠶᠢᠨ ᠶᠠᠰᠤ ᠴᠢᠨᠠᠷ ᠦᠷ᠎ᠡ ᠪᠦᠲᠦᠮᠵᠢ ᠶᠢ  ᠳᠡᠭᠡᠭᠰᠢᠯᠡᠭᠦᠯᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠨᠡᠮᠡᠭᠳᠡᠯ ᠤᠨ ᠬᠡᠮᠵᠢᠶ᠎ᠡ᠂ ᠬᠡᠪᠴᠢᠶ᠎ᠡ ᠶᠢ  ᠥᠷᠭᠡᠳᠬᠡᠬᠦ ᠪᠠ ᠦᠨ᠎ᠡ ᠶᠢ ᠪᠠᠭᠤᠷᠠᠭᠤᠯᠬᠤ ᠶᠢ ᠠᠬᠢᠭᠤᠯᠵᠤ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠠᠵᠤ ᠠᠬᠤᠶᠢᠯᠠᠯ ᠢ 3᠂  ᠫᠠᠶᠢᠰᠠ ᠡᠯᠭᠦᠭᠰᠡᠨ ᠠᠵᠤ ᠠᠬᠤᠶᠢᠯᠠᠯ ᠢ 5 ᠰᠢᠨ᠎ᠡ ᠪᠠᠷ ᠨᠡᠮᠡᠭᠳᠡᠭᠦᠯᠦᠨ᠎ᠡ᠃      ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢ ᠡᠷᠡᠰ ᠭᠤᠶᠢᠪᠢᠰᠢ ᠦᠭᠡᠢ  ᠬᠡᠷᠡᠭᠵᠢᠭᠦᠯᠵᠦ᠂ ᠰᠢᠨ᠎ᠡ ᠬᠠᠭᠤᠴᠢᠨ ᠬᠦᠳᠡᠯᠭᠡᠭᠦ ᠡᠨᠧᠷᠬᠢ ᠶᠢᠨ ᠰᠤᠯᠢᠬᠳᠠᠯ ᠢ ᠲᠦᠷᠭᠡᠳᠭᠡᠨ᠎ᠡ᠃      1.ᠬᠦᠴᠦ ᠪᠠᠨ ᠲᠥᠪᠯᠡᠷᠡᠭᠦᠯᠦᠨ ᠳᠡᠭᠡᠳᠦ ᠳᠡᠰᠴᠢᠯᠡᠭᠰᠡᠨ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠤᠨ᠎ᠠ᠃      ᠤᠯᠤᠰ ᠤᠨ ᠦᠷᠭᠦᠯᠵᠢᠯᠡᠬᠦ ᠭᠦᠭᠵᠢᠯᠳᠠ ᠶᠢᠨ ᠵᠦᠪᠯᠡᠬᠦ ᠵᠦᠢᠯ ᠤᠨ ᠰᠢᠨ᠎ᠠ ᠶᠢ ᠡᠭᠦᠳᠭᠦ ᠲᠠᠭᠤᠷᠢᠶᠠᠯ ᠦᠵᠡᠭᠦᠯᠭᠦ ᠤᠷᠤᠨ ᠤ  ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠤ᠂ ᠬᠦᠬᠡᠬᠤᠳᠠ ᠪᠤᠭᠤᠳᠤ ᠤᠷᠳᠤᠰ ᠤᠨ ᠤᠯᠤᠰ ᠤᠨ ᠲᠡᠰ ᠤᠨ ᠪᠡᠶ᠎ᠡ ᠪᠠᠨ ᠲᠠᠭᠠᠭᠠᠵᠤ  ᠰᠢᠨ᠎ᠠ ᠶᠢ ᠡᠭᠦᠳᠭᠦ ᠲᠠᠭᠤᠷᠢᠶᠠᠯ ᠦᠵᠡᠭᠦᠯᠭᠦ ᠤᠷᠤᠨ ᠢ ᠡᠭᠦᠳᠦᠨ ᠪᠠᠶᠢᠭᠤᠯᠬᠤ ᠶᠢ ᠠᠬᠢᠭᠤᠯᠤᠨ᠎ᠠ᠃ ᠤᠯᠤᠰ ᠤᠨ ᠡᠨᠧᠷᠭᠢ ᠶᠢᠨ  ᠲᠤᠷᠰᠢᠯᠲᠠ ᠶᠢᠨ ᠲᠠᠰᠤᠭ ᠤᠨ ᠰᠠᠭᠤᠷᠢᠨ ᠭᠠᠵᠠᠷ ᠢ ᠮᠠᠨ ᠤ ᠬᠤᠳᠠ ᠳᠤ ᠨᠤᠲᠤᠭᠰᠢᠭᠤᠯᠬᠤ ᠶᠢ ᠠᠬᠢᠭᠤᠯᠵᠤ᠂ ᠤᠯᠤᠰ ᠤᠨ ᠳᠡᠰ᠂  ᠥᠪᠡᠷᠲᠡᠭᠡᠨ ᠵᠠᠰᠠᠬᠤ ᠣᠷᠣᠨ ᠤ ᠳᠡᠰ ᠤᠨ ᠰᠤᠳᠤᠯᠤᠨ ᠨᠡᠭᠡᠭᠡᠬᠦ ᠪᠠᠶᠢᠭᠤᠯᠤᠮᠵᠢ ᠶᠢ ᠰᠢᠨ᠎ᠡ ᠪᠠᠷ 10 ᠨᠡᠮᠡᠭᠳᠡᠭᠦᠯᠦᠨ᠎ᠡ᠃ ᠳᠠᠪᠠᠭᠤᠯᠢᠭ ᠭᠠᠵᠠᠷ  ᠣᠷᠣᠨ ᠤ ᠰᠢᠨ᠎ᠡ ᠶᠢ ᠡᠭᠦᠳᠬᠦ ᠡᠬᠢ ᠪᠠᠶᠠᠯᠢᠭ ᠢ ᠢᠳᠡᠪᠬᠢᠲᠡᠢ ᠪᠠᠷ ᠵᠠᠯᠭᠠᠨ ᠠᠪᠴᠤ᠂ ᠨᠢᠭᠡ ᠪᠦᠯᠦᠭ ︽ᠰᠠᠭᠤᠷᠢᠨ ᠭᠠᠵᠠᠷ ᠠᠴᠠ ᠰᠠᠯᠤᠭᠰᠠᠨ  ᠨᠡᠪᠴᠢᠭᠦᠯᠦᠭᠦᠷ︾᠂ ︽ᠰᠢᠨ᠎ᠡ ᠶᠢ ᠡᠭᠦᠳᠬᠦ ᠣᠭᠤᠷᠴᠤᠭ ᠬᠠᠷᠢᠶ᠎ᠠ ᠭᠠᠵᠠᠷ︾᠎ ᠢ ᠪᠠᠶᠢᠭᠤᠯᠤᠨ᠎ᠠ᠃      2.ᠬᠦᠴᠦ ᠪᠠᠨ ᠲᠥᠪᠯᠡᠷᠡᠭᠦᠯᠦᠨ ᠳᠡᠭᠡᠳᠦ ᠡᠨᠧᠷᠭᠢ ᠶᠢᠨ ᠳᠡᠰ ᠤᠨ ᠰᠢᠨ᠎ᠡ ᠶᠢ ᠡᠭᠦᠳᠬᠦ ᠭᠤᠣᠯ ᠴᠣᠭᠴᠠ ᠶᠢ ᠪᠤᠶᠢᠵᠢᠭᠤᠯᠤᠨ᠎ᠠ᠃      ᠰᠢᠨ᠎ᠡ ᠶᠢ ᠡᠭᠦᠳᠬᠦ ᠬᠡᠯᠪᠡᠷᠢ ᠶᠢᠨ ᠳᠠᠭᠠᠭᠤᠯᠤᠭᠴᠢ ᠠᠵᠤ ᠠᠬᠤᠶᠢᠯᠠᠯ ᠢᠶᠠᠷ ᠭᠠᠪᠰᠢᠭᠠᠶᠢᠯᠠᠬᠤ ᠬᠦᠴᠦᠨ᠂ ᠳᠡᠭᠡᠳᠦ ᠰᠢᠨ᠎ᠡ  ᠮᠡᠷᠭᠡᠵᠢᠯ ᠤᠨ ᠠᠵᠤ ᠠᠬᠤᠶᠢᠯᠠᠯ ᠢᠶᠠᠷ ᠭᠤᠤᠯᠯᠠᠭᠴᠢ ᠬᠦᠴᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ  ᠠᠬᠤᠶᠢᠯᠠᠯ ᠢᠶᠠᠷ ᠰᠢᠨ᠎ᠡ ᠬᠦᠴᠦᠨ ᠪᠣᠯᠭᠠᠭᠰᠠᠨ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠤᠨ ᠰᠦᠷᠦᠭᠵᠢᠯ ᠢ ᠲᠦᠷᠭᠡᠳᠬᠡᠨ  ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠢ 2 ᠪᠣᠶᠢᠵᠢᠭᠤᠯᠵᠤ᠂ ᠤᠯᠤᠰ ᠤᠨ ᠳᠡᠭᠡᠳᠦ ᠰᠢᠨ᠎ᠡ  ᠮᠡᠷᠭᠡᠵᠢᠯ ᠤᠨ ᠠᠵᠤ ᠠᠬᠤᠶᠢᠯᠠᠯ ᠢ 230 ᠬᠦᠷᠭᠡᠵᠦ᠂ 300 ᠠᠵᠤ ᠠᠬᠤᠶᠢᠯᠠᠯ ᠢ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ  ᠳᠤᠮᠳᠠ ᠵᠢᠵᠢᠭ ᠠᠵᠤ ᠠᠬᠤᠶᠢᠯᠠᠯ ᠤᠨ ᠬᠦᠮᠦᠷᠭᠡ ᠳᠤ ᠤᠷᠤᠭᠤᠯᠤᠨ᠎ᠠ᠃ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠬᠦᠴᠦᠯᠡᠴᠡ ᠨᠢ  3%᠎ ᠠᠴᠠ ᠳᠡᠭᠡᠭᠰᠢᠬᠢ ᠠᠵᠤ ᠠᠬᠤᠶᠢᠯᠠᠯ ᠢ ᠭᠤᠤᠯᠳᠠᠯᠭ᠎ᠠ ᠲᠠᠢ ᠳᠡᠮᠵᠢᠵᠦ᠂ ︽ᠭᠤᠷᠪᠠ ᠶᠢ ᠦᠭᠡᠶᠢᠰᠭᠡᠬᠦ︾ ᠠᠵᠤ ᠠᠬᠤᠶᠢᠯᠠᠯ ᠢ  ᠰᠢᠨ᠎ᠡ ᠪᠠᠷ 40 ᠨᠡᠮᠡᠭᠳᠡᠭᠦᠯᠵᠦ᠂ ᠪᠥᠬᠦ ᠨᠡᠶᠢᠭᠡᠮ ᠤᠨ ᠰᠤᠳᠤᠯᠤᠨ ᠨᠡᠭᠡᠭᠡᠬᠦ ᠵᠠᠷᠤᠳᠠᠯ ᠤᠨ ᠣᠷᠣᠭᠤᠯᠤᠯᠲᠠ ᠶᠢ 25%᠎ ᠪᠠᠷ ᠨᠡᠮᠡᠭᠳᠡᠭᠦᠯᠦᠨ᠎ᠡ᠃      3.ᠬᠦᠴᠦ ᠪᠠᠨ ᠲᠥᠪᠯᠡᠷᠡᠭᠦᠯᠦᠨ ᠥᠨᠳᠥᠷ ᠲᠦᠪᠰᠢᠨ ᠪᠦᠬᠦᠢ ᠰᠢᠨ᠎ᠡ ᠶᠢ ᠡᠭᠦᠳᠬᠦ ᠴᠢᠳᠠᠪᠤᠷᠢᠲᠠᠨ ᠢ ᠣᠷᠤᠭᠤᠯᠤᠨ ᠬᠥᠮᠥᠵᠢᠭᠦᠯᠦᠨ᠎ᠡ᠃      ᠰᠢᠪᠲᠤᠯᠤᠯᠲᠠ ᠶᠢᠨ ᠴᠢᠨᠠᠷᠲᠠᠶ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠣᠷᠦ᠋ᠢᠯᠠᠭᠰᠠᠨ ᠴᠢᠳᠠᠪᠤᠷᠢᠲᠠᠨ ᠤ ︽  ᠨᠢᠭᠡ ᠤᠴᠢᠷ ᠢ ᠨᠢᠭᠡ ᠵᠥᠪᠯᠡᠬᠦ︾ ᠲᠣᠭᠲᠠᠴᠠ ᠶᠢ ᠲᠡᠭᠦᠯᠳᠡᠷᠵᠢᠭᠦᠯᠵᠦ᠂ ᠣᠷᠳᠣᠰ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ  ᠤᠷᠤᠯᠳᠤᠭᠠᠨ ᠪᠠ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠤ ᠬᠠᠮᠲᠤᠷᠠᠯᠴᠠᠭ᠎ᠠ ᠰᠣᠯᠢᠯᠴᠠᠭ᠎ᠠ ᠶᠢᠨ ᠬᠤᠷᠠᠯ᠂ ︽ᠨᠢᠭᠡ ᠤᠷᠤᠯᠳᠤᠭᠠᠨ  ᠨᠢᠭᠡ ᠬᠤᠷᠠᠯ︾᠎ ᠢᠶᠠᠷ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠨᠠᠷᠠᠲᠤ ᠲᠥᠷᠥᠯ ᠲᠡᠮᠳᠡᠭᠲᠦ ᠶᠢ ᠨᠠᠷᠢᠨ ᠨᠢᠮᠪᠠᠶ ᠡᠭᠦᠳᠴᠦ᠂ ︽  ᠠᠺᠠᠳᠧᠮᠢᠴᠢ ᠶᠢᠨ ᠣᠷᠳᠣᠰ ᠤᠨ ᠠᠶᠠᠯᠠᠯ︾ ᠪᠠ ︽ᠴᠢᠳᠠᠪᠤᠷᠢᠲᠠᠨ ᠪᠠ ᠣᠶᠤᠨ ᠤᠬᠠᠭᠠᠨ ᠢ ᠶᠡᠭᠡ ᠳᠡᠭᠡᠳᠦ ᠰᠤᠷᠭᠠᠭᠤᠯᠢ ᠳᠤ ᠣᠷᠣᠭᠤᠯᠬᠤ︾  ᠰᠢᠷᠢᠰ ᠠᠵᠢᠯᠯᠠᠭ᠎ᠠ ᠶᠢ ᠥᠷᠨᠢᠭᠦᠯᠵᠦ᠂ ᠨᠢᠭᠡ ᠪᠦᠯᠦᠭ ᠳᠡᠭᠡᠳᠦ ᠲᠠᠰ ᠳᠠᠪᠬᠤᠷᠭ᠎ᠠ ᠶᠢᠨ ᠰᠢᠨ᠎ᠡ ᠶᠢ ᠡᠭᠦᠳᠬᠦ ᠴᠢᠳᠠᠪᠤᠷᠢᠲᠠᠨ ᠤ ᠪᠦᠯᠬᠦᠮ ᠪᠠ  ᠠᠵᠤ ᠦᠢᠯᠡᠰ ᠤᠨ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠴᠢᠳᠠᠪᠤᠷᠢᠲᠠᠨ ᠢ ᠰᠢᠨ᠎ᠡ ᠪᠠᠷ ᠣᠷᠣᠭᠤᠯᠤᠨ ᠠᠪᠴᠢᠷᠠᠵᠤ᠂ ᠰᠢᠨᠵᠢᠯᠡᠬᠦ  ᠤᠬᠠᠭᠠᠨ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠢ 10 ᠬᠦᠮᠦᠵᠢᠭᠦᠯᠦᠨ ᠬᠢᠨᠠᠨ ᠲᠣᠭᠲᠠᠭᠠᠨ᠎ᠠ᠃ ᠴᠢᠳᠡᠪᠦᠷᠢᠳᠡᠨ ᠪᠠ ᠰᠢᠨᠵᠢᠯᠡᠬᠦ  ᠣᠬᠠᠭᠠᠨ ᠮᠡᠷᠭᠡᠵᠢᠯ ᠤᠨ ᠰᠢᠨ᠎ᠡ ᠶᠢ ᠡᠬᠦᠳᠬᠦ ᠲᠥᠪ ᠢ ᠪᠠᠶᠢᠭᠤᠯᠤᠨ ᠠᠰᠢᠭᠯᠠᠯᠲᠠ ᠳᠤ ᠣᠷᠤᠭᠤᠯᠵᠤ᠂ ᠳᠡᠭᠡᠳᠦ ᠳᠡᠰ ᠲᠠᠪᠬᠤᠷᠭ᠎ᠠ ᠶᠢᠨ  ᠴᠢᠳᠡᠪᠦᠷᠢᠳᠡᠨ ᠤ ᠦᠢᠯᠡᠴᠢᠯᠡᠭᠡ ᠶᠢ ᠪᠡᠷᠢᠮᠵᠢᠶᠡᠵᠢᠭᠤᠯᠥᠨ ᠳᠡᠭᠡᠭᠰᠢᠯᠡᠬᠦᠯᠬᠦ ᠠᠵᠢᠯᠯᠠᠭ᠎ᠠ ᠶᠢ ᠭᠡᠷᠡᠭᠵᠢᠬᠦᠯᠦᠨ᠎ᠡ᠃      4.ᠬᠦᠴᠦ ᠪᠠᠨ ᠲᠥᠪᠯᠡᠷᠡᠭᠦᠯᠦᠨ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠶ ᠦᠷ᠎ᠡ ᠪᠦᠲᠦᠭᠡᠯ ᠢ ᠪᠣᠶ ᠪᠣᠯᠭᠠᠨ᠎ᠠ᠃      ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠡᠷᠳᠡᠮ ᠰᠢᠨᠵᠢᠯᠡᠭᠡᠨ ᠤ ᠲᠦᠷᠦᠯ ᠵᠦᠢᠯ ᠳᠤ  ᠴᠢᠭᠯᠡᠭᠦᠯᠦᠨ᠂ 5 ᠲᠥᠷᠥᠯ ᠵᠦᠢᠯ ᠢ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠳᠤ ᠣᠷᠣᠭᠤᠯᠬᠤ ᠪᠠᠷ ᠴᠢᠷᠮᠠᠶᠢᠵᠤ᠂  10 ᠵᠦᠢᠯ ᠤᠨ ᠴᠢᠬᠤᠯᠠ ᠶᠡᠭᠡ ᠪᠡᠯᠭᠡ ᠲᠡᠮᠳᠡᠭ ᠤᠨ ᠴᠢᠨᠠᠷᠲᠠᠶ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃  ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠪᠠ ᠦᠷ᠎ᠡ ᠪᠦᠲᠦᠭᠡᠯ ᠢ ᠬᠤᠪᠢᠷᠠᠭᠤᠯᠬᠤ ᠠᠵᠢᠯ ᠢ ᠥᠷᠨᠢᠭᠦᠯᠵᠦ᠂ ᠪᠦᠬᠦ ᠤᠯᠤᠰ ᠤᠨ  ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠰᠢᠨ᠎ᠡ ᠡᠨᠧᠷᠭᠢ ᠶᠢᠨ ᠰᠢᠨ᠎ᠡ ᠶᠢ ᠡᠭᠦᠳᠬᠦ ᠮᠡᠷᠭᠡᠵᠢᠯ ᠤᠨ ᠡᠭᠦᠰᠦᠯᠲᠡ ᠶᠢᠨ  ᠭᠠᠵᠠᠷ ᠢ ᠪᠥᠲᠥᠭᠡᠨ ᠪᠠᠶᠢᠭᠤᠯᠤᠨ᠎ᠠ᠃      ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠭᠦᠯᠬᠦ ᠶᠢ ᠡᠷᠡᠰ ᠭᠤᠶᠢᠪᠢᠰᠢ ᠦᠭᠡᠢ ᠲᠦᠷᠭᠡᠳᠬᠡᠵᠦ᠂ ᠠᠵᠤ  ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠪᠠ ᠠᠶᠤᠯᠭᠦᠢ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃      1.ᠳᠥᠷᠪᠡᠨ ᠳᠡᠯᠡᠬᠡᠢ ᠶᠢᠨ ᠳᠡᠰ ᠤᠨ ᠠᠵᠤ ᠦᠢᠯᠡᠰ ᠢ ᠬᠦᠴᠦᠯᠡᠨ ᠪᠠᠶᠢᠭᠤᠯᠤᠨ᠎ᠠ᠃      6 ᠨᠡᠭᠦᠷᠡᠰᠦᠨ ᠠᠭᠤᠷᠬᠠᠢ ᠶᠢ ᠪᠠᠷᠢᠯᠭ᠎ᠠ ᠡᠬᠢᠯᠡᠭᠦᠯᠦᠨ ᠪᠦᠳᠦᠭᠡᠨ ᠪᠠᠶᠢᠭᠤᠯᠵᠤ᠂ ᠨᠡᠭᠦᠷᠡᠰᠦᠨ ᠤ ᠪᠣᠷᠤᠯᠠᠭᠤᠯᠤᠯᠲᠠ ᠶᠢᠨ ᠬᠡᠮᠵᠢᠶ᠎ᠡ ᠶᠢ  8.5ᠳ᠋ᠦᠩᠰᠢᠭᠤᠷ ᠲᠣᠨ ᠳᠤ ᠬᠦᠷᠭᠡᠵᠦ᠂ 532 ᠲᠦᠮᠡᠨ ᠺᠢᠯᠣᠸᠠᠲ ᠤᠨ ᠨᠡᠭᠦᠷᠡᠰᠦ ᠴᠠᠬᠢᠯᠭᠠᠨ ᠤ ᠮᠠᠰᠢᠨ ᠴᠣᠭᠴᠠᠯᠠᠪᠤᠷᠢ ᠶᠢ ᠪᠠᠶᠢᠭᠤᠯᠤᠨ  ᠲᠣᠣᠷ ᠨᠡᠶᠢᠯᠡᠭᠦᠯᠵᠦ᠂ ᠱᠦᠷᠬᠡᠢ ᠶᠢᠨ ᠪᠠᠶᠢᠭᠠᠯᠢ ᠶᠢᠨ ᠰᠢᠲᠠᠮᠠᠬᠠᠢ ᠬᠡᠢ ᠶᠢ ᠰᠢᠢᠳᠪᠦᠷᠢᠯᠡᠬᠦ ᠶᠡᠷᠦᠩᠬᠡᠢ ᠦᠢᠯᠡᠳᠪᠦᠷᠢ ᠶᠢᠨ ᠲᠦᠷᠦᠯ ᠵᠦᠢᠯ ᠢ  ᠬᠡᠷᠡᠭᠵᠢᠬᠦᠯᠦᠨ᠎ᠡ᠃ ᠴᠢᠬᠤᠯᠠ ᠬᠦᠴᠦᠨ ᠵᠦᠢᠯ ᠤᠨ ᠡᠬᠢ ᠪᠠᠶᠠᠯᠢᠭ ᠢ ᠲᠥᠪᠯᠡᠷᠡᠭᠦᠯᠦᠨ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ  ᠦᠢᠯᠡᠳᠪᠦᠷᠢ ᠶᠢᠨ ᠠᠵᠤ ᠦᠢᠯᠡᠰ ᠤᠨ ᠳᠠᠭᠤᠷᠢᠶᠠᠯ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠦᠦ ᠹᠧᠩ ᠤᠨ  ᠪᠣᠬᠢᠷᠲᠤᠯ ᠦᠭᠡᠢ ᠤᠰᠤᠲᠥ᠋ᠷᠥᠭᠴᠢ ᠬᠢᠭᠡᠳ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠡᠪᠴᠡᠯᠳᠦᠯ᠂ ᠷᠦᠩ ᠰᠢᠨ ᠤ ᠮᠧᠲ᠋ᠢᠯ  ᠠᠯᠺᠤᠤᠯ ᠢᠶᠠᠷ ᠠᠯᠺᠧᠨ ᠦᠢᠯᠡᠳᠬᠦ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂   ᠨᠡᠭᠦᠷᠡᠰᠦ ᠪᠠᠷ ᠰᠠᠭᠤᠷᠢ ᠪᠣᠯᠭᠠᠭᠰᠠᠨ ᠬᠢᠮᠢ ᠶᠢᠨ ᠪᠤᠳᠠᠰ ᠢ ᠵᠠᠳᠠᠷᠠᠭᠤᠯᠵᠤ ᠪᠣᠯᠬᠤ ᠮᠠᠲ᠋ᠧᠷᠢᠶᠠᠯ᠂ ᠳᠡᠭᠡᠳᠦ ᠲᠡᠰ ᠤᠨ ᠬᠢᠮᠢ ᠶᠢᠨ ᠪᠣᠳᠠᠰ ᠲᠡᠰᠢ  ᠤᠷᠲᠤᠳᠬᠠᠬᠤ ᠶᠢ ᠠᠬᠢᠭᠤᠯᠤᠨ᠎ᠠ᠃ 1616 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠲᠦᠷᠦᠯ ᠵᠦᠢᠯ ᠢ  ᠬᠡᠷᠡᠭᠵᠢᠭᠦᠯᠵᠦ᠂ 1200 ᠲᠦᠮᠡᠨ ᠺᠢᠯᠣᠸᠠᠲ ᠢ ᠪᠠᠶᠢᠭᠤᠯᠤᠨ ᠪᠦᠲᠦᠭᠡᠨ᠎ᠡ᠃ ᠯᠦᠩ ᠵᠢᠶ ᠶᠢᠨ ᠪᠣᠬᠢᠷᠳᠤᠯ ᠦᠭᠡᠢ ᠭᠡᠷᠡᠯ ᠴᠡᠨᠡᠭ ᠤᠨ  ᠲᠣᠨᠣᠭᠯᠠᠯ᠂ ᠵᠥᠩ ᠴᠧ ᠶᠢᠨ ᠰᠠᠯᠬᠢᠨ ᠬᠦᠴᠦᠨ ᠤ ᠮᠠᠰᠢᠨ ᠵᠡᠷᠭᠡ ᠲᠥᠷᠥᠯ ᠵᠦᠢᠯ ᠢ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂  ᠷᠦᠨ ᠶᠠᠩ ᠭᠡᠷᠡᠯ ᠴᠡᠨᠡᠭ ᠤᠨ ᠲᠣᠨᠣᠭᠯᠠᠯ ᠦᠢᠯᠡᠳᠬᠦ᠂ ᠶᠤᠸᠠᠨ ᠵᠢᠩ ᠤᠨ ᠬᠤᠶᠠᠳᠤᠭᠠᠷ ᠬᠤᠭᠤᠴᠠᠭ᠎ᠠ᠂ ᠵᠢᠩ ᠣᠣ᠂ ᠱᠠᠩᠬᠠᠢ ᠶᠢᠨ ᠮᠠᠰᠢᠨ  ᠲᠡᠷᠭᠡᠨ ᠤ ᠬᠤᠩ ᠶᠠᠨ ᠮᠠᠰᠢᠨ ᠲᠡᠷᠭᠡ ᠵᠡᠷᠭᠡ ᠲᠥᠷᠥᠯ ᠵᠦᠢᠯ ᠢ ᠨᠤᠲᠤᠭᠰᠢᠭᠤᠯᠤᠨ ᠪᠦᠲᠦᠭᠡᠨ ᠪᠠᠶᠢᠭᠤᠯᠬᠤ ᠶᠢ ᠲᠦᠷᠭᠡᠳᠭᠡᠨ᠎ᠠ᠃ ᠴᠢᠨᠠᠷ  ᠰᠠᠶᠢᠲᠠᠶ ᠠᠷᠪᠠᠰ ᠤᠨ ᠨᠣᠣᠯᠤᠭᠤᠷ ᠤᠨ ᠢᠮᠠᠭ᠎ᠠ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ ᠨᠣᠣᠯᠤᠭᠤᠷ ᠤᠨ ᠢᠮᠠᠭᠠᠨ ᠤ ᠰᠢᠨᠵᠢᠯᠡᠬᠦ  ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠢᠮᠠᠭᠠᠨ ᠨᠣᠣᠯᠤᠭᠤᠷ ᠤᠨ ᠠᠵᠤ ᠦᠢᠯᠡᠰ ᠤᠨ ᠲᠥᠪ ᠤᠨ ᠪᠦᠲᠦᠭᠡᠨ  ᠪᠠᠶᠢᠭᠤᠯᠤᠯᠲᠠ ᠶᠢ ᠲᠦᠷᠭᠡᠳᠬᠡᠨ᠎ᠡ᠃      2.ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ ᠶᠢ ᠶᠡᠬᠡᠪᠡᠷ ᠠᠬᠢᠭᠤᠯᠤᠨ᠎ᠠ᠃       ︽ᠵᠠᠭᠤᠨ ᠵᠦᠢᠯ ᠤᠨ ᠮᠡᠷᠭᠡᠵᠢᠯ ᠤᠨ ᠥᠭᠡᠷᠡᠴᠢᠯᠡᠯᠲᠡ︾᠂   ︽ᠵᠠᠭᠤᠨ ᠠᠵᠤ ᠠᠬᠤᠶᠢᠯᠠᠯ ᠢ ᠳᠡᠭᠡᠭᠰᠢᠯᠡᠭᠦᠯᠬᠦ︾᠎ ᠶᠢ ᠬᠡᠷᠡᠭᠵᠢᠭᠦᠯᠵᠦ ᠂ ᠬᠡᠤᠷᠰᠢᠭᠦᠯᠬᠦ᠂ ᠴᠠᠬᠢᠯᠠᠭᠤᠷ ᠴᠢᠯᠠᠭᠤ᠂ ᠪᠣᠯᠣᠳ ᠲᠡᠮᠦᠷ᠂ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢ ᠪᠣᠯᠪᠠᠰᠤᠷᠠᠭᠤᠯᠬᠤ  ᠵᠡᠷᠭᠡ ᠠᠵᠤ ᠦᠢᠯᠡᠰ ᠤᠨ ᠬᠡᠯᠬᠢᠶ᠎ᠡ ᠶᠢ ᠳᠤᠮᠳᠠ ᠳᠣᠤᠷᠠᠳᠤ ᠬᠡᠯᠬᠢᠶ᠎ᠡ ᠲᠡᠶᠢᠰᠢ ᠤᠷᠲᠤᠳᠬᠠᠬᠤ᠂ ᠦᠢᠯᠡᠳᠬᠦᠨ ᠢ ᠳᠤᠮᠳᠠ ᠳᠡᠭᠡᠳᠦ ᠲᠠᠰ  ᠲᠡᠶᠢᠰᠢ ᠲᠡᠪᠰᠢᠭᠦᠯᠬᠦ ᠶᠢ ᠠᠬᠢᠭᠤᠯᠤᠨ᠎ᠠ᠃ ᠪᠠᠶᠢᠯᠳᠣᠬᠤ ᠪᠣᠳᠣᠯᠭ᠎ᠠ ᠶᠢᠨ ᠴᠢᠨᠡᠷᠳᠡᠢ ᠰᠢᠨ᠎ᠡ ᠪᠠᠷ ᠬᠥᠭᠵᠢᠭᠰᠡᠨ ᠠᠵᠦ ᠦᠢᠯᠡᠰ ᠢ  ᠬᠦᠭᠵᠢᠬᠦᠯᠥᠨ ᠪᠤᠵᠠᠭᠠᠶᠢᠷᠡᠭᠤᠯᠵᠦ᠂ ᠦᠢᠯᠡᠳᠬᠦ ᠦᠢᠯᠡᠰ ᠤᠨ ᠭᠠᠭᠴᠠ ᠳᠦᠷᠦᠯ ᠤᠨ ᠮᠠᠩᠯᠠᠶᠢᠯᠠᠭᠴᠢ ᠠᠵᠦ ᠠᠬᠤᠶᠢᠯᠠᠯ ᠦᠭᠡᠢ  ᠬᠤᠭᠤᠰᠤᠨ ᠢ ᠰᠢᠪᠲᠤᠯᠬᠤ ᠶᠢ ᠠᠬᠢᠭᠤᠯᠵᠤ᠂ ᠣᠯᠥᠰ ᠤᠨ ᠳᠡᠰ ᠤᠨ ᠲᠤᠰᠬᠠᠶᠢᠵᠢᠭᠰᠠᠨ ᠨᠠᠷᠢᠯᠢᠭᠵᠢᠭᠰᠠᠨ ᠣᠨᠴᠠᠯᠢᠭᠲᠤ ᠰᠢᠨ᠎ᠡ ︽ᠵᠢᠵᠢᠭ  ᠠᠪᠤᠷᠭᠤ︾ ᠠᠵᠦ ᠠᠬᠤᠶᠢᠯᠠᠯ ᠢ 3᠂ ᠦᠪᠡᠷᠳᠡᠭᠡᠨ ᠵᠠᠰᠠᠬᠤ ᠣᠷᠣᠨ ᠤ ᠳᠡᠰ ᠤᠨ ᠲᠤᠰᠬᠠᠶᠢᠵᠢᠭᠰᠠᠨ ᠨᠠᠷᠢᠯᠢᠭᠵᠢᠭᠰᠠᠨ ᠣᠨᠴᠠᠯᠢᠭᠲᠤ ᠰᠢᠨ᠎ᠠ  ᠳᠤᠮᠳᠠ ᠵᠢᠵᠢᠭ ᠠᠵᠦ ᠠᠬᠤᠶᠢᠯᠠᠯ ᠢ 12 ᠪᠤᠶᠢᠵᠢᠭᠤᠯᠵᠦ᠂ ᠳᠡᠭᠡᠳᠣ ᠮᠡᠷᠭᠡᠵᠢᠯ ᠤᠨ ᠦᠢᠯᠡᠳᠬᠦ ᠦᠢᠯᠡᠰ ᠤᠨ ᠠᠵᠦ ᠠᠬᠤᠶᠢᠯᠠᠯ ᠢ 5᠂  ᠠᠵᠦ ᠦᠢᠯᠡᠳᠪᠦᠷᠢ ᠶᠢᠨ ᠳᠦᠷᠦᠯ ᠵᠦᠢᠯ ᠢ ᠥᠷᠭᠡᠳᠭᠡᠭᠰᠡᠨ ᠠᠵᠦ ᠠᠬᠤᠶᠢᠯᠠᠯ ᠢ 50 ᠨᠡᠮᠡᠭᠳᠡᠬᠦᠯᠦᠨ᠎ᠠ᠃ ᠲᠣᠭᠠᠴᠢᠯᠠᠭᠰᠠᠨ ᠠᠵᠤ  ᠠᠬᠤᠶ ᠶᠢᠨ ᠬᠥᠭᠵᠢᠯᠲᠡ ᠶᠢ ᠲᠥᠷᠭᠡᠳᠭᠡᠵᠦ᠂ ᠲᠣᠭᠠᠴᠢᠯᠠᠭᠰᠠᠨ ᠥᠭᠡᠷᠡᠴᠢᠯᠡᠯᠲᠡ ᠶᠢᠨ ᠲᠤᠷᠰᠢᠯᠲᠠ ᠶᠢᠨ ᠳᠠᠭᠤᠷᠢᠶᠠᠯ ᠦᠵᠡᠭᠦᠯᠬᠦ ᠠᠵᠤ  ᠠᠬᠤᠶᠢᠯᠠᠯ ᠢ 50 ᠪᠠᠶᠢᠭᠤᠯᠵᠤ᠂ 15 ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ ᠢ ᠰᠢᠨ᠎ᠡ ᠪᠠᠷ ᠪᠠᠶᠢᠭᠤᠯᠤᠨ᠎ᠠ᠃  ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠲᠥᠪᠯᠡᠷᠡᠯ ᠤᠨ ᠬᠡᠮᠵᠢᠶ᠎ᠡ ᠂ ᠳᠠᠭᠠᠭᠠᠬᠤ ᠴᠢᠳᠠᠪᠤᠷᠢ ᠪᠣᠯᠤᠨ ᠪᠣᠬᠢᠷᠲᠤᠯ ᠦᠭᠡᠶᠢᠵᠢᠭᠦᠯᠬᠦ  ᠬᠢᠷᠢ ᠲᠥᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ᠂  ᠶᠡᠷᠦᠩᠬᠡᠶᠢᠯᠡᠭᠰᠡᠨ ᠭᠠᠶᠢᠯᠢ ᠶᠢ ᠪᠠᠲᠤᠯᠠᠬᠤ ᠣᠷᠣᠨ ᠤ ᠶᠠᠰᠤ ᠴᠢᠨᠠᠷ ᠢ ᠳᠡᠭᠡᠭᠰᠢᠯᠡᠭᠦᠯᠦᠨ ᠣᠷᠣᠨ ᠪᠠᠶᠢᠷᠢ ᠲᠡᠪᠰᠢᠬᠦ ᠶᠢ ᠲᠦᠷᠭᠡᠳᠬᠡᠨ᠎ᠡ᠃      3.ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠶᠡᠬᠡᠪᠡᠷ ᠬᠥᠭᠵᠢᠭᠦᠯᠦᠨ᠎ᠡ᠃      ᠠᠵᠦ ᠦᠢᠯᠡᠰ ᠤᠨ ᠭᠡᠯᠬᠢᠶ᠎ᠠ ᠶᠢᠨ ᠲᠣᠭᠤᠷᠢᠨ ᠳᠤ ᠦᠢᠯᠡᠴᠢᠯᠡᠭᠡᠨ ᠤ ᠦᠢᠯᠡᠰ ᠤᠨ ᠬᠡᠯᠬᠢᠶ᠎ᠡ ᠶᠢ ᠪᠠᠶᠢᠷᠢᠯᠠᠭᠤᠯᠵᠤ᠂ ᠰᠣᠳᠣᠯᠥᠨ  ᠨᠡᠭᠡᠭᠡᠵᠦ ᠵᠢᠷᠦᠠᠠᠯᠠᠨ ᠳᠦᠯᠦᠪᠯᠡᠬᠦ᠂ ᠮᠡᠳᠡᠭᠡ ᠵᠠᠩᠬᠢ ᠶᠢᠨ ᠵᠦᠭᠡᠯᠡᠨ ᠲᠣᠨᠤᠭ᠂ ᠠᠵᠢᠯᠯᠠᠭᠤᠯᠵᠦ ᠬᠠᠮᠠᠭᠠᠯᠬᠠᠥ ᠦᠢᠯᠡᠴᠢᠯᠡᠭᠡ᠂ ᠰᠢᠯᠭᠠᠨ  ᠪᠠᠶᠢᠴᠠᠭᠠᠵᠦ ᠪᠠᠶᠢᠴᠠᠭᠠᠨ ᠭᠡᠮᠵᠢᠬᠦ ᠵᠡᠷᠭᠡ ᠦᠢᠯᠡᠳᠪᠦᠷᠢᠯᠡᠯ ᠤᠨ ᠴᠢᠨᠡᠷᠳᠡᠢ ᠦᠢᠯᠡᠴᠢᠯᠡᠭᠡᠨ ᠤ ᠦᠢᠯᠡᠰ ᠢ ᠬᠦᠴᠣᠯᠡᠨ ᠣᠷᠣᠭᠤᠯᠥᠨ  ᠠᠪᠴᠢᠷᠡᠵᠦ ᠪᠤᠶᠢᠵᠢᠭᠤᠯᠵᠦ᠂ ᠨᠢᠭᠡ ᠪᠦᠯᠥᠭ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠪᠤᠯᠥᠨ ᠳᠡᠷᠢᠬᠦᠨ ᠤ ᠦᠢᠯᠡᠳᠬᠦ ᠦᠢᠯᠡᠰ ᠢ  ᠠᠭᠤᠰᠣᠯᠴᠠᠭᠤᠯᠥᠨ ᠬᠦᠭᠵᠢᠬᠦᠯᠬᠦ ᠲᠣᠷᠰᠢᠯᠳᠡ ᠶᠢᠨ ᠴᠢᠭ ᠢ ᠪᠤᠢ ᠪᠤᠯᠭᠠᠨ᠎ᠠ᠃ ᠤᠳᠤ ᠦᠶ᠎ᠡ ᠶᠢᠨ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ  ᠪᠠ ᠠᠮᠢ ᠠᠬᠤᠢ ᠶᠢᠨ ᠲᠣᠭᠲᠠᠯᠴᠠᠭ᠎ᠠ ᠶᠢ ᠪᠦᠷᠢᠨᠰᠢᠬᠦᠯᠵᠤ᠂ ᠬᠢᠶ᠎ᠠ ᠪᠠᠭᠰᠢ ᠲᠣᠭᠤᠷᠢᠭ ᠲᠣᠭᠠᠴᠢᠯᠠᠭᠰᠠᠨ ᠮᠥᠩᠭᠦᠨ ᠭᠦᠢᠯᠭᠡᠭᠡᠨ ᠤ ᠰᠢᠨ᠎ᠡ ᠶᠢ  ᠡᠭᠦᠳᠬᠦ ᠳᠠᠭᠤᠷᠢᠶᠠᠯ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠬᠤ ᠶᠢ ᠳᠡᠮᠵᠢᠨ᠎ᠡ᠃ ᠰᠣᠶᠣᠯ ᠵᠢᠭᠤᠯᠴᠢᠯᠠᠯ ᠢᠶᠠᠷ ᠠᠷᠠᠳ ᠲᠤ ᠠᠰᠢᠭ  ᠬᠦᠷᠲᠡᠭᠡᠬᠦ ᠬᠡᠷᠡᠭᠯᠡᠭᠡᠨ ᠤ ᠤᠯᠠᠷᠢᠯ᠂ ᠬᠡᠷᠡᠭᠯᠡᠭᠡᠨ ᠤ ᠰᠠᠷ᠎ᠠ ᠵᠡᠷᠭᠡ ᠰᠢᠷᠢᠰ ᠠᠵᠢᠯᠯᠠᠭ᠎ᠠ ᠶᠢ ᠰᠠᠶᠢᠲᠤᠷ ᠡᠷᠬᠢᠯᠡᠵᠦ᠂ ᠨᠢᠭᠡ ᠪᠦᠯᠦᠭ ᠬᠠᠲᠤᠨ  ᠭᠤᠣᠯ᠂ ᠲᠠᠯ᠎ᠠ ᠨᠤᠲᠤᠭ᠂ ᠬᠤᠪᠢᠰᠬᠠᠯᠲᠤ ᠰᠣᠶᠣᠯ᠂ ᠠᠵᠤ ᠦᠢᠯᠡᠳᠪᠦᠷᠢ ᠶᠢᠨ ᠪᠣᠯᠪᠠᠰᠤᠨ ᠢᠶᠠᠷ ᠭᠤᠣᠯ ᠰᠡᠳᠦᠪ ᠪᠣᠯᠭᠠᠭᠰᠠᠨ ᠣᠨᠴᠠᠯᠢᠭᠲᠤ  ᠰᠣᠶᠣᠯ ᠵᠢᠭᠤᠯᠴᠢᠯᠠᠯ ᠤᠨ ᠲᠥᠷᠥᠯ ᠵᠦᠢᠯ᠂ ᠰᠣᠳᠣᠨ ᠦᠵᠡᠮᠵᠢ ᠶᠢᠨ ᠵᠢᠭᠤᠯᠴᠢᠯᠠᠯ ᠤᠨ ᠵᠠᠮ ᠱᠤᠭᠤᠮ ᠢ ᠭᠠᠷᠭᠠᠵᠤ᠂ ᠥᠨᠳᠥᠷ A  ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠦᠢᠯᠡᠴᠢᠯᠡᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠪᠦᠷᠢᠶ᠎ᠡ ᠮᠠᠩᠬ᠎ᠠ ᠶᠢᠨ  ᠤᠯᠤᠰ ᠤᠨ ᠲᠠᠰ ᠤᠨ ᠵᠢᠭᠤᠯᠴᠢᠯᠠᠯ ᠠᠮᠠᠷᠠᠯᠲᠠ ᠶᠢᠨ ᠣᠷᠣᠨ ᠢ ᠪᠠᠶᠢᠭᠤᠯᠬᠤ ᠶᠢ ᠠᠬᠢᠭᠤᠯᠤᠨ᠎ᠠ᠃      ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠡᠷᠡᠰ ᠭᠤᠶᠢᠪᠢᠰᠢ ᠦᠭᠡᠢ ᠪᠠᠷ ᠦᠢᠯᠡᠴᠢᠯᠡᠬᠦ ᠪᠠ ᠠᠭᠤᠰᠤᠯᠴᠠᠵᠤ᠂ ᠥᠭᠡᠷᠡᠴᠢᠯᠡᠯᠲᠡ ᠶᠢ  ᠪᠦᠬᠦ ᠲᠠᠯ᠎ᠠ ᠪᠠᠷ ᠭᠦᠨᠵᠡᠭᠡᠶᠢᠷᠡᠭᠦᠯᠦᠨ ᠨᠡᠭᠡᠭᠡᠯᠲᠡ ᠶᠢ ᠥᠷᠭᠡᠳᠬᠡᠨ᠎ᠡ᠃      1.ᠪᠦᠬᠦ ᠤᠯᠤᠰ ᠤᠨ ᠲᠡᠷᠢᠭᠦᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠪᠣᠢ ᠪᠣᠯᠭᠠᠨ᠎ᠠ᠃      ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ 500 ᠵᠤᠷᠪᠤᠰ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ︽  4.0︾ ᠬᠡᠪᠯᠡᠯ ᠢ ᠳᠠᠪᠬᠤᠷᠳᠠᠨ ᠳᠡᠰ ᠲᠡᠪᠰᠢᠭᠦᠯᠵᠦ ᠭᠠᠷᠭᠠᠨ᠎ᠠ᠃ ︽ᠨᠢᠭᠡᠨ ᠲᠠᠮᠠᠭ᠎ᠠ ᠪᠠᠷ ᠬᠢᠨᠠᠨ ᠵᠥᠪᠰᠢᠶᠡᠷᠡᠯ ᠢ ᠬᠠᠮᠢᠶᠠᠷᠬᠤ︾᠎ ᠶᠢ  ᠲᠦᠷᠭᠡᠳᠬᠡᠨ ᠠᠬᠢᠭᠤᠯᠵᠤ᠂   ︽ᠳᠥᠷᠪᠡᠨ ᠭᠦᠢᠴᠡᠳᠭᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ  ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠳᠥᠭᠦᠮᠴᠢᠯᠡᠬᠦ ᠶᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ︽ᠮᠥᠩᠬᠡ  ᠰᠤᠪᠠᠭ · ᠣᠷᠳᠣᠰ ᠰᠤᠪᠠᠭ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠠᠲᠤ ᠲᠡᠮᠳᠡᠭᠲᠦ ᠶᠢ ᠪᠣᠶ ᠪᠣᠯᠭᠠᠨ᠎ᠠ᠃ 12345 ᠬᠠᠯᠠᠮᠰᠢᠯ  ᠤᠲᠠᠰᠤᠨ ᠤ ᠲᠠᠪᠴᠠᠩ ᠤᠨ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠬᠦᠯᠦᠨ᠎ᠡ᠃ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ  ᠲᠥᠷᠥᠯ ᠵᠦᠢᠯ ᠤᠨ ᠬᠢᠨᠠᠨ ᠵᠥᠪᠰᠢᠶᠡᠷᠡᠯ ᠤᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂  ︽ᠪᠠᠷᠢᠮᠵᠢᠶᠡᠳᠤ ᠭᠠᠵᠠᠷ︾᠎ ᠤᠨ  ᠥᠭᠡᠷᠡᠴᠢᠯᠡᠯᠲᠡ ᠶᠢ ᠪᠥᠬᠦ ᠬᠦᠷᠢᠶᠡᠨ ᠳᠤ ᠠᠬᠢᠭᠤᠯᠤᠨ᠎ᠠ᠃      2.ᠣᠳᠣ ᠦᠶ᠎ᠠ ᠶᠢᠨ ᠵᠠᠮ ᠬᠠᠷᠢᠯᠴᠠᠭ᠎ᠠ ᠪᠠᠷᠡᠭᠠᠨ ᠤ ᠬᠦᠢᠯᠬᠡᠬᠡᠡ ᠤ ᠲᠣᠭᠲᠠᠯᠴᠠᠭ᠎ᠠ ᠶᠢ ᠳᠡᠬᠦᠯᠳᠡᠷᠵᠢᠬᠦᠯᠥᠨ᠎ᠠ᠃      ᠬᠥᠬᠡᠬᠤᠲᠠ ᠠᠴᠠ ᠪᠣᠭᠤᠲᠤ ᠬᠦᠷᠬᠦ ᠲᠥᠷᠭᠡᠨ ᠤ ᠵᠠᠰᠠᠮᠠᠯ ᠵᠠᠮ᠂ ᠣᠷᠳᠣᠰ  ︱ ᠲᠡᠮᠡᠭᠡᠲᠦ  ︱ ᠶᠠᠨ ᠠᠨ ᠬᠦᠷᠬᠦ ᠲᠥᠷᠭᠡᠨ ᠤ  ᠲᠡᠮᠦᠷ ᠵᠠᠮ᠂ ᠬᠠᠩᠭᠢᠨ ᠬᠤᠰᠢᠭᠤᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠵᠡᠷᠭᠡ ᠲᠥᠷᠥᠯ ᠵᠦᠢᠯ ᠤᠨ ᠪᠦᠲᠦᠭᠡᠨ  ᠪᠠᠶᠢᠭᠤᠯᠤᠯᠲᠠ ᠶᠢ ᠲᠦᠷᠭᠡᠳᠬᠡᠵᠦ᠂ ︽ᠬᠤᠯᠪᠣᠭᠠᠯᠵᠢ ᠵᠢᠢ ᠠᠨ ︱ ᠳᠤᠮᠳᠠᠲᠤ ᠣᠷᠣᠨ︾᠎  ︽ᠳ᠋ᠥᠩᠱᠧᠩ ᠦᠬᠠᠢ ︱ ᠪᠣᠭᠤᠲᠤ ᠯᠠᠨᠵᠧᠦ ︾ ᠵᠡᠷᠭᠡ ᠲᠡᠮᠦᠷ ᠵᠠᠮ ᠤᠨ ᠪᠠᠷᠠᠭ᠎ᠠ ᠲᠡᠭᠡᠭᠡᠪᠦᠷᠢ ᠶᠢ ᠰᠠᠭᠠᠳ ᠦᠭᠡᠢ ᠨᠡᠪᠲᠡᠷᠡᠭᠦᠯᠵᠦ᠂ ᠲᠢᠶᠠᠨ ᠵᠢᠶᠤᠤ ᠠᠭᠠᠷ ᠤᠨ ᠠᠶᠠᠯᠠᠯ ᠤᠨ  ᠪᠣᠯᠪᠠᠰᠤᠷᠠᠯ ᠤᠨ ᠲᠥᠪ᠂ ᠠᠭᠠᠷ ᠤᠨ ᠠᠶᠠᠯᠠᠯ ᠤᠨ ᠪᠠᠭᠠᠵᠢ ᠰᠡᠯᠪᠢᠨ ᠵᠠᠰᠠᠬᠤ ᠰᠠᠭᠤᠷᠢᠨ ᠭᠠᠵᠠᠷ ᠢ ᠪᠠᠶᠢᠭᠤᠯᠵᠤ᠂ ︽ᠭᠤᠤᠯ ᠰᠠᠯᠪᠤᠷᠢ  ᠨᠡᠪᠲᠡᠷᠡᠵᠦ᠂ ᠪᠦᠬᠦ ᠲᠣᠣᠷ ᠢ ᠬᠤᠯᠪᠤᠭᠰᠠᠨ︾ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠴᠦ᠂ ᠪᠣᠰᠤᠭ᠎ᠠ ᠴᠣᠭᠴᠠᠲᠤ ᠵᠠᠮ  ᠬᠠᠷᠢᠯᠴᠠᠭᠠᠨ ᠤ ᠲᠣᠤᠷ ᠤᠨ ᠦᠢᠯᠡᠴᠢᠯᠡᠭᠡᠨ ᠤ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠢᠭᠡ ᠪᠦᠯᠦᠭ ᠰᠢᠨ᠎ᠡ ᠡᠨᠧᠷᠭᠢ ᠶᠢᠨ  ᠲᠤᠭᠠᠵᠢᠭᠤᠯᠤᠭᠰᠠᠨ ᠣᠶᠤᠨᠴᠢ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ ᠢ ᠪᠠᠶᠢᠷᠢᠰᠢᠭᠤᠯᠤᠨ ᠪᠠᠶᠢᠭᠤᠯᠵᠤ᠂ ᠴᠤᠯᠤ ᠪᠠᠷᠠᠭ᠎ᠠ  ᠲᠡᠭᠡᠭᠡᠪᠦᠷᠢ ᠶᠢᠨ ᠠᠭᠠᠷ ᠤᠨ ᠠᠶᠠᠯᠠᠯ ᠢ ᠨᠡᠪᠲᠡᠷᠡᠭᠦᠯᠵᠦ ᠂ ᠦᠢᠯᠡᠳᠪᠦᠷᠢᠯᠡᠯ ᠦᠢᠯᠡᠴᠢᠯᠡᠭᠡᠨ ᠤ ᠬᠡᠯᠪᠡᠷᠢ ᠶᠢᠨ ᠤᠯᠤᠰ ᠤᠨ ᠪᠠᠷᠠᠭᠠᠨ ᠤ  ᠭᠦᠢᠯᠭᠡᠭᠡᠨ ᠤ ᠬᠦᠢᠰᠦ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠤᠨ᠎ᠠ᠃       3.ᠥᠨᠳᠥᠷ ᠬᠢᠷᠢ ᠲᠦᠪᠰᠢᠨ ᠪᠦᠬᠦᠢ ᠭᠠᠳᠠᠭᠰᠢ ᠨᠡᠭᠡᠭᠡᠯᠲᠡ ᠶᠢᠨ ᠪᠠᠬᠢᠯᠡᠯᠲᠡ ᠶᠢ ᠪᠠᠶᠢᠭᠤᠯᠤᠨ᠎ᠠ᠃      ᠪᠠᠷᠠᠭᠤᠨ ᠬᠡᠰᠡᠭ ᠤᠨ ᠡᠬᠡ ᠬᠠᠭᠤᠷᠠᠶ ᠳᠠᠯᠠᠢ ᠶᠢᠨ ᠰᠢᠨ᠎ᠡ ᠵᠠᠮ ᠢ ᠬᠠᠮᠲᠤᠷᠠᠨ ᠪᠠᠶᠢᠭᠤᠯᠬᠤ ᠳᠤ ᠢᠳᠡᠪᠬᠢᠲᠡᠶ ᠠᠭᠤᠰᠤᠯᠴᠠᠵᠤ᠂  ᠠᠭᠠᠷ ᠤᠨ ᠠᠶᠠᠯᠠᠯ ᠤᠨ ᠪᠣᠭᠤᠮᠲᠠ ᠶᠢᠨ ᠠᠵᠢᠯᠯᠠᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠳᠤᠮᠳᠠᠳᠤ ᠧᠦ᠋ᠷᠣᠫᠠ ᠶᠢᠨ ᠭᠠᠯᠲᠤ  ᠲᠡᠷᠭᠡ ᠶᠢᠨ ᠡᠭᠡᠯᠵᠢ ᠳ᠋ᠤᠭᠠᠷ ᠢᠶᠠᠨ ᠨᠡᠮᠡᠵᠦ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠠᠬᠢᠭᠤᠯᠵᠤ᠂ ᠬᠢᠯᠢ ᠠᠯᠤᠰᠯᠠᠭᠰᠠᠨ ᠡᠯᠧᠺᠲᠷᠣᠨ  ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠢ ᠪᠥᠲᠥᠭᠡᠨ ᠪᠠᠶᠢᠭᠤᠯᠵᠤ᠂ ᠭᠠᠳᠠᠭᠠᠳᠤ ᠠᠷᠠᠯᠵᠢᠶᠠᠨ ᠤ ᠭᠠᠳᠠᠭᠠᠳᠤ ᠳᠤ  ᠭᠠᠷᠭᠠᠬᠤ ᠠᠵᠤ ᠦᠢᠯᠡᠰ ᠤᠨ ᠰᠦᠷᠦᠭᠵᠢᠯ ᠢ ᠪᠤᠶᠢᠵᠢᠭᠤᠯᠤᠨ᠎ᠠ᠃ ᠣᠷᠣᠨ ᠪᠦᠰᠡ ᠶᠢᠨ ᠨᠡᠭᠡᠭᠡᠯᠳᠡ ᠬᠢᠵᠦ ᠬᠠᠮᠳᠤᠷᠠᠯᠴᠠᠬᠤ ᠳᠤ ᠬᠦᠨᠵᠡᠭᠡᠢ  ᠣᠷᠣᠯᠴᠠᠵᠦ᠂ ᠳᠡᠯᠡᠭᠡᠢ ᠶᠢᠨ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠶᠡᠭᠡ ᠬᠤᠷᠡᠯ ᠢ ᠭᠤᠶᠤᠴᠢᠯᠠᠨ ᠡᠷᠬᠢᠯᠡᠵᠦ᠂ ᠣᠷᠣᠰ ᠮᠣᠩᠭᠤᠯ ᠶᠠᠫᠤᠨ  ᠺᠣᠷᠢᠶᠠ ᠪᠤᠯᠤᠨ ᠪᠡᠭᠡᠵᠢᠩ ᠲᠢᠶᠠᠨᠵᠢᠨ ᠾᠧᠪᠸᠢ᠂ ᠬᠦᠬᠡᠮᠦ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠤᠤᠮᠧᠨ ᠵᠡᠷᠭᠡ  ᠣᠯᠥᠰ᠂ ᠭᠠᠵᠠᠷ ᠣᠷᠣᠨ ᠯᠤᠭ᠎ᠠ ᠶᠢᠨ ᠬᠠᠮᠳᠣᠷᠡᠯᠴᠠᠭ᠎ᠠ ᠰᠤᠯᠢᠯᠴᠠᠭ᠎ᠠ ᠪᠠᠨ ᠴᠢᠩᠭᠠᠳᠬᠠᠵᠦ᠂ ᠬᠦᠬᠡᠬᠤᠳᠠ ᠪᠤᠭᠤᠳᠣ ᠣᠷᠳᠣᠰ ᠲᠡᠮᠡᠭᠡᠲᠦ ᠶᠢᠨ  ᠬᠤᠳᠡ ᠶᠢᠨ ᠰᠦᠷᠦᠭᠵᠢᠯ᠂ ᠬᠦᠭᠡᠬᠤᠳᠡ ᠪᠤᠭᠤᠳᠣ ᠣᠷᠳᠣᠰ ᠦᠬᠠᠢ ᠶᠢᠨ ᠨᠢᠭᠡ ᠴᠣᠭᠴᠠᠵᠢᠭᠰᠠᠨ ᠬᠥᠭᠵᠢᠯᠲᠡ ᠳᠤ ᠠᠭᠤᠰᠤᠯᠴᠠᠵᠤ᠂ ᠨᠢᠭᠡ  ᠪᠦᠯᠥᠭ ᠪᠡᠯᠭᠡ ᠲᠡᠮᠲᠡᠭ ᠤᠨ ᠴᠢᠨᠡᠷᠳᠡᠢ ᠬᠠᠮᠳᠣᠷᠡᠯᠴᠠᠭ᠎ᠠ ᠶᠢᠨ ᠳᠥᠷᠦᠯ ᠵᠦᠢᠯ ᠢ ᠰᠦᠪᠡᠭᠴᠢᠯᠡᠨ ᠭᠡᠷᠡᠭᠵᠢᠬᠦᠯᠦᠨ᠎ᠡ᠃      ᠪᠣᠬᠢᠷᠲᠤᠯ ᠦᠭᠡᠢ ᠬᠥᠭᠵᠢᠯᠲᠡ ᠶᠢᠨ ᠤᠢᠢᠯᠠᠭᠠᠭᠳᠠᠬᠤᠨ ᠢ ᠡᠷᠡᠰ ᠭᠤᠶᠢᠪᠢᠰᠢ ᠦᠭᠡᠢ ᠦᠢᠯᠡᠳᠦᠯᠭᠡᠵᠢᠭᠦᠯᠵᠦ᠂ ᠠᠮᠢ ᠠᠬᠤᠢ ᠶᠢ  ᠲᠡᠷᠢᠭᠦᠨ ᠳᠤ ᠲᠠᠯᠪᠢᠬᠤ᠂ ᠠᠷᠪᠢᠲᠠᠢ ᠡᠷᠴᠢᠮᠲᠡᠢ᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠨᠢᠭᠡᠳᠦᠯᠲᠡᠢ  ᠲᠥᠯᠥᠪᠯᠡᠨ ᠠᠬᠢᠭᠤᠯᠤᠨ᠎ᠠ᠃      1.ᠪᠤᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠭᠦᠨᠵᠡᠭᠡᠢ ᠠᠬᠢᠭᠤᠯᠤᠨ᠎ᠠ᠃ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ  ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠳᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ  ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ 1297 ᠵᠦᠢᠯ ᠤᠨ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠡᠭᠦᠷᠭᠡ ᠶᠢ  ᠬᠡᠷᠡᠭᠵᠢᠭᠦᠯᠦᠨ᠎ᠡ᠃ ᠠᠭᠠᠷ ᠮᠠᠨᠳᠠᠯ ᠤᠨ ᠪᠣᠬᠢᠷᠲᠤᠯ ᠪᠣᠳᠠᠰ ᠤᠨ ᠬᠡᠮᠵᠢᠶ᠎ᠡ ᠶᠢ ᠪᠠᠭᠠᠰᠬᠠᠨ ᠡᠵᠡᠮᠳᠡᠬᠦ ᠶᠢ ᠴᠢᠩᠭᠠᠳᠬᠠᠵᠤ᠂ ᠬᠡᠦᠷᠰᠢᠭᠦᠯᠬᠦ ᠠᠵᠢᠯ  ᠲᠥᠷᠥᠯ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠬᠥᠳᠡᠯᠭᠡᠬᠦ ᠬᠦᠴᠦᠨ ᠤ ᠭᠦᠸᠧᠯᠦ ᠶᠢᠨ ᠬᠡᠲᠦ ᠳᠣᠤᠷ᠎ᠠ ᠭᠠᠳᠠᠭᠰᠢᠯᠠᠭᠤᠯᠤᠯᠲᠠ ᠶᠢ  ᠪᠥᠬᠦ ᠲᠠᠯ᠎ᠠ ᠪᠠᠷ ᠪᠡᠶᠡᠯᠡᠭᠦᠯᠵᠦ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠢ ᠭᠦᠨᠵᠡᠭᠡᠶ  ᠵᠠᠰᠠᠬᠤ ᠪᠠ ᠴᠣᠬᠤᠶ᠂ ᠴᠠᠬᠢᠯᠠᠭᠤᠷ ᠴᠢᠯᠠᠭᠤᠨ ᠤ ᠠᠵᠢᠯ ᠲᠥᠷᠥᠯ ᠤᠨ ᠪᠠᠷᠢᠮᠵᠢᠶ᠎ᠠ ᠶᠢ ᠳᠡᠭᠡᠭᠰᠢᠯᠡᠭᠦᠯᠦᠨ ᠲᠠᠰ ᠳᠡᠪᠰᠢᠭᠦᠯᠬᠦ  ᠥᠭᠡᠷᠡᠴᠢᠯᠡᠯᠲᠡ ᠶᠢ ᠪᠡᠶᠡᠯᠡᠭᠦᠯᠦᠨ᠎ᠡ᠃ ᠭᠤᠤᠯ ᠳᠤ ᠣᠷᠤᠬᠤ ᠪᠣᠬᠢᠷᠲᠤᠯ ᠭᠠᠳᠠᠭᠰᠢᠯᠠᠭᠤᠯᠬᠤ ᠠᠮᠠᠰᠠᠷ ᠢ ᠰᠢᠰᠲ᠋ᠧᠮ ᠲᠠᠢ ᠪᠠᠷ ᠴᠡᠭᠴᠡᠯᠡᠨ  ᠵᠠᠰᠠᠬᠤ ᠠᠵᠢᠯ ᠢ ᠥᠷᠨᠢᠭᠦᠯᠵᠦ᠂ ᠤᠯᠤᠰ ᠤᠨ ᠰᠢᠯᠭᠠᠨ ᠪᠠᠶᠢᠴᠠᠭᠠᠯᠲᠠ ᠶᠢᠨ ᠣᠭᠲᠣᠯᠤᠭᠠᠰᠤ ᠶᠢᠨ ᠤᠰᠤᠨ ᠤ ᠴᠢᠨᠠᠷ ᠢ ᠳᠡᠭᠡᠭᠰᠢᠯᠡᠭᠦᠯᠬᠦ  ᠠᠵᠢᠯᠯᠠᠭ᠎ᠠ ᠶᠢ ᠬᠡᠷᠡᠭᠵᠢᠭᠦᠯᠵᠦ᠂ ᠤᠯᠤᠰ ᠤᠨ ᠭᠠᠵᠠᠷ ᠳᠣᠤᠷᠠᠬᠢ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠲᠤᠷᠰᠢᠯᠲᠠ ᠶᠢᠨ ᠣᠷᠣᠨ ᠤ  ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠬᠥᠷᠥᠰᠥ ᠰᠢᠷᠣᠶ ᠶᠢᠨ ᠪᠣᠬᠢᠷᠲᠤᠯ ᠢ ᠡᠬᠢ ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠬᠦ ᠶᠢ  ᠴᠢᠩᠭᠠᠳᠬᠠᠵᠤ᠂ ᠭᠤᠣᠯ ᠬᠤᠲᠠ ᠶᠢᠨ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ ᠲᠥᠷᠥᠯ  ᠵᠦᠢᠯ ᠢ ᠪᠦᠲᠦᠭᠡᠨ ᠪᠠᠶᠢᠭᠤᠯᠤᠨ᠎ᠠ᠃      2.ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠢ ᠭᠦᠨᠵᠡᠭᠡᠢ ᠠᠬᠢᠭᠤᠯᠤᠨ᠎ᠠ᠃      ᠤᠯᠤᠰ ᠤᠨ ᠭᠠᠵᠠᠷ ᠰᠢᠷᠤᠢ ᠶᠢᠨ ᠣᠷᠣᠨ ᠵᠠᠢ ᠶᠢᠨ ᠬᠡᠷᠡᠭᠴᠡᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠥᠨᠳᠥᠷ ᠪᠠᠷᠢᠮᠵᠢᠶ᠎ᠠ ᠪᠠᠷ  ᠨᠡᠭᠡᠭᠡᠨ ᠬᠥᠭᠵᠢᠭᠦᠯᠵᠦ ᠬᠠᠮᠠᠭᠠᠯᠠᠬᠤ ︽ᠨᠢᠭᠡ ᠬᠠᠭᠤᠳᠠᠰᠤ ᠵᠢᠷᠤᠭ︾᠎ ᠢ ᠵᠢᠷᠤᠨ᠎ᠠ᠃ ᠤᠯᠤᠰ ᠤᠨ ︽ᠬᠥᠬᠡᠮᠳᠥᠭ ᠨᠣᠭᠤᠭᠠᠨ ᠠᠭᠤᠯᠠ ᠤᠰᠤ  ᠪᠣᠯ ᠳᠠᠷᠤᠢ ᠠᠯᠲᠠ ᠮᠥᠩᠭᠦᠨ ᠠᠭᠤᠯᠠ ᠮᠥᠨ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠢ ᠡᠭᠦᠳᠦᠨ ᠪᠠᠶᠢᠭᠤᠯᠵᠤ᠂  ᠤᠯᠤᠰ ᠤᠨ ︽ᠠᠭᠤᠯᠠ ᠤᠰᠤ ᠤᠢ ᠰᠢᠭᠤᠢ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ  ᠴᠣᠭᠴᠠᠵᠢᠭᠤᠯᠤᠨ︾ ᠬᠠᠮᠠᠭᠠᠯᠠᠨ ᠰᠡᠷᠭᠦᠭᠡᠬᠦ ᠳᠠᠭᠤᠷᠢᠶᠠᠯ ᠦᠵᠡᠭᠦᠯᠬᠦ ᠢᠨᠵᠧᠨᠧᠷᠢᠩ ᠢ ᠮᠡᠳᠡᠭᠦᠯᠦᠨ ᠬᠡᠷᠡᠭᠵᠢᠭᠦᠯᠵᠦ᠂ ᠶᠢᠰᠦᠳᠦᠭᠡᠷ  ᠬᠤᠭᠤᠴᠠᠭᠠᠨ ᠤ ᠬᠥᠪᠴᠢ ᠶᠢᠨ ᠤᠯᠠᠨ ᠤᠯᠤᠰ ᠤᠨ ᠡᠯᠡᠰᠦᠨ ᠴᠦᠯ ᠤᠨ ᠶᠠᠷᠢᠶᠠᠨ ᠤ ᠲᠠᠪᠴᠠᠩ ᠢ ᠰᠠᠶᠢᠲᠤᠷ ᠡᠷᠬᠢᠯᠡᠨ᠎ᠡ᠃ ᠬᠠᠲᠤᠨ ᠭᠤᠤᠯ  ᠳᠠᠭᠠᠤ ᠠᠮᠢ ᠠᠬᠤᠶ ᠶᠢᠨ ᠬᠤᠩᠭᠢᠯ ᠢ ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠵᠤ᠂ ︽ᠠᠷᠪᠠᠨ ᠶᠡᠭᠡ ᠬᠥᠨᠳᠡᠶ︾᠎ ᠶᠢ ᠶᠡᠷᠦᠩᠬᠡᠶᠢᠯᠡᠨ  ᠵᠠᠰᠠᠬᠤ ᠶᠢ ᠠᠬᠢᠭᠤᠯᠵᠤ᠂ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠵᠠᠰᠠᠯᠲᠠ ᠶᠢ 32.5ᠲᠡᠭᠰᠢ ᠳᠥᠷᠪᠡᠯᠵᠢᠨ ᠺᠢᠯᠣᠮᠧᠲᠷ  ᠪᠡᠶᠡᠯᠡᠭᠦᠯᠦᠨ᠎ᠡ᠃ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠳᠦᠷᠢᠮ ᠢ  ᠴᠢᠩᠭ᠎ᠠ ᠨᠠᠶᠢᠳᠠᠪᠤᠷᠢᠵᠢᠭᠤᠯᠤᠨ᠎ᠠ᠃ ᠬᠠᠳᠤᠨ ᠭᠤᠤᠯ ᠤᠨ ᠲᠠᠯᠠᠳ ᠬᠤᠰᠢᠭᠤᠨ ᠤ ᠬᠡᠰᠡᠭ ᠤᠨ ᠲᠠᠩ ᠭᠠᠵᠠᠷ ᠤᠨ ᠰᠠᠭᠤᠭᠠᠯᠢ ᠠᠷᠠᠳ ᠢ  ᠨᠡᠭᠦᠯᠭᠡᠨ ᠪᠠᠶᠢᠭᠤᠯᠬᠤ ᠶᠢ ᠪᠡᠶᠡᠯᠡᠭᠦᠯᠵᠦ᠂ ᠬᠠᠳᠤᠨ ᠭᠤᠤᠯ ᠤᠨ ᠭᠤᠷᠪᠠᠳᠤᠭᠠᠷ ᠬᠤᠭᠤᠴᠠᠭᠠᠨ ᠤ ᠦᠶᠡᠷ ᠢ ᠰᠡᠷᠭᠡᠶᠢᠯᠡᠬᠦ᠂ ᠡᠯᠡᠰᠦ ᠶᠢ  ᠬᠠᠰᠢᠵᠤ ᠤᠰᠤ ᠰᠣᠯᠢᠬᠤ ᠵᠡᠷᠭᠡ ᠭᠤᠤᠯᠳᠠᠯᠭ᠎ᠠ ᠲᠠᠢ ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠨᠢᠭᠡ ᠪᠦᠯᠦᠭ ᠭᠤᠤᠯ ᠨᠠᠭᠤᠷ ᠤᠨ  ᠳᠠᠷᠤᠭ᠎ᠠ ᠶᠢᠨ ᠳᠦᠷᠢᠮ ᠤᠨ ᠬᠤᠷᠠᠮᠳᠤᠭᠰᠠᠨ ᠵᠢᠱᠢᠶ᠎ᠡ ᠦᠵᠡᠭᠦᠯᠬᠦ ᠲᠥᠷᠥᠯ ᠵᠦᠢᠯ ᠢ ᠪᠦᠲᠦᠭᠡᠨ ᠪᠠᠶᠢᠭᠤᠯᠵᠤ᠂ ᠬᠠᠳᠤᠨ ᠭᠤᠤᠯ ᠤᠨ ᠠᠮᠤᠷ  ᠲᠦᠪᠰᠢᠨ ᠢ ᠪᠠᠲᠤᠯᠠᠨ᠎ᠠ᠃     3.ᠳᠣᠤᠷ᠎ᠠ ᠨᠡᠭᠦᠷᠡᠰᠦᠲᠥ᠋ᠷᠥᠭᠴᠢᠲᠦ ᠡᠨᠧᠷᠭᠢ ᠠᠷᠪᠢᠯᠠᠬᠤ ᠬᠥᠭᠵᠢᠯᠲᠡ ᠶᠢ ᠭᠦᠨᠵᠡᠭᠡᠶ ᠠᠬᠢᠭᠤᠯᠤᠨ᠎ᠠ᠃      ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠬᠰᠢᠯᠠᠭᠤᠯᠤᠯᠳᠠ ᠶᠢ ᠤᠷᠬᠢᠯ ᠭᠡᠮᠵᠢᠭᠳᠡᠯ ᠳᠤ ᠬᠦᠷᠭᠡᠬᠦ ᠠᠵᠢᠯᠯᠠᠭ᠎ᠠ ᠶᠢ  ᠯᠠᠪᠳᠠᠭᠤᠨ ᠪᠠᠲᠤᠲᠠᠢ ᠡᠮᠬᠢ ᠵᠢᠷᠤᠮ ᠲᠠᠢ ᠥᠷᠨᠢᠭᠦᠯᠵᠦ᠂ ︽ᠬᠤᠶᠠᠷ ᠶᠡᠬᠡᠲᠡᠢ︾ ᠲᠦᠷᠦᠯ ᠵᠦᠢᠯ ᠢ ᠳᠣᠣᠷ᠎ᠠ ᠲᠦᠪᠰᠢᠨ ᠳᠤ ᠰᠣᠬᠤᠷ  ᠪᠠᠯᠠᠢ ᠪᠠᠷ ᠬᠥᠭᠵᠢᠭᠦᠯᠬᠦ ᠶᠢ ᠡᠷᠡᠰ ᠬᠤᠷᠢᠭᠯᠠᠵᠤ᠂ ᠨᠡᠭᠦᠷᠡᠰᠦ ᠴᠠᠬᠢᠯᠭᠠᠨ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠢᠯ  ᠲᠦᠷᠦᠯ ᠤᠨ CCUS ᠳᠠᠭᠤᠷᠢᠶᠠᠯ ᠦᠵᠡᠭᠦᠯᠬᠦ ᠶᠢ ᠬᠡᠷᠡᠭᠵᠢᠭᠦᠯᠵᠦ᠂ ᠰᠢᠨ᠎ᠡ ᠡᠨᠧᠷᠭᠢ ᠶᠢᠨ ᠬᠦᠨᠳᠦ ᠠᠴᠢᠶᠠᠨ ᠤ ᠮᠠᠰᠢᠨ ᠢ ᠳᠡᠯᠭᠡᠷᠡᠭᠦᠯᠦᠨ  ᠬᠡᠷᠡᠭᠯᠡᠬᠦ ᠪᠠ ᠴᠠᠬᠢᠯᠭᠠᠨ ᠴᠡᠨᠡᠭᠯᠡᠬᠦ ᠪᠠᠭᠠᠨ᠎ᠠ ᠶᠢᠨ ᠪᠦᠳᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠦᠪᠯᠡᠨ ᠠᠬᠢᠭᠤᠯᠵᠤ᠂ ᠪᠣᠬᠢᠷᠲᠤᠯ ᠦᠭᠡᠢ  ᠴᠠᠬᠢᠯᠭᠠᠨ ᠢ ᠬᠦᠷᠢᠶᠡᠯᠡᠩ ᠲᠣᠭᠤᠷᠢᠭ ᠲᠤ ᠣᠷᠣᠭᠤᠯᠬᠤ ᠶᠢ ᠲᠦᠷᠭᠡᠳᠬᠡᠨ ᠠᠬᠢᠭᠤᠯᠵᠤ᠂ ᠨᠡᠩ ᠤᠯᠠᠨ ᠲᠤᠤᠷ᠎ᠠ ᠨᠡᠭᠦᠷᠡᠰᠦᠲᠥ᠋ᠷᠥᠭᠴᠢᠲᠤ  ᠬᠦᠷᠢᠶᠡᠯᠡᠩ ᠲᠣᠭᠤᠷᠢᠭ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠥᠯᠦ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ ᠢ  ᠪᠠᠶᠢᠭᠤᠯᠤᠨ᠎ᠠ᠃ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠨᠡᠭᠦᠷᠡᠰᠦᠳᠦ᠋ᠷᠦᠭᠴᠢ ᠶᠢᠨ ᠳᠠᠪᠬᠤᠷ ᠢᠰᠦᠯ ᠤᠨ ᠬᠡᠮᠵᠢᠯᠲᠡ ᠶᠢᠨ  ᠲᠤᠷᠰᠢᠯᠲᠠ ᠶᠢᠨ ᠲᠠᠰᠤᠭ ᠢ ᠡᠬᠢᠯᠡᠭᠦᠯᠦᠨ ᠪᠠᠶᠢᠭᠤᠯᠵᠤ᠂ ᠪᠣᠰᠤᠭ᠎ᠠ ᠳᠥᠷᠪᠡᠯᠵᠢᠨ ᠮᠧᠲᠷ ᠪᠦᠷᠢ ᠶᠢᠨ ᠨᠡᠭᠦᠷᠡᠰᠦᠲᠥ᠋ᠷᠥᠭᠴᠢ ᠶᠢᠨ ᠳᠠᠪᠬᠤᠷ  ᠢᠰᠦᠯ ᠤᠨ ᠭᠠᠳᠠᠭᠰᠢᠯᠠᠭᠤᠯᠤᠯᠲᠠ ᠶᠢ ᠬᠡᠮᠵᠢᠬᠦ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠢ ᠪᠦᠲᠦᠭᠡᠨ ᠪᠠᠶᠢᠭᠤᠯᠵᠤ᠂ ᠤᠯᠤᠰ ᠤᠨ  ᠨᠡᠭᠦᠷᠡᠰᠦᠳᠦᠷᠦᠭᠴᠢ ᠶᠢᠨ ᠳᠠᠪᠬᠤᠷ ᠢᠰᠦᠯ ᠤᠨ ᠭᠠᠳᠠᠭᠰᠢᠯᠠᠯᠲᠠ ᠶᠢ ᠬᠢᠨᠠᠨ ᠬᠡᠮᠵᠢᠵᠦ ᠦᠨᠡᠯᠡᠨ ᠵᠢᠱᠢᠬᠦ ᠲᠣᠷᠰᠢᠯᠲᠠ ᠶᠢᠨ ᠴᠢᠭ ᠤᠨ  ᠬᠤᠲᠠ ᠶᠢ ᠪᠦᠲᠦᠭᠡᠨ ᠪᠠᠶᠢᠭᠤᠯᠬᠤ ᠡᠭᠦᠷᠭᠡ ᠶᠢ ᠪᠡᠶᠡᠯᠡᠭᠦᠯᠦᠨ᠎ᠡ᠃ ︽ᠲᠠᠪᠤ ᠶᠢ ᠲᠤᠶᠢᠯᠪᠦᠷᠢᠲᠠᠢ ᠪᠠᠶᠢᠴᠠᠭᠠᠬᠤ︾ ᠠᠵᠢᠯᠯᠠᠭ᠎ᠠ ᠶᠢ  ᠬᠦᠨᠵᠡᠭᠡᠶᠢᠷᠡᠬᠦᠯᠵᠦ᠂ ᠵᠥᠪᠰᠢᠶᠡᠷᠡᠭᠰᠡᠨ ᠪᠣᠯᠪᠠᠴᠤ ᠬᠠᠩᠭᠠᠭᠠᠳᠤᠢ ᠭᠠᠵᠠᠷ ᠰᠢᠷᠤᠢ ᠪᠣᠯᠣᠨ ᠰᠤᠯᠠ ᠲᠠᠯᠪᠢᠵᠤ ᠪᠠᠶᠢᠭ᠎ᠠ ᠭᠠᠵᠠᠷ ᠰᠢᠷᠤᠢ᠂  ᠨᠡᠬᠡᠬᠡᠯᠳᠡ ᠶᠢᠨ ᠤᠷᠤᠨ ᠤ ︽ᠦᠬᠦᠰᠢᠷᠡᠮᠡᠯ ᠠᠵᠤ ᠠᠬᠤᠢᠢᠯᠠᠯ︾ ᠪᠤᠯᠤᠨ ︽ᠦᠬᠦᠰᠢᠷᠡᠮᠡᠯ ᠲᠦᠷᠦᠯ ᠵᠦᠢᠯ︾᠎ ᠢ ᠲᠦᠷᠭᠡᠳᠭᠡᠨ  ᠰᠢᠢᠳᠪᠦᠷᠢᠯᠡᠵᠦ᠂ ︽ᠬᠠᠭᠠᠰ ᠳᠤᠲᠠᠭᠤ ᠣᠷᠬᠢᠭᠰᠠᠨ︾ ᠢᠨᠵᠧᠨᠧᠷᠢᠩ ᠢ ᠪᠦᠬᠦᠨ ᠢ ᠠᠮᠢᠳᠤᠯᠢᠭᠵᠢᠭᠤᠯᠤᠨ ᠠᠰᠢᠭᠯᠠᠬᠤ ᠶᠢ ᠠᠬᠢᠭᠤᠯᠤᠨ᠎ᠠ᠃  ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠵᠠᠰᠠᠬᠤ ᠰᠠᠭᠤᠷᠢ ᠮᠥᠩᠭᠦ ᠶᠢ ᠪᠠᠶᠢᠭᠤᠯᠵᠤ᠂ ᠤᠯᠤᠰ ᠤᠨ ᠡᠨᠧᠷᠭᠢ ᠵᠡᠭᠦᠨᠭᠠᠷ ᠤᠨ ᠡᠨᠧᠷᠭᠢ᠂  ᠮᠧᠩ ᠲᠠᠢ᠂ ᠬᠤᠢ ᠨᠧᠩ ᠵᠡᠷᠭᠡ ᠨᠡᠭᠦᠷᠡᠰᠦ ᠴᠠᠬᠢᠯᠭᠠᠨ ᠦᠨᠡᠰᠦ ᠬᠥᠩᠭᠡᠨᠴᠠᠭᠠᠨ ᠢ ᠨᠢᠭᠡ ᠴᠣᠭᠴᠠᠵᠢᠭᠤᠯᠤᠭᠰᠠᠨ ᠳᠠᠭᠤᠷᠢᠶᠠᠯ ᠦᠵᠡᠭᠦᠯᠬᠦ  ᠲᠥᠷᠥᠯ ᠵᠦᠢᠯ ᠢ ᠲᠦᠷᠭᠡᠳᠬᠡᠨ ᠪᠠᠶᠢᠭᠤᠯᠵᠤ᠂ ︽ᠬᠠᠶᠠᠭᠳᠠᠮᠠᠯ ᠦᠭᠡᠢ ᠬᠤᠳᠠ︾᠎ ᠶᠢ ᠪᠦᠲᠦᠭᠡᠨ ᠪᠠᠶᠢᠭᠤᠯᠤᠨ᠎ᠠ᠃ ᠤᠰᠤᠨ ᠤ ᠡᠬᠢ  ᠪᠠᠶᠠᠯᠢᠭ ᠤᠨ ᠬᠠᠮᠢᠶᠠᠷᠤᠯᠲᠠ ᠶᠢᠨ ᠲᠦᠷᠢᠮ ᠢ ᠨᠡᠶᠢᠲᠡᠯᠡᠵᠦ᠂ ᠤᠯᠤᠰ ᠤᠨ ᠣᠷᠣᠨ ᠪᠦᠰᠡ ᠶᠢᠨ ᠳᠠᠬᠢᠯᠲᠠ ᠤᠰᠤ ᠶᠢ ᠡᠷᠭᠢᠯᠳᠦᠭᠦᠯᠦᠨ  ᠠᠰᠢᠭᠯᠠᠬᠤ ᠲᠤᠷᠰᠢᠯᠲᠠ ᠶᠢᠨ ᠴᠢᠭ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃      ᠵᠣᠬᠢᠴᠠᠩᠭᠤᠶ ᠬᠥᠭᠵᠢᠯᠲᠡ ᠶᠢ ᠡᠷᠡᠰ ᠭᠤᠶᠢᠪᠢᠰᠢ ᠦᠭᠡᠢ ᠪᠠᠷ ᠠᠬᠢᠭᠤᠯᠵᠤ᠂ ᠣᠷᠣᠨ ᠪᠦᠰᠡ ᠶᠢᠨ ᠨᠥᠯᠥᠭᠡᠯᠡᠬᠦ ᠬᠦᠴᠦᠨ  ᠠᠯᠳᠠᠷᠰᠢᠯ ᠤᠨ ᠬᠡᠮᠵᠢᠶ᠎ᠡ ᠶᠢ ᠨᠡᠮᠡᠭᠳᠡᠭᠦᠯᠦᠨ᠎ᠡ᠃      1.ᠣᠷᠣᠰᠢᠨ ᠰᠠᠭᠤᠬᠤ ᠳᠤ ᠲᠣᠬᠢᠷᠠᠮᠵᠢᠲᠠᠶ᠂ ᠤᠶᠠᠨ ᠬᠠᠳᠠᠨ ᠴᠢᠨᠠᠷᠲᠠᠢ᠂ ᠣᠶᠤᠨᠴᠢ ᠬᠤᠳᠠ ᠶᠢ ᠪᠠᠶᠢᠭᠤᠯᠤᠨ᠎ᠠ᠃      ᠤᠯᠤᠰ ᠤᠨ ᠠᠮᠢ ᠠᠬᠤᠶ ᠶᠢᠨ ᠴᠡᠴᠡᠷᠯᠢᠭᠵᠢᠭᠦᠯᠦᠭᠰᠡᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠵᠦ᠂ ᠨᠢᠭᠡ ᠪᠦᠯᠦᠭ  ᠴᠡᠴᠡᠷᠯᠢᠭᠵᠢᠭᠦᠯᠦᠭᠰᠡᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠳᠠᠭᠤᠷᠢᠶᠠᠯ ᠦᠵᠡᠭᠦᠯᠬᠦ ᠳᠦᠷᠦᠯ ᠵᠦᠢᠯ ᠢ ᠬᠡᠷᠡᠭᠵᠢᠬᠦᠯᠦᠨ᠎ᠡ᠃ ᠰᠢᠨ᠎ᠡ  ᠨᠢᠭᠡ ᠡᠭᠡᠯᠵᠢ ᠶᠢᠨ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠦᠷᠨᠢᠭᠦᠯᠵᠦ᠂ ᠤᠯᠤᠰ ᠤᠨ  ᠰᠠᠶᠢᠮᠡᠬᠡᠢ ᠬᠤᠲᠠ ᠶᠢᠨ ᠳᠠᠭᠤᠷᠢᠶᠠᠯ ᠦᠵᠡᠭᠦᠯᠬᠦ ᠬᠤᠲᠠ ᠶᠢ ᠡᠭᠦᠳᠦᠨ ᠪᠠᠶᠢᠭᠤᠯᠵᠤ᠂ ᠨᠢᠭᠡ ᠪᠦᠯᠦᠭ ᠬᠤᠳᠠ ᠶᠢᠨ ᠶᠠᠪᠤᠳᠠᠯ ᠤᠨ ᠰᠠᠭᠤᠷᠢ  ᠲᠥᠬᠦᠭᠡᠷᠦᠮᠵᠢ ᠶᠢᠨ ᠳᠦᠷᠦᠯ ᠵᠦᠢᠯ ᠢ ᠬᠡᠷᠡᠭᠵᠢᠭᠦᠯᠵᠦ᠂ ᠬᠤᠳᠠ ᠪᠠᠯᠭᠠᠰᠤᠨ ᠤ 59 ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ  ᠪᠠᠶᠢᠭᠤᠯᠤᠨ᠎ᠠ᠃ ᠬᠤᠲᠠ ᠶᠢᠨ ᠮᠡᠳᠡᠭᠡ ᠵᠠᠩᠭᠢ ᠶᠢᠨ ᠵᠠᠭᠪᠤᠷ ᠤᠨ ᠰᠠᠭᠤᠷᠢ ᠲᠠᠪᠴᠠᠩ ᠪᠠ ᠬᠤᠲᠠ ᠶᠢᠨ ᠣᠶᠤᠨᠴᠢ ᠴᠣᠭᠴᠠ ᠶᠢ ᠪᠠᠶᠢᠭᠤᠯᠵᠤ᠂  ︽ᠲᠣᠭᠠᠴᠢᠯᠠᠭᠰᠠᠨ ᠵᠠᠰᠠᠭ ᠤᠨ ᠣᠷᠳᠣᠨ︾᠎ ᠤ ᠨᠠᠢᠮᠠᠨ ᠶᠡᠭᠡ ᠬᠦᠷᠢᠶ᠎ᠡ ᠴᠠᠷᠠᠭᠠᠨ ᠤ ᠭᠤᠤᠯᠳᠠᠯᠭ᠎ᠠ ᠲᠠᠢ ᠢᠨᠵᠧᠨᠧᠷᠢᠩ ᠢ ᠬᠡᠷᠡᠭᠵᠢᠬᠦᠯᠦᠨ᠎ᠡ᠃  ᠪᠦᠬᠦ ᠤᠯᠤᠰ ᠤᠨ ᠪᠣᠯᠪᠠᠰᠤᠨ ᠬᠤᠳᠠ ᠪᠠ ᠪᠦᠬᠦ ᠤᠯᠤᠰ ᠤᠨ ᠪᠣᠯᠪᠠᠰᠤᠨ ᠤ ᠨᠡᠶᠢᠲᠡᠯᠢᠭ ᠳᠠᠭᠤᠷᠢᠶᠠᠯ ᠦᠵᠡᠭᠦᠯᠬᠦ ᠬᠤᠳᠠ ᠶᠢ ᠡᠭᠦᠳᠦᠨ  ᠪᠠᠶᠢᠭᠤᠯᠬᠤ ᠶᠢ ᠭᠦᠨᠵᠡᠬᠡᠶᠢᠷᠡᠬᠦᠯᠦᠨ᠎ᠡ᠃      2.ᠰᠢᠶᠠᠨ ᠤ ᠬᠡᠪᠴᠢᠶᠡᠨ ᠤ ᠰᠢᠪᠲᠤᠯᠤᠯᠲᠠ ᠶᠢᠨ ᠴᠢᠨᠠᠷᠲᠠᠶ ᠬᠥᠭᠵᠢᠯᠲᠡ ᠶᠢ ᠠᠬᠢᠭᠤᠯᠤᠨ᠎ᠠ᠃      ᠳ᠋ᠦᠩᠱᠧᠩ ᠲᠤᠭᠤᠷᠢᠭ ᠳᠡᠭᠡᠳᠦ ᠰᠢᠨ᠎ᠡ ᠮᠡᠷᠭᠡᠵᠢᠯ ᠪᠠ ᠣᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠵᠣᠬᠢᠴᠠᠯᠳᠤᠭᠤᠯᠤᠨ  ᠬᠥᠭᠵᠢᠭᠦᠯᠬᠦ ᠶᠢ ᠳᠡᠮᠵᠢᠵᠦ᠂ ᠬᠢᠶ᠎ᠠ ᠪᠠᠭᠰᠢ ᠲᠣᠭᠤᠷᠢᠭ ᠪᠥᠬᠦ ᠣᠷᠣᠨ ᠪᠦᠰᠡ ᠶᠢᠨ ᠣᠶᠤᠨᠴᠢ ᠵᠠᠮ ᠬᠠᠷᠢᠯᠴᠠᠭᠠᠨ ᠤ ᠳᠠᠭᠤᠷᠢᠶᠠᠯ ᠦᠵᠡᠭᠦᠯᠬᠦ  ᠲᠣᠭᠤᠷᠢᠭ ᠢ ᠪᠠᠶᠢᠭᠤᠯᠬᠤ ᠶᠢ ᠳᠡᠮᠵᠢᠵᠦ᠂ ᠲᠠᠯᠠᠳ ᠬᠤᠰᠢᠭᠤ ᠳᠤᠮᠳᠠᠳᠤ ᠭᠧᠷᠮᠠᠨ ᠤ 250 ᠨᠠᠷᠢᠯᠢᠭᠵᠢᠭᠰᠠᠨ ᠬᠢᠮᠢ ᠶᠢᠨ ᠠᠵᠤ ᠦᠢᠯᠡᠳᠪᠦᠷᠢ ᠎ ᠶᠢᠨ ᠠᠵᠤ ᠦᠢᠯᠡᠰ ᠤᠨ ᠬᠦᠷᠢᠶᠡᠯᠡᠩ ᠪᠠᠶᠢᠭᠤᠯᠬᠤ ᠶᠢ ᠳᠡᠮᠵᠢᠵᠦ᠂ ᠵᠡᠭᠦᠨᠭᠠᠷ ᠬᠤᠰᠢᠭᠤ ᠣᠳᠤ ᠦᠶ᠎ᠡ ᠶᠢᠨ ᠦᠢᠯᠡᠳᠬᠦ ᠦᠢᠯᠡᠰ ᠤᠨ  ᠲᠥᠪᠯᠡᠷᠡᠭᠰᠡᠨ ᠣᠷᠣᠨ ᠢ ᠪᠠᠶᠢᠭᠤᠯᠬᠤ ᠶᠢ ᠳᠠᠮᠵᠢᠵᠦ᠂ ᠦᠦᠰᠢᠨ ᠬᠤᠰᠢᠭᠤ ᠣᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ  ᠦᠢᠯᠡᠳᠪᠦᠷᠢ ᠶᠢᠨ ᠠᠵᠤ ᠦᠢᠯᠡᠰ ᠤᠨ ᠭᠤᠣᠯᠳᠠᠯᠭᠠᠲᠤ ᠣᠷᠣᠨ ᠢ ᠪᠠᠶᠢᠭᠤᠯᠬᠤ ᠶᠢ ᠳᠠᠮᠵᠢᠵᠦ᠂ ᠡᠵᠡᠨ ᠬᠤᠷᠤᠭ᠎ᠠ ᠬᠤᠰᠢᠭᠤ ᠰᠢᠨ᠎ᠡ  ᠡᠨᠧᠷᠭᠢ ᠶᠢᠨ ᠲᠣᠨᠣᠭᠯᠠᠯ ᠦᠢᠯᠡᠳᠬᠦ ᠬᠡᠷᠡᠭᠯᠡᠭᠡᠨ ᠤ ᠳᠠᠭᠤᠷᠢᠶᠠᠯ ᠦᠵᠡᠭᠦᠯᠬᠦ ᠰᠠᠭᠤᠷᠢᠨ ᠭᠠᠵᠠᠷ ᠪᠠᠶᠢᠭᠤᠯᠬᠤ ᠶᠢ ᠳᠠᠮᠵᠢᠵᠦ᠂ ᠬᠠᠩᠭᠢᠨ  ᠬᠤᠰᠢᠭᠤ ᠰᠢᠨ᠎ᠡ ᠡᠨᠧᠷᠭᠢ ᠳᠤ ᠲᠦᠰᠢᠭᠯᠡᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠬᠦᠭᠵᠢᠭᠦᠯᠬᠦ ᠶᠢ ᠳᠠᠮᠵᠢᠵᠦ᠂ ᠣᠲᠤᠭ ᠬᠤᠰᠢᠭᠤ  ᠠᠷᠪᠠᠰ ᠤᠨ ᠨᠣᠣᠯᠤᠭᠤᠷ ᠤᠨ ᠢᠮᠠᠭᠠᠨ ᠤ ᠤᠳᠤ ᠦᠶ᠎ᠡ ᠶᠢᠨ ᠡᠭᠦᠯᠲᠡᠷ ᠤᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠪᠠᠶᠢᠭᠤᠯᠬᠤ ᠶᠢ  ᠳᠠᠮᠵᠢᠵᠦ᠂ ᠣᠲᠤᠭ ᠤᠨ ᠡᠮᠦᠨᠡᠲᠦ ᠬᠤᠰᠢᠭᠤ ᠬᠤᠪᠢᠰᠬᠠᠯ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠬᠤ ᠶᠢ  ᠳᠡᠮᠵᠢᠨ᠎ᠡ᠃      3.ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ ᠠᠬᠢᠭᠤᠯᠤᠨ᠎ᠠ᠃      ︽ᠨᠢᠭᠡᠳᠦᠭᠡᠷ ᠠᠵᠤ ᠦᠢᠯᠡᠰ ᠢ ᠳᠠᠬᠢᠨ ᠴᠤᠭᠴᠠᠯᠠᠬᠤ︾ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ︽ᠠᠮᠤ ᠪᠤᠳᠠᠭ᠎ᠠ᠂  ᠦᠬᠡᠷ᠂ ᠬᠤᠨᠢ᠂ ᠰᠠᠭᠠᠯᠢ︾᠎ ᠶᠢᠨ ᠵᠠᠭᠤᠨ ᠳ᠋ᠦᠩᠰᠢᠭᠤᠷ ᠳᠡᠰ ᠤᠨ ᠠᠵᠤ ᠦᠢᠯᠡᠰ ᠢ ᠪᠤᠶᠢᠵᠢᠭᠤᠯᠤᠨ᠎ᠠ᠃4 ᠲᠦᠮᠡᠨ ᠮᠤ᠋ ᠥᠨᠳᠥᠷ  ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠤᠨ ᠦᠭᠡᠷᠡᠴᠢᠯᠡᠵᠦ᠂ ᠬᠠᠲᠤᠨ ᠭᠤᠤᠯ ᠳᠠᠭᠠᠤ ᠶᠢᠨ ᠵᠠᠭᠤᠨ ᠲᠦᠮᠡᠨ ᠮᠤ᠋ ᠶᠢᠨ  ᠥᠨᠳᠥᠷ ᠦᠷ᠎ᠡ ᠠᠰᠢᠭᠲᠤ ᠤᠰᠤ ᠠᠷᠪᠢᠯᠠᠬᠤ ᠰᠠᠭᠤᠷᠢᠨ ᠭᠠᠵᠠᠷ ᠢ ᠪᠠᠶᠢᠭᠤᠯᠤᠨ᠎ᠠ᠃ ᠣᠲᠣ ᠦᠶ᠎ᠡ ᠶᠢᠨ ᠲᠡᠵᠢᠭᠡᠯ ᠡᠪᠡᠰᠦᠨ ᠤ ᠠᠵᠦ  ᠦᠢᠯᠡᠰ ᠢ ᠶᠡᠬᠡᠪᠡᠷ ᠬᠦᠭᠵᠢᠭᠦᠯᠦᠨ᠎ᠡ᠃ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠵᠦ᠂ 50  ᠣᠷᠣᠰᠢᠨ ᠰᠠᠭᠤᠷᠢᠰᠢᠵᠤ ᠠᠳᠠᠯ ᠦᠢᠯᠡᠰ ᠴᠤᠭᠴᠠᠯᠠᠬᠤ ᠳᠤ ᠲᠣᠬᠢᠷᠠᠮᠵᠢᠲᠠᠶ ᠬᠥᠳᠡᠭᠡ ᠲᠣᠰᠬᠤᠨ ᠢ ᠪᠠᠶᠢᠭᠤᠯᠤᠨ᠎ᠠ᠃ ᠶᠠᠳᠠᠭᠤ ᠠᠴᠠ  ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠦᠷᠭᠦᠯᠵᠢᠯᠡᠨ ᠪᠠᠬᠢᠵᠢᠭᠦᠯᠦᠨ ᠥᠷᠭᠡᠳᠭᠡᠬᠦ ᠶᠢ ᠬᠥᠳᠡᠭᠡ ᠲᠣᠰᠬᠤᠨ ᠢ ᠬᠥᠭᠵᠢᠭᠦᠯᠦᠨ  ᠮᠠᠨᠳᠤᠭᠤᠯᠬᠤ ᠲᠠᠢ ᠪᠦᠲᠦᠮᠵᠢᠲᠡᠶ ᠪᠠᠷ ᠵᠣᠯᠭᠠᠭᠤᠯᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠶᠢᠨ ᠲᠣᠭᠠᠴᠢᠯᠠᠭᠰᠠᠨ  ᠤᠷᠢᠳᠴᠢᠯᠠᠨ ᠰᠡᠷᠡᠮᠵᠢᠯᠡᠭᠦᠯᠬᠦ ᠲᠠᠪᠴᠠᠩ ᠢ ᠪᠠᠶᠢᠭᠤᠯᠵᠤ᠂ ᠰᠢᠨ᠎ᠡ ᠮᠠᠶ᠋ᠢᠭ ᠤᠨ ᠬᠥᠳᠡᠭᠡ ᠲᠣᠰᠬᠤᠨ ᠤ ᠬᠠᠮᠳᠤ ᠶᠢᠨ ᠠᠵᠦ ᠠᠬᠤᠢ ᠶᠢ  ᠶᠡᠬᠡᠪᠡᠷ ᠬᠦᠭᠵᠢᠭᠦᠯᠵᠦ᠂ ᠶᠠᠳᠠᠭᠤ ᠠᠴᠠ ᠠᠩᠭᠢᠵᠢᠷᠠᠭᠰᠠᠨ ᠤᠯᠠᠨ ᠲᠦᠮᠡᠨ ᠤ ᠠᠮᠢᠳᠤᠷᠠᠯ ᠢ ᠡᠳᠦᠷ ᠠᠴᠠ ᠡᠳᠦᠷ ᠥᠭᠡᠳᠡᠯᠡᠨ ᠲᠡᠪᠰᠢᠭᠦᠯᠦᠨ᠎ᠡ ᠃      ᠠᠷᠠᠳ ᠤᠨ ᠠᠮᠢᠳᠤᠷᠠᠯ ᠢ ᠡᠷᠡᠰ ᠭᠤᠶᠢᠪᠢᠰᠢ ᠥᠬᠡᠶ ᠪᠠᠷ ᠪᠠᠲᠤᠯᠠᠨ ᠰᠠᠶᠢᠵᠢᠷᠠᠭᠤᠯᠵᠤ᠂ ᠣᠯᠠᠨ ᠲᠦᠮᠡᠨ ᠤ ᠵᠣᠯ ᠵᠢᠷᠭᠠᠯ ᠤᠨ  ᠵᠢᠭᠠᠯᠲᠠ ᠲᠤᠭ᠎ᠠ ᠶᠢ ᠳᠡᠭᠡᠭᠰᠢᠯᠡᠭᠦᠯᠦᠨ᠎ᠡ᠃      1.ᠠᠵᠢᠯ ᠤᠯᠭᠤᠯᠳᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠣᠷᠤᠯᠭ᠎ᠠ ᠶᠢᠨ ᠨᠡᠮᠡᠭᠳᠡᠯ ᠢ ᠠᠬᠢᠭᠤᠯᠤᠨ᠎ᠠ᠃      ᠠᠵᠢᠯ ᠤᠯᠭᠤᠯᠳᠠ ᠶᠢ ᠠᠬᠢᠭᠤᠯᠬᠤ ︽ᠲᠠᠪᠤᠨ ᠶᠡᠭᠡ ᠠᠵᠢᠯᠯᠠᠭ᠎ᠠ︾᠎ ᠶᠢ ᠰᠠᠶᠢᠳᠤᠷ ᠦᠷᠨᠢᠭᠦᠯᠵᠦ᠂ ᠬᠤᠲᠠ ᠪᠠᠯᠭᠠᠰᠤᠨ ᠤ 1.8  ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠠᠵᠢᠯ ᠲᠠᠢ ᠬᠦᠮᠦᠨ ᠦᠭᠡᠢ ᠬᠡᠷ ᠪᠦᠯᠢ ᠦᠭᠡᠢ ᠪᠠᠶᠢᠬᠤ ᠶᠢ ᠪᠠᠲᠤᠯᠠᠨ᠎ᠠ᠃ ᠬᠥᠮᠦᠨ ᠤ  ᠬᠦᠴᠦᠨ ᠤ ᠡᠬᠢ ᠪᠠᠶᠠᠯᠢᠭ ᠤᠨ ᠠᠵᠤ ᠦᠢᠯᠡᠰ ᠤᠨ ᠬᠦᠷᠢᠶᠡᠯᠡᠩ ᠢ ᠪᠥᠲᠥᠭᠡᠨ ᠪᠠᠶᠢᠭᠤᠯᠵᠤ᠂ ᠭᠤᠤᠯᠳᠠᠯᠭ᠎ᠠ ᠲᠠᠢ ᠠᠵᠤ ᠠᠬᠤᠶᠢᠯᠠᠯ ᠤᠨ  ᠪᠠᠶᠢᠩᠭᠤᠵᠢᠭᠰᠠᠨ ᠬᠦᠮᠦᠨ ᠬᠡᠷᠡᠭᠯᠡᠬᠦ ᠦᠢᠯᠡᠴᠢᠯᠡᠭᠡ ᠶᠢ ᠴᠢᠩᠭᠠᠳᠬᠠᠵᠦ᠂ ᠠᠵᠢᠯ ᠣᠯᠭᠤᠯᠲᠠ ᠶᠢᠨ ᠪᠦᠲᠦᠴᠡ ᠶᠢᠨ ᠴᠢᠨᠠᠷᠲᠠᠶ ᠵᠥᠷᠢᠴᠡᠯ ᠢ  ᠬᠦᠴᠦᠯᠡᠨ ᠰᠢᠢᠳᠪᠤᠷᠢᠯᠡᠨ᠎ᠡ᠃ ᠠᠳᠠᠯ ᠦᠢᠯᠡᠰ ᠪᠤᠰᠬᠠᠬᠤ ᠳᠠᠭᠠᠭᠠᠯᠳᠠ ᠲᠠᠢ ᠵᠢᠭᠡᠯᠡᠯᠭᠡ ᠪᠠ ᠳᠡᠮ ᠬᠦᠦ ᠮᠥᠩᠭᠦ ᠶᠢᠨ ᠡᠷᠴᠢᠮ ᠢ  ᠴᠢᠩᠭᠠᠳᠬᠠᠵᠦ᠂ ᠠᠮᠢᠳᠤᠯᠢᠭ ᠢᠶᠠᠷ ᠠᠵᠢᠯ ᠣᠯᠬᠤ ᠪᠠ ᠠᠵᠢᠯ ᠣᠯᠬᠤ ᠰᠢᠨ᠎ᠡ ᠬᠡᠯᠪᠡᠷᠢ ᠪᠠᠶᠢᠳᠠᠯ ᠢ ᠲᠡᠮᠵᠢᠨ᠎ᠠ᠃ ᠳᠤᠮᠳᠠ ᠵᠡᠷᠭᠡ ᠶᠢᠨ  ᠣᠷᠣᠯᠭ᠎ᠠ ᠲᠠᠢ ᠬᠥᠮᠦᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠴᠠᠯᠢᠩ ᠤᠨ ᠬᠡᠪ ᠤᠨ ᠥᠰᠥᠯᠲᠡ ᠶᠢᠨ ᠲᠣᠭᠲᠠᠴᠠ ᠶᠢ ᠲᠡᠭᠦᠯᠳᠡᠷᠵᠢᠭᠦᠯᠵᠦ ᠂  ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠬᠦᠯᠦᠨ᠎ᠡ᠃      2.ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ᠎ᠡ᠃      ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠢ 38 ᠰᠢᠨ᠎ᠡ ᠪᠠᠷ ᠪᠤᠶᠤ ᠥᠭᠡᠷᠡᠴᠢᠯᠡᠵᠦ ᠦᠷᠭᠡᠳᠭᠡᠨ ᠪᠠᠶᠢᠭᠤᠯᠵᠦ᠂  15000 ᠰᠤᠷᠤᠯᠭ᠎ᠠ ᠶᠢᠨ ᠳ᠋ᠤᠭᠠᠷ ᠢ ᠨᠡᠮᠡᠭᠳᠡᠭᠦᠯᠵᠦ᠂ ᠨᠢᠭᠡ ᠪᠦᠯᠦᠭ ᠴᠢᠨᠠᠷ ᠰᠠᠶᠢᠲᠠᠶ ᠰᠤᠷᠭᠠᠨ ᠬᠥᠮᠦᠵᠢᠯ ᠤᠨ ᠪᠦᠯᠦᠭᠯᠡᠯ ᠢ ᠰᠢᠨ᠎ᠡ ᠪᠠᠷ  ᠪᠠᠶᠢᠭᠤᠯᠤᠨ᠎ᠠ᠃ ᠰᠢᠶᠠᠨ ᠤ ᠬᠡᠪᠴᠢᠶᠡᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠥᠭᠵᠢᠯᠲᠡ ᠶᠢ ᠳᠡᠭᠡᠭᠰᠢᠯᠡᠭᠦᠯᠬᠦ  ᠲᠥᠯᠥᠪᠯᠡᠭᠡ ᠶᠢ ᠬᠡᠷᠡᠭᠵᠢᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠰᠢᠯᠢᠳᠡᠭ ᠢ  ᠬᠦᠮᠦᠵᠢᠭᠦᠯᠬᠦ ᠠᠵᠢᠯᠯᠠᠭ᠎ᠠ ᠶᠢ ᠦᠷᠨᠢᠭᠦᠯᠵᠦ᠂ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠢ ᠵᠢᠷᠤᠮᠵᠢᠭᠤᠯᠵᠤ᠂ ᠣᠨᠴᠠᠭᠠᠶ ᠰᠤᠷᠭᠠᠨ  ᠬᠥᠮᠦᠵᠢᠯ ᠢ ᠰᠠᠶᠢᠲᠤᠷ ᠡᠷᠭᠢᠯᠡᠨ᠎ᠡ᠃  ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠤᠨᠴᠠᠯᠢᠭᠳᠤ ᠰᠤᠷᠭᠠᠭᠤᠯᠢ ᠡᠷᠬᠢᠯᠡᠬᠦ᠂ ᠳᠣᠲᠣᠭᠠᠳᠤ  ᠠᠭᠤᠯᠬᠤᠨ ᠤ ᠬᠡᠯᠪᠡᠷᠢ ᠪᠠᠷ ᠬᠦᠭᠵᠢᠬᠦ ᠶᠢ ᠳᠠᠮᠵᠢᠵᠦ᠂ 2 ᠠᠵᠦ ᠦᠢᠯᠡᠰ ᠤᠨ ᠳᠡᠭᠡᠳᠦ ᠰᠤᠷᠭᠠᠭᠤᠯᠢ ᠶᠢ ᠰᠢᠨ᠎ᠡ ᠪᠠᠷ ᠪᠠᠶᠢᠭᠤᠯᠵᠤ᠂ 15  ᠵᠢᠩᠬᠢᠨᠢ ᠠᠩᠭᠢ᠂ ᠲᠤᠰᠬᠠᠶ ᠮᠡᠷᠭᠡᠵᠢᠯ ᠤᠨ ᠠᠩᠭᠢ ᠶᠢ ᠨᠡᠮᠡᠭᠳᠡᠭᠦᠯᠵᠦ᠂ 1 ᠥᠪᠡᠷᠲᠡᠭᠡᠨ ᠵᠠᠰᠠᠬᠤ ᠣᠷᠣᠨ ᠤ ᠥᠨᠳᠥᠷ ᠬᠢᠷᠢ ᠲᠦᠪᠰᠢᠨ  ᠪᠥᠬᠦᠶ ᠲᠤᠰᠬᠠᠶ ᠮᠡᠷᠭᠡᠵᠢᠯ ᠤᠨ ᠪᠥᠯᠥᠭᠵᠢᠯ ᠢ ᠬᠦᠮᠦᠵᠢᠬᠦᠯᠵᠦ᠂ ᠣᠷᠳᠣᠰ ᠤᠨ ᠬᠡᠷᠡᠭᠯᠡᠭᠡᠨ ᠤ ᠮᠡᠷᠭᠡᠵᠢᠯ ᠤᠨ ᠳᠡᠭᠡᠳᠦ ᠰᠤᠷᠭᠠᠭᠤᠯᠢ ᠶᠢ  ᠰᠤᠷᠭᠠᠨ ᠬᠥᠮᠦᠵᠢᠯ ᠤᠨ ᠶᠠᠮᠤᠨ ᠤ ᠵᠢᠩᠬᠢᠨᠢ ᠠᠩᠭᠢ ᠶᠢᠨ ᠵᠢᠭᠠᠨ ᠰᠤᠷᠭᠠᠯᠲᠠ ᠶᠢᠨ ᠦᠨᠡᠯᠡᠨ ᠰᠢᠯᠭᠠᠯᠲᠠ ᠶᠢ ᠳᠠᠮᠵᠢᠭᠤᠯᠬᠤ ᠶᠢ ᠳᠡᠮᠵᠢᠨ᠎ᠡ᠃  ᠦᠪᠦᠷ ᠮᠣᠩᠭᠤᠯ ᠤᠨ ᠡᠨᠧᠷᠭᠢ ᠶᠢᠨ ᠳᠡᠭᠡᠳᠦ ᠵᠡᠷᠭᠡ ᠶᠢᠨ ᠰᠤᠳᠤᠯᠬᠤ ᠬᠦᠷᠢᠶᠡᠯᠡᠩ ᠤᠨ ᠪᠥᠳᠥᠭᠡᠨ ᠪᠠᠶᠢᠭᠤᠯᠤᠯᠲᠠ ᠶᠢ ᠠᠬᠢᠭᠤᠯᠤᠨ᠎ᠠ᠃      3.ᠬᠤᠳᠠ ᠶᠢᠨ ᠠᠷᠠᠳ ᠤᠨ ᠡᠷᠡᠭᠦᠯ ᠮᠡᠨᠳᠤ ᠶᠢᠨ ᠬᠢᠷᠢ ᠳᠦᠪᠰᠢᠨ ᠢ ᠳᠡᠭᠡᠭᠰᠢᠯᠡᠭᠦᠯᠦᠨ᠎ᠡ᠃      ᠬᠤᠰᠢᠭᠤ ᠲᠣᠭᠤᠷᠢᠭ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠭᠤᠷᠪᠠᠨ  ᠵᠢᠯ ᠤᠨ ᠪᠤᠭᠤᠮᠳᠠ ᠰᠢᠪᠳᠤᠯᠬᠤ ᠠᠵᠢᠯᠯᠠᠭ᠎ᠠ ᠶᠢ ᠦᠷᠨᠢᠭᠦᠯᠵᠦ᠂ 2 ᠡᠮᠨᠡᠯᠭᠡ ᠶᠢᠨ ᠬᠤᠷᠢᠶ᠎ᠠ ᠶᠢ ᠬᠤᠶᠠᠳᠤᠭᠠᠷ ᠳᠡᠰ ᠤᠨ ᠬᠥᠬᠡ ᠳᠡᠰ ᠤᠨ  ᠡᠮᠨᠡᠯᠭᠡ ᠶᠢᠨ ᠬᠤᠷᠢᠶ᠎ᠠ ᠪᠣᠯᠭᠠᠨ ᠲᠡᠰ ᠲᠡᠪᠰᠢᠭᠦᠯᠦᠨ᠎ᠡ᠃ ᠲᠡᠷᠢᠭᠦᠨ ᠤ ᠡᠮᠨᠡᠯᠭᠡ ᠶᠢᠨ ᠬᠤᠷᠢᠶ᠎ᠠ ᠲᠠᠢ ᠬᠠᠮᠲᠤᠷᠠᠯᠴᠠᠭ᠎ᠠ ᠪᠠᠨ ᠴᠢᠩᠭᠠᠳᠬᠠᠵᠤ᠂  ᠬᠤᠲᠠ ᠶᠢᠨ ᠭᠤᠣᠯᠳᠠᠯᠭᠠᠲᠤ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠦᠢᠯᠡᠴᠢᠯᠡᠭᠡᠨ ᠤ ᠬᠢᠷᠢ ᠳᠦᠪᠰᠢᠨ ᠢ ᠳᠡᠭᠡᠭᠰᠢᠯᠡᠭᠦᠯᠦᠨ᠎ᠡ᠃ ᠳᠡᠰ  ᠬᠤᠪᠢᠶᠠᠨ ᠣᠨᠣᠰᠢᠯᠠᠨ ᠡᠮᠨᠡᠬᠦ ᠲᠣᠭᠲᠠᠯᠴᠠᠭ᠎ᠠ ᠶᠢ ᠪᠦᠷᠢᠨᠰᠢᠬᠦᠯᠵᠦ᠂ ᠠᠨᠠᠭᠠᠬᠤ ᠤᠬᠠᠭᠠᠨ ᠤ ᠳᠦᠷᠰᠦ ᠰᠢᠩᠭᠡᠭᠡᠯᠲᠡ ᠶᠢᠨ ᠡᠭᠦᠯᠡᠨ  ᠲᠠᠪᠴᠠᠩ ᠢ ᠪᠠᠶᠢᠭᠤᠯᠵᠦ᠂ ᠬᠤᠲᠠ᠂ ᠬᠤᠰᠢᠭᠤ ᠲᠣᠭᠤᠷᠢᠭ᠂ ᠰᠤᠮᠤ ᠰᠢᠶᠠᠩ ᠪᠠᠯᠭᠠᠰᠤ ᠭᠤᠷᠪᠠᠨ ᠱᠠᠲᠤᠨ ᠤ ᠡᠮᠴᠢᠯᠡᠭᠡᠨ ᠤ  ᠪᠠᠶᠢᠭᠤᠯᠤᠮᠵᠢ ᠶᠢ ᠬᠠᠮᠤᠷᠠᠭᠰᠠᠨ ᠠᠯᠤᠰ ᠡᠵᠡᠮᠰᠢᠯᠲᠦ ᠡᠮᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠃ ᠴᠢᠨᠠᠷ ᠰᠠᠶᠢᠲᠠᠢ ᠦᠢᠯᠡᠴᠢᠯᠡᠭᠡ ᠶᠢ  ᠦᠨᠳᠦᠰᠦᠨ ᠱᠠᠲᠤᠨ ᠳᠤ ᠣᠷᠤᠭᠤᠯᠬᠤ ᠠᠵᠢᠯᠯᠠᠭ᠎ᠠ ᠶᠢ ᠥᠷᠨᠢᠭᠦᠯᠵᠦ᠂ ᠬᠢᠲᠠᠳ ᠡᠮᠨᠡᠯᠭᠡ ᠶᠢᠨ ᠲᠠᠭᠲᠤ ︵ᠮᠣᠩᠭᠤᠯ ᠡᠮᠨᠡᠯᠭᠡ ᠶᠢᠨ ᠲᠠᠭᠲᠤ︶ ᠎ ᠶᠢᠨ ᠲᠥᠷᠥᠯ ᠵᠦᠢᠯ ᠢ ᠬᠡᠷᠡᠭᠵᠢᠭᠦᠯᠵᠦ᠂ ᠭᠤᠤᠯᠳᠠᠯᠭ᠎ᠠ ᠲᠠᠢ ᠬᠥᠮᠦᠰ ᠤᠨ ᠡᠪᠡᠳᠴᠢᠨ ᠡᠮᠭᠡᠭ ᠢ ᠰᠢᠭᠰᠢᠨ ᠪᠠᠶᠢᠴᠠᠭᠠᠬᠤ ᠠᠵᠢᠯᠯᠠᠭ᠎ᠠ ᠶᠢ  ᠥᠷᠨᠢᠭᠦᠯᠵᠦ᠂ ᠦᠨᠳᠦᠰᠦᠨ ᠱᠠᠲᠤᠨ ᠳᠤ ᠡᠪᠡᠳᠴᠢᠨ ᠦᠵᠡᠭᠦᠯᠬᠦ ᠨᠣᠷᠮ᠎ᠠ ᠶᠢ 60%ᠬᠦᠷᠲᠡᠯ᠎ᠡ ᠳᠡᠭᠡᠭᠰᠢᠯᠡᠭᠦᠯᠦᠨ᠎ᠡ᠃ ᠰᠢᠶᠠᠨ ᠤ  ᠬᠡᠪᠴᠢᠶᠡᠨ ᠤ ᠡᠮᠴᠢᠯᠡᠭᠡᠨ ᠤ ᠦᠢᠯᠡᠴᠢᠯᠡᠭᠡᠨ ᠤ ᠬᠠᠮᠲᠤ ᠶᠢᠨ ᠴᠣᠭᠴᠠ ᠶᠢᠨ ᠰᠦᠢᠳᠭᠡᠯ ᠲᠤᠰᠢᠶᠠᠬᠤ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ  ᠳᠦᠷᠭᠡᠳᠬᠡᠵᠦ᠂ ᠪᠦᠬᠦ ᠤᠯᠤᠰ ᠤᠨ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠲᠤᠷᠰᠢᠯᠲᠠ ᠶᠢᠨ ᠬᠤᠳᠠ ᠶᠢ ᠴᠢᠷᠮᠠᠶᠢᠨ  ᠡᠭᠦᠳᠦᠨ ᠪᠠᠶᠢᠭᠤᠯᠤᠨ᠎ᠠ᠃      4.ᠰᠣᠶᠣᠯ ᠤᠨ ᠴᠡᠴᠡᠭᠯᠡᠯᠲᠡ ᠬᠥᠭᠵᠢᠯᠲᠡ ᠶᠢ ᠠᠬᠢᠭᠤᠯᠤᠨ᠎ᠠ᠃       ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠪᠥᠵᠢᠭ ᠤᠨ ᠦᠵᠡᠭᠦᠯᠦᠯᠭᠡ ᠶᠢ ᠰᠠᠶᠢᠲᠤᠷ ᠡᠷᠬᠢᠯᠡᠵᠦ᠂ ︽ᠲᠠᠩᠰᠤᠭ  ᠰᠠᠶᠢᠬᠠᠨ ᠣᠷᠳᠣᠰ︾ ᠭᠡᠬᠦ ᠠᠷᠠᠳ ᠲᠤ ᠠᠰᠢᠭ ᠬᠦᠷᠲᠡᠭᠡᠬᠦ ᠰᠤᠶᠤᠯ ᠤᠨ ᠰᠢᠷᠢᠰ ᠠᠵᠢᠯᠯᠠᠭ᠎ᠠ ᠶᠢ ᠡᠷᠭᠢᠯᠡᠨ᠎ᠡ᠃  ᠬᠠᠭᠤᠴᠢ ᠰᠤᠳᠤᠯᠤᠯ ᠤᠨ  ᠮᠦᠽᠧᠢ ᠶᠢ ᠪᠠᠶᠢᠭᠤᠯᠵᠤ᠂ ︽ᠪᠣᠷᠣᠲᠣᠬᠤᠢ ᠶᠢᠨ ᠬᠥᠮᠦᠨ︾᠎ ᠢ ᠢᠯᠡᠷᠡᠭᠦᠯᠦᠭᠰᠡᠨ 100 ᠵᠢᠯ ᠤᠨ ᠤᠢ ᠶᠢᠨ ᠤᠯᠠᠨ ᠤᠯᠤᠰ ᠤᠨ ᠶᠠᠷᠢᠶᠠᠨ ᠤ  ᠲᠠᠪᠴᠠᠩ ᠢ ᠡᠷᠬᠢᠯᠡᠨ᠎ᠡ᠃ ᠤᠷᠳᠤᠰ ᠮᠦᠽᠧᠶ ᠶᠢᠨ ᠨᠡᠪᠲᠡᠷᠬᠡᠶ ᠲᠡᠤᠬᠡ ᠶᠢᠨ ᠳᠡᠯᠭᠡᠨ ᠦᠵᠡᠭᠦᠯᠦᠯᠭᠡ᠂ ᠬᠤᠪᠢᠰᠬᠠᠯᠳᠤ ᠲᠡᠤᠬᠡ ᠶᠢᠨ  ᠮᠦᠽᠧᠶ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ ᠣᠷᠳᠣᠰ ᠤᠨ ᠤᠷᠠᠨ ᠵᠢᠷᠤᠭ ᠤᠨ ᠣᠷᠳᠣᠨ ᠢ ᠪᠠᠶᠢᠭᠤᠯᠤᠨ᠎ᠠ᠃ ᠪᠥᠬᠦ ᠣᠷᠣᠨ ᠤ ᠠᠷᠪᠠᠨ  ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠳᠠᠮᠢᠷ ᠤᠨ ᠴᠤᠭᠯᠠᠭᠠᠨ ᠢ ᠰᠠᠶᠢᠳᠤᠷ ᠡᠷᠬᠢᠯᠡᠨ᠎ᠡ᠃       5.ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢ ᠴᠢᠩᠭᠠᠳᠬᠠᠨ᠎ᠠ᠃      ᠳᠠᠭᠠᠳᠬᠠᠯ ᠳᠤ ᠤᠨᠤᠪᠴᠢᠳᠠᠢ ᠣᠷᠣᠯᠴᠠᠬᠤ ᠬᠡᠪᠴᠢᠶ᠎ᠡ ᠶᠢ ᠥᠷᠭᠡᠳᠬᠡᠬᠦ ᠠᠵᠢᠯᠯᠠᠭ᠎ᠠ ᠶᠢ ᠥᠷᠨᠢᠭᠦᠯᠵᠦ᠂ ᠦᠨᠳᠦᠰᠦᠨ ᠨᠠᠰᠤᠵᠢᠯ ᠤᠨ  ᠠᠰᠠᠷᠠᠮᠵᠢ᠂ ᠡᠮ ᠡᠮᠨᠡᠯᠭᠡ᠂ ᠠᠵᠢᠯ ᠠᠯᠳᠠᠭᠰᠠᠳ ᠤᠨ ᠳᠠᠭᠠᠳᠬᠠᠯ ᠤᠨ ᠪᠠᠲᠤᠯᠠᠬᠤ ᠶᠣᠰᠣᠲᠠᠶ ᠶᠢ ᠨᠢ ᠴᠥᠮ ᠪᠠᠳᠤᠯᠠᠬᠤ ᠶᠢ ᠠᠬᠢᠭᠤᠯᠤᠨ᠎ᠠ᠃  ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠣᠨᠳᠣᠣ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠦᠯᠵᠢᠶ᠎ᠡ ᠪᠠᠷ ᠲᠠᠰᠤᠯᠤᠨ  ᠪᠤᠳᠤᠬᠤ ᠶᠢ ᠪᠡᠶᠡᠯᠡᠭᠦᠯᠦᠨ᠎ᠡ᠃ 1198 ᠢᠵᠢ ᠨᠡᠶᠢᠲᠡ ᠶᠢᠨ ᠲᠦᠷᠢᠶᠡᠰᠦᠨ ᠣᠷᠣᠨ ᠰᠠᠭᠤᠴᠠ᠂ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ  ᠣᠷᠣᠨ ᠰᠠᠭᠤᠴᠠ ᠶᠢ ᠪᠦᠲᠦᠭᠡᠵᠦ᠂  ᠠᠰᠠᠷ ᠲᠤᠰᠢᠶᠠᠬᠤ ᠶᠢ ᠪᠠᠲᠤᠯᠠᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠲᠣᠭᠲᠠᠪᠤᠷᠢᠵᠢᠭᠤᠯᠬᠤ ᠶᠢ  ᠪᠠᠳᠤᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠨ᠎ᠡ᠃ ︽ᠨᠠᠰᠤᠲᠠᠶᠢᠴᠤᠳ ᠪᠠ ᠬᠡᠦᠬᠡᠳ︾᠎ ᠤᠨ ᠠᠰᠠᠭᠤᠳᠠᠯ ᠢ ᠬᠦᠴᠦᠯᠡᠨ  ᠰᠢᠢᠳᠪᠤᠷᠢᠯᠡᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠬᠤᠳᠠ ᠶᠢᠨ ᠱᠠᠲᠤᠨ ᠤ  ᠨᠠᠶᠢᠳᠠᠨ ᠬᠥᠮᠦᠵᠢᠭᠦᠯᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠢ ᠡᠬᠢᠯᠡᠨ‌‍ᠪᠠᠶᠢᠭᠤᠯᠤᠨ᠎ᠠ᠃ ᠣᠨᠴᠠ ᠬᠦᠴᠢᠷᠳᠡᠯ ᠲᠠᠢ ᠬᠥᠮᠦᠰ᠂  ᠵᠡᠮᠳᠡᠭᠴᠦᠳ᠂ ᠥᠨᠥᠴᠢᠨ ᠬᠡᠦᠬᠡᠳ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠨᠡᠶᠢᠭᠡᠮ ᠤᠨ ᠠᠪᠤᠷᠠᠨ ᠲᠤᠰᠠᠯᠠᠬᠤ  ᠲᠣᠭᠲᠠᠯᠴᠠᠭ᠎ᠠ ᠶᠢ ᠪᠦᠷᠢᠨᠰᠢᠬᠦᠯᠦᠨ᠎ᠡ᠃      ᠤᠯᠤᠰ ᠤᠨ ᠠᠮᠤᠷ ᠲᠦᠪᠰᠢᠨ ᠤ ᠶᠡᠷᠥᠩᠬᠡᠢ ᠦᠵᠡᠯᠲᠡ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ᠂ ᠬᠥᠭᠵᠢᠯᠲᠡ ᠪᠠ ᠠᠮᠤᠷ  ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠯᠡᠨ᠎ᠡ᠃      1.ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ ᠰᠢᠯᠢᠳᠡᠭᠵᠢᠭᠦᠯᠵᠦ᠂ ᠱᠠᠲᠤ ᠬᠤᠪᠢᠶᠠᠨ  ᠲᠥᠷᠥᠯ ᠬᠤᠪᠢᠶᠠᠨ ᠬᠠᠮᠢᠶᠠᠷᠬᠤ ᠪᠠ ᠡᠮᠨᠡᠨ ᠵᠠᠰᠠᠬᠤ ᠶᠢ ᠬᠡᠷᠡᠭᠵᠢᠭᠦᠯᠵᠦ᠂ ᠨᠠᠰᠤᠲᠠᠶᠢᠴᠤᠳ ᠤᠨ ᠸᠠᠺᠼᠢᠨ ᠤ ᠲᠠᠷᠢᠯᠭ᠎ᠠ ᠶᠢ ᠲᠥᠷᠭᠡᠳᠭᠡᠵᠦ᠂  ᠡᠮᠴᠢᠯᠡᠭᠡᠨ ᠤ ᠡᠬᠢ ᠪᠠᠶᠠᠯᠢᠭ ᠢ ᠨᠥᠭᠡᠴᠡᠯᠡᠬᠦ ᠪᠠ ᠨᠢᠭᠡᠳᠦᠯᠲᠡᠶ ᠲᠥᠯᠥᠪᠯᠡᠬᠦ ᠶᠢ ᠴᠢᠩᠭᠠᠳᠬᠠᠵᠤ᠂ ᠤᠯᠠᠨ ᠲᠦᠮᠡᠨ ᠤ ᠡᠷᠡᠭᠦᠯ ᠮᠡᠨᠳᠤ ᠶᠢᠨ  ᠠᠮᠤᠷ ᠲᠦᠪᠰᠢᠨ ᠢ ᠦᠨᠡᠨ ᠬᠦ ᠬᠠᠮᠠᠭᠠᠯᠠᠨ᠎ᠠ᠃ ᠣᠳᠣ ᠦᠶ᠎ᠡ ᠶᠢᠨ ᠮᠥᠩᠭᠦᠨ ᠭᠦᠢᠯᠭᠡᠭᠡᠨ ᠤ ᠬᠢᠨᠠᠨ ᠬᠠᠮᠢᠶᠠᠷᠤᠯᠳᠠ ᠶᠢ ᠴᠢᠩᠭᠠᠳᠬᠠᠵᠦ᠂  ᠰᠢᠰᠲ᠋ᠧᠮ ᠤᠨ ᠴᠢᠨᠠᠷᠲᠠᠢ ᠲᠦᠭᠰᠢᠭᠦᠷᠢ ᠭᠠᠷᠭᠠᠬᠤ ᠦᠭᠡᠢ ᠪᠠᠶᠢᠬᠤ ᠬᠤᠷᠢᠭ᠎ᠠ ᠱᠤᠭᠤᠮ ᠢ ᠪᠠᠳᠤ ᠰᠠᠬᠢᠨ᠎ᠠ᠃ ᠵᠠᠰᠠᠭ ᠤᠨ ᠣᠷᠳᠣᠨ ᠤ ᠥᠷᠢ  ᠲᠠᠯᠪᠢᠬᠤ ᠪᠠ ᠪᠡᠯᠡ ᠲᠣᠬᠢᠷᠠᠭᠤᠯᠬᠤ ᠶᠢ ᠵᠢᠷᠤᠮᠵᠢᠭᠤᠯᠵᠤ᠂ ᠥᠷᠢ ᠥᠭᠴᠡᠭᠡ ᠶᠢᠨ ᠬᠢᠵᠠᠭᠠᠷ ᠲᠤᠭ᠎ᠠ ᠶᠢ ᠲᠣᠭᠲᠠᠭᠠᠬᠤ ᠲᠣᠭᠲᠠᠴᠠ ᠶᠢ  ᠪᠦᠷᠢᠨᠰᠢᠬᠦᠯᠵᠦ᠂ ᠬᠤᠰᠢᠭᠤ ᠳᠤᠭᠤᠷᠢᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢ ︽ᠤᠯᠠᠭᠠᠨ ᠱᠤᠭᠤᠮ ᠠᠴᠠ ᠤᠬᠤᠷᠢᠭᠤᠯᠬᠤ᠂  ᠲᠡᠰ ᠪᠠᠭᠤᠷᠠᠭᠤᠯᠬᠤ᠂ ᠦᠭᠡᠶᠢᠰᠭᠡᠬᠦ︾᠎ ᠶᠢ ᠳᠦᠷᠦᠯ ᠬᠤᠪᠢᠶᠠᠨ ᠠᠬᠢᠭᠤᠯᠵᠦ᠂ ᠬᠤᠳᠠ ᠶᠢᠨ ᠬᠠᠷᠢᠶ᠎ᠠ ᠤᠯᠤᠰ ᠤᠨ ᠥᠮᠴᠢᠯᠡᠯᠲᠦ ᠠᠵᠤ  ᠠᠬᠤᠶᠢᠯᠠᠯ ᠤᠨ ᠥᠷᠢ ᠥᠭᠴᠡᠭᠡ ᠶᠢ ᠨᠢᠭᠡᠳᠦᠯᠲᠡᠶ ᠲᠥᠯᠥᠪᠯᠡᠨ ᠢᠯᠭᠠᠷᠠᠭᠤᠯᠤᠨ᠎ᠠ᠃      2.ᠨᠡᠶᠢᠭᠡᠮ ᠤᠨ ᠵᠠᠰᠠᠯᠲᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃      ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠳᠠᠭᠤᠷᠢᠶᠠᠯ ᠦᠵᠡᠭᠦᠯᠬᠦ ᠬᠤᠳᠠ ᠶᠢ ᠲᠠᠬᠢᠨ  ᠡᠭᠦᠳᠦᠨ ᠪᠠᠶᠢᠭᠤᠯᠬᠤ ᠠᠵᠢᠯ ᠢ ᠡᠬᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠨ᠎ᠠ᠃  ᠪᠦᠬᠦ ᠤᠯᠤᠰ ᠤᠨ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠳᠠ ᠶᠢᠨ ᠤᠳᠤᠬᠢᠴᠢᠯᠠᠯᠳᠠ ᠶᠢᠨ ᠳᠤᠷᠰᠢᠯᠳᠠ ᠶᠢᠨ ᠴᠢᠭ ᠢ ᠰᠠᠶᠢᠳᠤᠷ  ᠠᠳᠬᠤᠵᠦ᠂ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠴᠠᠭ ᠲᠤᠬᠠᠶ ᠳᠤᠨᠢ ᠬᠥᠯᠢᠶᠡᠨ ᠠᠪᠴᠤ ᠰᠢᠢᠳᠪᠤᠷᠢᠯᠡᠬᠦ ᠨᠤᠷᠮ᠎ᠠ᠂ ᠬᠤᠭᠤᠴᠠᠭ᠎ᠠ  ᠶᠣᠰᠣᠭᠠᠷ ᠰᠢᠢᠳᠪᠤᠷᠢᠯᠡᠵᠦ ᠳᠠᠭᠤᠰᠬᠠᠬᠤ ᠨᠤᠷᠮ᠎ᠠ ᠶᠢ 100%᠎ ᠳᠤ ᠬᠦᠷᠭᠡᠨ᠎ᠡ᠃ ︽ᠲᠠᠪᠤᠨ ᠦᠭᠡᠢ ᠠᠮᠤᠭᠤᠯᠠᠩ ᠨᠡᠶᠢᠭᠡᠮ ᠲᠣᠭᠤᠷᠢᠭ ︵  ᠭᠠᠴᠠᠭ᠎ᠠ ᠲᠣᠰᠬᠤᠨ︶︾᠎ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠵᠦ᠂ ᠪᠸᠢ ᠵᠢᠶᠠᠩ ᠶᠦᠨ · ᠣᠶᠤᠨᠴᠢ ᠳᠣᠲᠣᠭᠠᠳᠤ ᠶᠢ  ᠬᠠᠮᠠᠭᠠᠯᠠᠬᠤ ᠬᠤᠶᠠᠳᠤᠭᠠᠷ ᠬᠤᠭᠤᠴᠠᠭᠠᠨ ᠤ ᠪᠠᠶᠢᠭᠤᠯᠤᠯᠲᠠ ᠶᠢ ᠪᠡᠶᠡᠯᠡᠭᠦᠯᠵᠦ᠂ ᠪᠥᠬᠦ ᠤᠯᠤᠰ ᠤᠨ ᠠᠮᠤᠷ ᠢ ᠬᠠᠮᠠᠭᠠᠯᠠᠬᠤ ᠰᠡᠷᠭᠡᠶᠢᠯᠡᠨ  ᠡᠵᠡᠮᠳᠡᠬᠦ ᠲᠣᠭᠲᠠᠯᠴᠠᠭ᠎ᠠ ᠶᠢᠨ ᠳᠠᠭᠤᠷᠢᠶᠠᠯ ᠦᠵᠡᠭᠦᠯᠬᠦ ᠬᠤᠲᠠ ᠶᠢ ᠴᠢᠷᠮᠠᠶᠢᠨ ᠪᠠᠶᠢᠭᠤᠯᠤᠨ᠎ᠠ᠃      3.ᠤᠯᠠᠨ ᠨᠡᠶᠢᠲᠡ ᠶᠢᠨ ᠠᠮᠤᠷ ᠲᠦᠪᠰᠢᠨ ᠤ ᠪᠠᠳᠤᠯᠠᠭ᠎ᠠ ᠶᠢ ᠴᠢᠩᠭᠠᠳᠬᠠᠨ᠎ᠠ᠃      ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠳᠠᠯᠠᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠠᠮᠤᠷ  ᠲᠦᠪᠰᠢᠨ ᠤ ᠲᠠᠯᠳᠠ ᠭᠡᠮ ᠢ ᠪᠠᠶᠢᠴᠠᠭᠠᠨ ᠴᠡᠭᠴᠡᠯᠡᠬᠦ ᠶᠢ ᠭᠦᠨᠵᠡᠭᠡᠶᠢᠷᠡᠭᠦᠯᠵᠦ᠂ ᠣᠨᠴᠠ ᠬᠦᠨᠳᠦ ᠶᠡᠭᠡ ᠡ᠊ᠨᠳᠡᠯ ᠭᠠᠷᠬᠤ ᠶᠢ ᠪᠦᠲᠦᠮᠵᠢᠲᠡᠶ ᠪᠠᠷ  ᠬᠤᠷᠢᠭᠯᠠᠨ᠎ᠠ᠃  ᠤᠯᠤᠰ ᠤᠨ ᠢᠳᠡᠭᠡᠨ ᠤ ᠠᠮᠤᠷ ᠲᠦᠪᠰᠢᠨ ᠤ ᠳᠠᠭᠤᠷᠢᠶᠠᠯ ᠦᠵᠡᠭᠦᠯᠬᠦ ᠬᠤᠲᠠ ᠶᠢ ᠲᠦᠷᠭᠡᠳᠬᠡᠨ ᠪᠠᠶᠢᠭᠤᠯᠤᠨ᠎ᠠ᠃  ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠵᠦ᠂ ᠴᠠᠭ ᠠᠭᠤᠷ᠂ ᠭᠠᠵᠠᠷ  ᠰᠢᠨᠵᠢᠯᠡᠭᠡ᠂ ᠭᠠᠵᠠᠷ ᠬᠥᠳᠡᠯᠦᠯᠲᠡ ᠶᠢᠨ ᠦᠢᠯᠡᠴᠢᠯᠡᠭᠡ ᠶᠢ ᠴᠢᠩᠭᠠᠳᠬᠠᠵᠤ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ᠂ ᠤᠢ ᠰᠢᠭᠤᠶ  ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠠᠵᠢᠯ ᠢ ᠰᠠᠶᠢᠲᠤᠷ ᠠᠳᠬᠤᠨ᠎ᠠ᠃ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ  ᠦᠢᠯᠡᠴᠢᠯᠡᠭᠡᠨ ᠤ ᠪᠠᠲᠤᠯᠠᠭ᠎ᠠ ᠶᠢ ᠰᠢᠯᠢᠳᠡᠭᠵᠢᠭᠦᠯᠵᠦ᠂ ᠰᠢᠨ᠎ᠡ ᠴᠠᠭ ᠦᠶ᠎ᠡ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ᠂  ᠬᠤᠶᠠᠷ ᠢ ᠬᠦᠷᠢᠶᠡᠯᠡᠨ ᠬᠠᠮᠲᠤᠪᠠᠷ ᠪᠠᠶᠢᠭᠤᠯᠬᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠵᠢᠯ ᠢ ᠰᠠᠶᠢᠲᠤᠷ ᠬᠢᠵᠦ᠂ ᠴᠡᠷᠢᠭ ᠵᠠᠰᠠᠭ  ᠴᠡᠷᠢᠭ ᠠᠷᠠᠳ ᠪᠦᠯᠬᠦᠮᠳᠡᠭᠰᠡᠨ ᠰᠠᠶᠢᠨ ᠰᠠᠶᠢᠬᠠᠨ ᠪᠠᠶᠢᠳᠠᠯ ᠢ ᠪᠠᠬᠢᠵᠢᠭᠦᠯᠦᠨ ᠬᠥᠭᠵᠢᠭᠦᠯᠦᠨ᠎ᠡ᠃      ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠬᠤ ᠶᠢ ᠨᠡᠩ ᠴᠢᠬᠤᠯᠠᠴᠢᠯᠠᠨ᠎ᠠ      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠰᠢᠯᠭᠠᠭᠤᠯᠢ ᠳᠤ  ᠣᠷᠣᠯᠴᠠᠬᠤ ᠵᠠᠮ ᠢᠶᠠᠷ ᠰᠠᠶᠢᠲᠤᠷ ᠵᠠᠮᠨᠠᠬᠤ ᠳᠤ᠂ ᠵᠠᠰᠠᠭ ᠤᠨ ᠣᠷᠳᠣᠨ ᠤ ᠰᠢᠰᠲ᠋ᠧᠮ ᠨᠢ  ︽ᠭᠤᠷᠪᠠᠨ ᠡᠷᠬᠡᠪᠰᠢ︾᠎ ᠶᠢ ᠪᠠᠲᠤ ᠴᠡᠭᠡᠵᠢᠯᠡᠵᠦ᠂  ᠲᠡᠷᠢᠭᠦᠨ ᠤ ᠺᠠᠳ᠋ᠷ ᠤᠨ ᠡᠩᠨᠡᠭᠡ ᠶᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠰᠢᠶᠠᠯ ᠬᠠᠷᠢᠭᠤᠴᠠᠯᠭ᠎ᠠ ᠪᠠᠨ ᠵᠣᠷᠢᠭᠲᠠᠢ ᠪᠠᠷ  ᠡᠭᠦᠷᠭᠡᠯᠡᠨ᠂ ᠰᠢᠨ᠎ᠡ ᠳᠦᠷᠰᠦ ᠪᠠᠶᠢᠳᠠᠯ᠂ ᠰᠢᠨ᠎ᠡ ᠵᠢᠳᠬᠦᠯ ᠴᠢᠷᠮᠠᠶᠢᠯᠭ᠎ᠠ ᠶᠢ ᠪᠦᠬᠦ ᠲᠠᠯ᠎ᠠ ᠪᠠᠷ ᠢᠯᠡᠷᠡᠭᠦᠯᠬᠦ ᠬᠡᠷᠡᠭᠲᠡᠢ᠃      1. ᠤᠯᠤᠰ ᠲᠦᠷᠦ ᠶᠢᠨ ᠪᠠᠶᠢᠭᠤᠯᠤᠯᠲᠠ ᠪᠠᠷ ᠤᠷᠤᠭᠰᠢᠯᠠᠯᠲᠠ ᠶᠢᠨ ᠴᠢᠭᠯᠡᠯ ᠢ ᠬᠥᠲᠥᠯᠥᠨ ᠳᠠᠭᠠᠭᠤᠯᠤᠨ᠎ᠠ᠃      2. ᠪᠢᠰᠢᠷᠡᠨ ᠬᠦᠨᠳᠦᠳᠬᠡᠬᠦ ᠰᠡᠳᠬᠢᠯᠭᠡ ᠪᠠᠷ ᠬᠠᠤᠯᠢᠵᠢᠯ ᠤᠨ ᠣᠶᠢᠯᠠᠭᠠᠭᠳᠠᠬᠤᠨ ᠢ ᠭᠦᠨ ᠦᠨᠳᠦᠰᠦᠯᠡᠭᠦᠯᠦᠨ᠎ᠡ᠃      3. ᠠᠷᠠᠳ ᠤᠨ ᠲᠥᠯᠦᠭᠡ ᠭᠡᠬᠦ ᠤᠭ ᠰᠠᠨᠠᠭ᠎ᠠ ᠪᠠᠨ ᠪᠠᠳᠤ ᠴᠡᠭᠡᠵᠢᠯᠡᠵᠦ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ᠎ᠡ᠃      4.ᠲᠡᠮᠡᠴᠡᠯ ᠤᠨ ᠵᠣᠷᠢᠭ ᠰᠠᠨᠠᠭ᠎ᠠ ᠪᠠᠷ ᠠᠵᠢᠯ ᠤᠨ ᠰᠤᠷᠲᠠᠯ ᠢᠶᠠᠨ ᠬᠤᠪᠢᠷᠠᠭᠤᠯᠤᠨ᠎ᠠ᠃       5.ᠢᠯᠡ ᠲᠣᠳᠣ ᠣᠪᠣᠷ ᠢᠶᠠᠷ ᠠᠷᠢᠭᠤᠨ ᠴᠢᠬᠡᠴᠢ ᠶᠢᠨ ᠬᠤᠷᠢᠭ᠎ᠠ ᠱᠤᠭᠤᠮ ᠢ ᠬᠢᠴᠢᠶᠡᠩᠭᠦ᠋ᠢᠯᠡᠨ ᠰᠠᠬᠢᠨ᠎ᠠ᠃   
        ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ